ᠵᠩ ᠺᠠᠢ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 19᠎ ᠤ ᠡᠳᠦᠷ᠂ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 49 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠣ ᠶᠡᠷᠦᠩᠬᠡᠢ ᠱᠦᠵᠢ ᠢᠢᠨ ᠣᠶᠢᠷ᠎ᠠ ᠶᠢᠨ ᠬᠤᠭᠤᠴᠠᠭᠠᠨ ᠣ ᠰᠢᠷᠢᠰ ᠴᠢᠬᠤᠯᠠ ᠶᠠᠷᠢᠶᠠᠨ ᠣ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠣ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠣᠨ ᠬᠡᠷᠡᠭᠵᠢᠭᠦᠯᠬᠦ ᠲᠥᠰᠥᠯ︾᠂ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠟ᠣ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠲᠣᠭᠲᠠᠴᠠ︾ ᠪᠣᠯᠣᠨ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠣ ︿ᠳᠤᠯᠠᠭᠠᠨ ᠣ ᠢᠨᠵᠧᠨᠧᠷᠢᠩ﹀ ᠣᠨ ᠬᠡᠷᠡᠭᠵᠢᠭᠦᠯᠬᠦ ᠲᠥᠰᠥᠯ︾ ᠵᠡᠷᠭᠡ ᠬᠤᠯᠪᠣᠭᠳᠠᠯ ᠪᠦᠬᠦᠢ ᠤᠴᠢᠷ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠣᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠣᠷᠣᠨ ᠤ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠯᠵᠢᠶᠠᠴᠢᠨ ᠤᠷᠢᠬᠤ᠂ ᠲᠦᠷᠦᠯ ᠵᠦᠢᠯ ᠢ ᠪᠠᠶᠢᠭᠤᠯᠬᠤ ᠶᠢ ᠠᠳᠬᠤᠵᠤ᠂ ᠨᠢᠭᠡ ᠪᠦᠯᠦᠭ ᠳᠠᠶᠢᠴᠢᠯᠠᠨ ᠳᠠᠭᠠᠭᠤᠯᠬᠤ ᠪᠠᠷ ᠴᠢᠩᠭ᠎ᠠ᠂ ᠨᠥᠭᠡᠴᠡ ᠬᠦᠴᠦᠨ ᠢᠶᠠᠷ ᠭᠦᠢᠴᠡᠳ ᠠᠵᠤ ᠠᠬᠤᠶᠢᠯᠠᠯ ᠤᠨ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠢᠨ᠎ᠡ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠡᠭᠦᠨ ᠤ ᠤᠯᠠᠮ ᠢᠶᠠᠷ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠢᠲᠡᠭᠡᠯ ᠠᠯᠳᠠᠬᠤ ᠠᠴᠠ ᠵᠢᠷᠦᠬᠡᠰᠢᠶᠡᠬᠦ᠂ ᠢᠲᠡᠭᠡᠯ ᠠᠯᠳᠠᠵᠤ ᠪᠣᠯᠬᠤ ᠦᠭᠡᠢ᠂ ᠢᠲᠡᠭᠡᠯ ᠠᠯᠳᠠᠬᠤ ᠶᠢ ᠪᠤᠳᠤᠬᠤ ᠦᠭᠡᠢ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠦᠨᠡᠨᠴᠢ ᠢᠲᠡᠭᠡᠮᠵᠢ ᠶᠢᠨ ᠳᠦᠷᠢ ᠲᠥᠷᠬᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠨ ᠪᠤᠢ ᠪᠣᠯᠭᠠᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠨᠡᠩ ᠤᠯᠠᠨ ᠬᠥᠮᠥᠨ ᠤ ᠦᠨᠡᠨᠴᠢ ᠢᠲᠡᠭᠡᠮᠵᠢ ᠲᠠᠢ ᠪᠠᠶᠢᠬᠤ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ︽ᠬᠠᠯᠠᠭᠤᠨ ᠳᠤᠯᠠᠭᠠᠨ ᠤ ᠢᠨᠵᠧᠨᠧᠷᠢᠩ︾ ᠎ ᠤᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠤᠯᠠᠨ ᠲᠦᠮᠡᠨ ᠬᠠᠨᠤᠮᠵᠢᠲᠠᠢ ᠪᠠᠶᠢᠬᠤ︾ᠵᠠᠷᠴᠢᠮ ᠶᠣᠰᠣᠭᠠᠷ᠂ ︽ᠠᠷᠠᠳ ᠤᠨ ᠠᠮᠢᠳᠤᠷᠠᠯ ᠤᠨ ᠨᠠᠷᠢᠨ ᠲᠠᠩᠰᠠ︾᠎ ᠶᠢ ᠤᠯᠠᠨ ᠲᠦᠮᠡᠨ ᠤ ︽ᠵᠣᠯ ᠵᠢᠷᠭᠠᠯ ᠤᠨ ᠲᠠᠩᠰᠠ︾ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号