ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠠᠢ
ᠨᠡᠶᠢᠲᠡᠯᠡᠭᠰᠡᠨ ᠴᠠᠭ᠄
2024/3/22
     ᠦᠨᠡᠨᠴᠢ ᠢᠲᠡᠭᠡᠮᠵᠢᠲᠡᠢ ᠪᠠᠶᠢᠬᠤ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠴᠢ ᠢᠲᠡᠭᠡᠮᠵᠢᠲᠡᠢ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠪᠦᠬᠦ      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠯᠬᠢᠨ ᠠᠬᠢᠭᠤᠯᠬᠤ ᠬᠤᠷᠠᠯ ᠢ ᠬᠤᠷᠠᠯᠳᠤᠭᠤᠯᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠥᠷᠪᠡᠨ ᠬᠦᠷᠢᠶ᠎ᠡ ᠴᠠᠷᠠᠭ᠎ᠠ ᠶᠢᠨ ᠲᠤᠰᠬᠠᠢ ᠵᠦᠢᠯ ᠢᠶᠠᠷ ᠲᠦᠯᠬᠢᠨ ᠠᠬᠢᠭᠤᠯᠬᠤ ᠳᠤᠭᠤᠶᠢᠯᠠᠩ ᠢ ᠪᠠᠶᠢᠭᠤᠯᠵᠤ᠂ ᠵᠠᠰᠠᠭ ᠤᠨ ᠣᠷᠳᠣᠨ  ᠎ ᠠᠴᠠ ᠨᠢᠭᠡᠳᠦᠯᠲᠡᠢ ᠤᠳᠤᠷᠢᠳᠬᠤ᠂ ᠡᠯ᠎ᠡ ᠳᠤᠭᠤᠶᠢᠯᠠᠩ ᠤᠨ ᠳᠠᠷᠤᠭ᠎ᠠ ᠨᠠᠷ ᠠᠵᠢᠯ ᠬᠤᠪᠢᠶᠠᠷᠢᠯᠠᠨ ᠬᠠᠷᠢᠭᠤᠴᠠᠬᠤ ᠶᠢ ᠬᠡᠷᠡᠭᠵᠢᠭᠦᠯᠦᠨ᠂ ᠡᠯ᠎ᠡ ᠰᠠᠯᠠᠭ᠎ᠠ ᠮᠥᠴᠢᠷ ᠨᠢᠭᠡᠴᠡ ᠶᠢ ᠵᠣᠬᠢᠴᠠᠭᠤᠯᠵᠤ᠂ ᠳᠡᠭᠡᠳᠦ ᠪᠠᠶᠢᠷᠢᠨ ᠳᠤ ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠥᠷᠨᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ ︽ᠪᠠᠶᠠᠨᠤᠪᠤᠭ᠎ᠠ ᠠᠭᠤᠷᠬᠠᠢ ᠶᠢᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾᠂ ︽ᠪᠠᠶᠠᠨᠤᠪᠤᠭ᠎ᠠ ᠠᠭᠤᠷᠬᠠᠢ ᠶᠢᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠣᠭᠲᠠᠴᠠ︾᠎ ᠶᠢ ᠲᠤᠰᠬᠠᠢ ᠰᠡᠳᠦᠪ ᠢᠶᠠᠷ ᠰᠤᠳᠤᠯᠵᠤ᠂ ᠠᠵᠢᠯ ᠤᠨ ᠬᠠᠷᠠᠯᠲᠠ ᠪᠠ ᠡᠭᠦᠷᠭᠡ ᠶᠢ ᠵᠠᠳᠠᠯᠵᠤ᠂ ᠠᠵᠢᠯ ᠤᠨ ᠲᠣᠭᠲᠠᠴᠠ ᠪᠠ ᠬᠠᠮᠢᠶ᠎ᠠ ᠪᠦᠬᠦᠢ ᠳᠦᠷᠢᠮ ᠢ ᠪᠠᠶᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃      ᠬᠤᠶᠠᠷ ᠲᠤ ᠢᠲᠡᠭᠡᠮᠵᠢ ᠶᠢᠨ ᠲᠡᠮᠳᠡᠭᠯᠡᠯ ᠢ ᠲᠡᠭᠦᠯᠳᠡᠷᠵᠢᠭᠦᠯᠵᠦ᠂ ᠱᠠᠩᠨᠠᠵᠤ ᠲᠣᠷᠭᠠᠬᠤ ᠶᠢ ᠵᠡᠷᠭᠡᠪᠡᠷ ᠠᠳᠬᠤᠬᠤ ᠶᠢ ᠬᠡᠷᠡᠭᠵᠢᠭᠦᠯᠦᠨ᠎ᠡ᠃ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠨᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ︽ᠢᠲᠡᠭᠡᠮᠵᠢ + ᠬᠥᠳᠡᠯᠮᠦᠷᠢ ᠶᠢᠨ ᠬᠢᠨᠠᠨ ᠪᠠᠶᠢᠴᠠᠭᠠᠯᠲᠠ︾᠎ ᠶᠢᠨ ᠪᠠᠶᠢᠭᠤᠯᠤᠯᠲᠠ ᠶᠢᠨ ᠠᠵᠢᠯ ᠳᠤ ᠲᠤᠯᠭᠠᠭᠤᠷᠢᠯᠠᠯ ᠬᠠᠩᠭᠠᠵᠤ᠂ ︽ᠬᠡᠨ ᠳᠠᠩᠰᠠᠯᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠥᠳᠡᠯᠮᠦᠷᠢ ᠶᠢᠨ ᠪᠠᠲᠤᠯᠠᠭ᠎ᠠ ᠶᠢᠨ ᠬᠦᠷᠢᠶᠡᠨ ᠳᠤ ᠬᠠᠤᠯᠢ ᠲᠣᠭᠲᠠᠭᠠᠯ  ᠎ ᠠᠴᠠ ᠵᠥᠷᠢᠴᠡᠭᠰᠡᠨ ᠪᠠ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠲᠠᠢ ᠬᠥᠮᠥᠨ ᠬᠡᠷᠡᠭᠯᠡᠬᠦ ᠨᠢᠭᠡᠴᠡ ᠳᠤ ᠬᠠᠤᠯᠢ ᠲᠣᠭᠲᠠᠭᠠᠯ ᠶᠣᠰᠣᠭᠠᠷ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠥᠷᠨᠢᠭᠦᠯᠦᠨ᠎ᠡ᠃ ᠣᠳᠣᠬᠠᠨ ᠳᠤ᠂ ᠲᠣᠰ ᠢᠲᠡᠭᠡᠮᠵᠢ ᠶᠢᠨ ᠰᠢᠰᠲ᠋ᠧᠮ ᠢ ᠬᠡᠷᠡᠭᠯᠡᠨ ᠭᠤᠣᠯᠳᠠᠯᠭ᠎ᠠ ᠲᠠᠢ ᠵᠦᠢᠯᠡᠰ ᠲᠤ ᠣᠷᠣᠭᠤᠯᠵᠤ᠂ ᠭᠤᠣᠯᠳᠠᠯᠭ᠎ᠠ ᠲᠠᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠨᠡᠶᠢᠲᠡ 27 ᠪᠠᠶᠢᠵᠤ᠂ ︽ᠴᠠᠯᠢᠩ ᠥᠯᠥ ᠥᠷᠢᠲᠦᠬᠦ︾ ᠠᠮᠠᠯᠠᠯᠲᠠ ᠶᠢᠨ ᠪᠢᠴᠢᠭ 27 ᠬᠤᠪᠢ ᠲᠣᠭᠲᠠᠵᠤ᠂ ᠠᠵᠤ ᠠᠬᠤᠶᠢᠯᠠᠯ ᠤᠨ ᠭᠦᠢᠴᠡᠳᠬᠡᠭᠰᠡᠨ ᠪᠠᠶᠢᠳᠠᠯ ᠢ ᠦᠨᠳᠦᠰᠦᠯᠡᠨ ᠲᠡᠭᠦᠨ ᠳᠤ ᠦᠨᠡᠨᠴᠢ ᠢᠲᠡᠭᠡᠮᠵᠢ ᠶᠢᠨ ᠲᠠᠰ ᠤᠨ ᠦᠨᠡᠯᠡᠯᠲᠡ ᠵᠢᠴᠢ ᠲᠥᠷᠥᠯ ᠬᠤᠪᠢᠶᠠᠨ ᠬᠢᠨᠠᠨ ᠬᠠᠮᠢᠶᠠᠷᠴᠤ᠂ ᠨᠠᠩ ᠲᠥᠪ ᠭᠤᠥᠯᠴᠢ ᠪᠠᠷ ᠥᠷᠢᠰᠦᠯᠳᠦᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠ ᠨᠠᠩ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠣᠶ ᠪᠣᠯᠭᠠᠨ᠎ᠠ᠃      ᠭᠤᠷᠪᠠ ᠳᠤ ︽ᠢᠲᠡᠭᠡᠮᠵᠢ + ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠰᠢᠰᠲ᠋ᠧᠮ︾᠎ ᠳᠤ ᠲᠦᠰᠢᠭᠯᠡᠨ᠂ ᠠᠵᠤ ᠠᠬᠤᠶᠢᠯᠠᠯ ᠤᠨ ᠢᠲᠡᠭᠡᠮᠵᠢ ᠶᠢᠨ ︽ᠠᠮᠠᠯᠠᠯᠲᠠ ᠶᠢᠨ ᠳᠦᠷᠢᠮ︾᠎ ᠢ ᠬᠡᠷᠡᠭᠵᠢᠭᠦᠯᠦᠨ᠎ᠡ᠃ ᠪᠥᠬᠦ ᠣᠷᠣᠨ ᠤ ᠠᠵᠢᠯ ᠡᠬᠢᠯᠡᠭᠦᠯᠬᠦ ᠲᠥᠷᠥᠯ ᠵᠦᠢᠯ ᠢ ᠪᠦᠬᠦᠨ ᠢ ︽ᠴᠠᠯᠢᠩ ᠥᠷᠢᠲᠦᠬᠦ ᠦᠭᠡᠢ︾ ᠠᠮᠠᠯᠠᠯᠲᠠ ᠶᠢᠨ ᠬᠡᠪᠴᠢᠶᠡᠨ ᠳᠤ ᠣᠷᠣᠭᠤᠯᠵᠤ᠂ ᠠᠵᠤ ᠠᠬᠤᠶᠢᠯᠠᠯ ᠢ ᠠᠵᠢᠯᠴᠢᠨ ᠬᠡᠷᠡᠭᠯᠡᠬᠦ ᠵᠢᠷᠤᠮᠵᠢᠯ ᠳᠤ ᠠᠮᠠᠯᠠᠯᠲᠠ ᠬᠢᠯᠭᠡᠬᠦ ᠪᠠᠷ ᠱᠠᠭᠠᠷᠳᠠᠬᠤ ᠬᠡᠷᠡᠭᠲᠡᠢ᠃ ᠡᠭᠦᠨ ᠤ ᠵᠡᠷᠭᠡ ᠳᠤ ᠠᠵᠤ ᠠᠬᠤᠶᠢᠯᠠᠯ ᠳᠤ ᠦᠨᠡᠨᠴᠢ ᠢᠲᠡᠭᠡᠮᠵᠢ ᠶᠢᠨ ᠰᠠᠨᠠᠭᠤᠯᠤᠮᠵᠢ ᠭᠠᠷᠭᠠᠬᠤ᠂ ᠦᠨᠡᠨᠴᠢ ᠢᠲᠡᠭᠡᠮᠵᠢ ᠶᠢᠨ ᠰᠠᠨᠠᠭᠤᠯᠤᠮᠵᠢ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠬᠥᠳᠡᠯᠮᠦᠷᠢ ᠶᠢᠨ ᠪᠠᠲᠤᠯᠠᠭ᠎ᠠ ᠶᠢᠨ ᠲᠠᠯ᠎ᠠ ᠪᠠᠷ ᠬᠦᠨᠳᠦ ᠨᠣᠴᠢᠲᠠᠢ ᠢᠲᠡᠭᠡᠯ ᠠᠯᠳᠠᠭᠰᠠᠨ ᠦᠶᠯᠡ ᠠᠵᠢᠯᠯᠠᠭ᠎ᠠ ᠪᠠ ᠬᠥᠳᠡᠯᠮᠦᠷᠢ ᠶᠢᠨ ᠪᠠᠲᠤᠯᠠᠭ᠎ᠠ ᠶᠢᠨ ᠲᠠᠯ᠎ᠠ ᠪᠠᠷ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠭᠦᠨᠵᠡᠭᠡᠢ ᠤᠬᠠᠭᠤᠯᠵᠤ᠂ ᠬᠥᠮᠥᠨ ᠬᠡᠷᠡᠭᠯᠡᠬᠦ ᠨᠢᠭᠡᠴᠡ ᠶᠢᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢᠲᠡᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃      ᠳᠥᠷᠪᠡ ᠳ᠋ᠦ‌ᠤᠬᠠᠭᠤᠯᠤᠨ‌‍ᠬᠥ᠋ᠲᠥᠯᠥᠨ ᠵᠢᠯᠤᠭᠤᠳᠬᠤ ᠶᠢ ᠴᠢᠬᠤᠯᠠᠴᠢᠯᠠᠵᠤ᠂ ᠢᠲᠡᠭᠡᠮᠵᠢ ᠲᠠᠢ ᠪᠠᠶᠢᠬᠤ ᠬᠥᠮᠦᠵᠢᠯ ᠢ ᠥᠷᠨᠢᠭᠦᠯᠦᠨ᠎ᠡ᠃ ︽ᠪᠠᠶᠠᠨ᠋ᠣ᠋ᠪᠣᠭ᠎ᠠ ᠨᠡᠶᠢᠲᠡᠯᠡᠭᠰᠡᠨ︾ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠤᠨ ᠲᠤᠰᠬᠠᠢ ᠪᠤᠯᠤᠩ ᠳᠤ ᠭᠤᠷᠪᠠᠨ ᠳᠡᠰ ᠤᠨ ᠢᠲᠡᠭᠡᠮᠵᠢ ᠶᠢᠨ ᠢᠨᠵᠧᠨᠧᠷᠢᠩ ᠤᠨ ᠲᠤᠬᠠᠢ ᠵᠢᠷᠤᠭ ᠦᠰᠦᠭ ᠤᠨ ᠮᠡᠳᠡᠭᠡ ᠵᠠᠩᠭᠢ ᠶᠢ ᠰᠢᠯᠵᠢᠭᠦᠯᠦᠨ ᠨᠡᠶᠢᠲᠡᠯᠡᠵᠦ᠂ ︽ᠦᠨᠡᠨᠴᠢ ᠢᠲᠡᠭᠡᠮᠵᠢ ᠶᠢᠨ ᠴᠠᠭᠠᠨ ᠡᠭᠦᠯᠡ︾᠎ ᠶᠢ ᠬᠠᠮᠲᠤᠪᠠᠷ ᠡᠭᠦᠳᠬᠦ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠪᠡ᠃ ︽3·15 ᠎ ᠤ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠠᠵᠢᠯᠯᠠᠭ᠎ᠠ︾᠎ ᠪᠠᠷ ᠠᠵᠠ ᠲᠣᠬᠢᠶᠠᠯ ᠪᠣᠯᠭᠠᠵᠤ᠂ ᠢᠲᠡᠭᠡᠮᠵᠢ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠢᠲᠡᠭᠡᠮᠵᠢ ᠶᠢᠨ ᠰᠣᠶᠣᠯ ᠤᠨ ᠤᠬᠠᠭᠤᠯᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠶᠢ ᠬᠡᠷᠡᠭᠯᠡᠵᠦ᠂ ᠬᠡᠷᠬᠢᠨ ᠶᠣᠰᠣ ᠰᠤᠷᠲᠠᠬᠤᠨ ᠢ ᠡᠷᠬᠢᠮᠯᠡᠵᠦ᠂ ᠦᠨᠡᠨᠴᠢ ᠢᠲᠡᠭᠡᠮᠵᠢ ᠲᠠᠢ ᠪᠠᠶᠢᠵᠤ᠂ ᠦᠨᠡᠨᠴᠢ ᠢᠲᠡᠭᠡᠮᠵᠢ ᠲᠠᠢ ᠦᠢᠯᠡᠳᠦᠯᠭᠡᠵᠢᠭᠦᠯᠦᠭᠴᠢ ᠪᠣᠯᠵᠤ᠂ ᠦᠨᠡᠨᠴᠢ ᠢᠲᠡᠭᠡᠮᠵᠢᠲᠡᠢ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ᠃      ᠬᠥᠮᠥᠨ ᠢᠲᠡᠭᠡᠯ ᠦᠭᠡᠢ ᠪᠣᠯ ᠪᠦᠲᠦᠵᠦ ᠴᠢᠳᠠᠬᠤ ᠦᠭᠡᠢ᠂ ᠦᠢᠯᠡᠰ ᠢᠲᠡᠭᠡᠯ ᠦᠭᠡᠢ ᠪᠣᠯ ᠬᠥᠭᠵᠢᠵᠦ ᠴᠢᠳᠠᠬᠤ ᠦᠭᠡᠢ᠂ ᠤᠯᠤᠰ ᠢᠲᠡᠭᠡᠯ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠵᠡᠷᠭᠡ ᠲᠦᠷᠪᠡᠨ ᠳᠤᠭᠤᠶᠢᠯᠠᠩ ᠤᠨ ᠠᠵᠢᠯ ᠢᠶᠠᠨ ᠬᠤᠪᠢᠶᠠᠷᠢᠯᠠᠨ ᠵᠡᠷᠭᠡᠪᠡᠷ ᠠᠬᠢᠭᠤᠯᠬᠤ ᠶᠢ ᠪᠦᠲᠦᠮᠵᠢᠲᠡᠢ ᠠᠬᠢᠭᠤᠯᠵᠤ᠂ ᠦᠨᠡᠨᠴᠢ ᠢᠲᠡᠭᠡᠮᠵᠢᠲᠡᠢ ᠪᠠᠢ ᠶᠦᠨ ᠤ ᠦᠯᠢᠭᠡᠷ ᠢ ᠦᠨᠡᠨᠬᠦ ᠰᠠᠶᠢᠲᠤᠷ ᠶᠠᠷᠢᠵᠤ᠂ ᠭᠦᠢᠴᠡᠳ ᠶᠠᠷᠢᠵᠤ᠂ ᠭᠤᠶᠢᠳᠠ ᠰᠠᠶᠢᠬᠠᠨ ᠶᠠᠷᠢᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号