ᠸᠠᠩ ᠯᠢᠩ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/25
     3 ᠰᠠᠷ᠎ᠠ ᠶᠢᠨ 22᠎ ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠯᠢᠩ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠡᡁᠸ ᠱᠧᠩ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢᠦ ᠬᠠᠢ ᠶᠠᠨ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠯᠢ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
     ᠸᠠᠩ ᠯᠢᠩ ᠤᠷᠢᠳ ᠬᠤᠵᠢᠳ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠦᠵᠡᠭᠦᠯᠦᠯᠭᠡ ᠶᠢᠨ ᠣᠷᠳᠣᠨ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠪᠠᠶ᠋ᠬᠠᠠᠤᠪᠤᠭ᠎ᠠ ᠲᠡᠮᠦᠷ ᠤᠨ ᠠᠭᠤᠷᠬᠠᠢ ᠶᠢᠨ ᠬᠤᠪᠢᠰᠬᠠᠯ ᠤᠨ ᠳᠤᠷᠠᠰᠤᠮᠵᠢ ᠶᠢᠨ ᠣᠷᠳᠣᠨ᠂ ᠪᠣᠣᠱᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠬᠦᠷᠴᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠳᠤ᠂ ᠸᠠᠩ ᠯᠢᠩ ᠪᠣᠳᠠᠲᠤ ᠶᠠᠭᠤᠮ᠎ᠠ᠂ ᠵᠢᠷᠤᠭ᠂ ᠸᠢᠳᠢᠤ᠋ ᠵᠡᠷᠭᠡ ᠶᠢᠨ ᠳᠡᠯᠭᠡᠨ ᠦᠵᠡᠭᠦᠯᠬᠦ ᠠᠭᠤᠯᠭ᠎ᠠ ᠶᠢ ᠨᠠᠷᠢᠨ ᠠᠵᠢᠭᠯᠠᠵᠤ᠂ ᠦᠵᠡᠭᠦᠯᠦᠯᠭᠡ ᠶᠢᠨ ᠣᠷᠳᠣᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠥᠷᠨᠢᠭᠦᠯᠦᠭᠰᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠠᠬᠢᠵᠢᠭᠦᠯᠦᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠡᠭᠦᠰᠦᠭᠰᠡᠨ ᠭᠠᠵᠠᠷ ᠪᠣᠯᠤᠭᠰᠠᠨ ᠤ ᠬᠤᠪᠢ ᠳᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠡᠨᠡᠬᠦ ᠦᠵᠡᠰᠬᠦᠯᠡᠩ ᠤᠨ ᠣᠷᠳᠣᠨ ᠤ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠤ ᠴᠢᠬᠤᠯᠠ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠦᠵᠡᠰᠬᠦᠯᠡᠩ ᠤᠨ ᠠᠭᠤᠯᠭ᠎ᠠ ᠶᠢ ᠴᠢᠨᠠᠭᠰᠢᠳᠠ ᠪᠠᠶᠠᠯᠢᠭᠵᠢᠭᠤᠯᠵᠤ᠂ ᠳᠡᠯᠭᠡᠨ ᠦᠵᠡᠭᠦᠯᠬᠦ ᠲᠦᠪᠰᠢᠨ ᠢ ᠳᠡᠭᠡᠭᠰᠢᠯᠡᠭᠦᠯᠵᠦ᠂ ᠳᠡᠯᠭᠡᠨ ᠦᠵᠡᠭᠦᠯᠬᠦ ᠬᠡᠯᠪᠡᠷᠢ ᠶᠢ ᠥᠷᠭᠡᠳᠬᠡᠵᠦ᠂ ᠪᠠᠭᠠᠲᠤᠷᠴᠤᠳ ᠤᠨ ᠦᠯᠢᠭᠡᠷ ᠢ ᠠᠮᠢᠳᠤᠯᠢᠭ ᠢᠶᠠᠷ ᠰᠠᠶᠢᠲᠤᠷ ᠶᠠᠷᠢᠵᠤ᠂ ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠪᠢᠰᠬᠠᠯᠲᠤ ᠰᠤᠳᠠᠰᠤ ᠶᠢ ᠦᠷᠭᠦᠯᠵᠢᠯᠡᠭᠦᠯᠵᠦ᠂ ᠨᠡᠶᠢᠲᠡᠴᠢ ᠦᠵᠡᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ᠂ ᠸᠠᠩ ᠯᠢᠩ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠠᠬᠢᠭᠤᠯᠬᠤ ᠶᠢ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠲᠠᠢ ᠤᠶᠠᠯᠳᠤᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠲᠥᠪᠯᠡᠷᠡᠭᠦᠯᠵᠦ᠂ ᠤᠶᠤᠨ ᠤ ᠰᠣᠶᠣᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠡᠯ᠎ᠡ ᠲᠦᠷᠦᠯ ᠤᠨ ᠭᠤᠣᠯ ᠰᠡᠳᠦᠪᠲᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠣᠯᠪᠠᠰᠤᠨ ᠤ ᠦᠢᠯᠡᠳᠦᠯᠭᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠣᠯᠪᠠᠰᠤᠨ ᠢ ᠪᠣᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠤᠷᠰᠢᠯᠭ᠎ᠠ ᠪᠠᠨ ᠴᠢᠨᠠᠭᠰᠢᠳᠠ ᠳ᠋ᠦᠩᠨᠡᠵᠦ᠂ ᠰᠣᠳᠣᠨ ᠪᠦᠲᠦᠭᠡᠯ ᠭᠠᠷᠭᠠᠵᠤ᠂ ᠨᠢᠭᠡ ᠪᠦᠯᠦᠭ ᠭᠤᠣᠯ ᠰᠡᠳᠦᠪ ᠢᠯᠡ ᠲᠣᠳᠣ᠂ ᠥᠪᠡᠷᠮᠢᠴᠡ ᠣᠨᠴᠠᠯᠢᠭ ᠲᠠᠢ᠂ ᠤᠯᠠᠨ ᠲᠦᠮᠡᠨ ᠤ ᠳᠤᠷ᠎ᠠ ᠪᠠᠬ᠎ᠠ ᠶᠢ ᠲᠠᠲᠠᠭᠰᠠᠨ ᠥᠪᠡᠷᠮᠢᠴᠡ ᠣᠨᠴᠠᠯᠢᠭ ᠲᠠᠢ ᠲᠦᠷᠦᠯ ᠲᠡᠮᠳᠡᠭ ᠢ ᠡᠭᠦᠳᠬᠦ ᠬᠡᠷᠡᠭᠲᠡᠢ᠃      ︽ᠡᠳᠡᠭᠡᠷ ᠡᠳᠦᠷ ᠤᠳ ᠲᠤ ᠦᠢᠯᠡᠳᠪᠦᠷᠢᠯᠡᠯ ᠤᠨ ᠱᠤᠭᠤᠮ ᠬᠦᠢᠲᠡᠨ ᠦᠸ ᠦᠭᠡᠢ ᠦᠸ ᠠᠵᠢᠯ ᠤᠨ ᠴᠢᠯᠦᠭᠡ ᠵᠠᠪ ᠢᠶᠠᠷ ᠢᠶᠠᠨ ᠶᠠᠮᠠᠷ ᠶᠠᠮᠠᠷ ᠰᠣᠶᠣᠯ ᠤᠷᠠᠯᠢᠭ ᠤᠨ ᠠᠵᠢᠯᠯᠠᠭ᠎ᠠ ᠳᠤ ᠣᠷᠣᠯᠴᠠᠬᠤ ᠪᠤᠶ︾ ᠪᠠᠶᠠᠨ᠋ᠣ᠋ᠪᠣᠭ᠎ᠠ ᠎ ᠶᠢᠨ ᠲᠡᠮᠦᠷ ᠤᠨ ᠠᠭᠤᠷᠬᠠᠢ ᠶᠢᠨ ᠤᠯᠠᠭᠠᠨ ᠥᠩᠭᠡ ᠶᠢᠨ ᠴᠡᠭᠡᠵᠢᠯᠡᠬᠦᠢ ᠶᠢᠨ ᠣᠷᠳᠣᠨ ᠳᠤ᠂ ᠸᠠᠩ ᠯᠢᠩ ᠠᠭᠤᠷᠬᠠᠢ ᠶᠢᠨ ᠠᠵᠢᠯᠴᠢᠨ ᠪᠠᠭᠰᠢ ᠨᠠᠷ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠸᠠᠩ ᠯᠢᠩ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠲᠡᠷᠢᠭᠦᠨ ᠤ ᠰᠣᠶᠣᠯ ᠢ ᠠᠵᠤ ᠠᠬᠤᠶᠢᠯᠠᠯ ᠤᠨ ᠦᠷᠭᠦᠯᠵᠢᠯᠡᠬᠦ ᠬᠥᠭᠵᠢᠯᠲᠡ ᠶᠢᠨ ᠰᠢᠷᠭᠢᠰᠢ ᠦᠭᠡᠢ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠴᠢᠨᠠᠭᠰᠢᠳᠠ ᠰᠠᠶᠢᠲᠤᠷ ᠠᠰᠢᠭᠯᠠᠵᠤ᠂ ᠬᠤᠪᠢᠰᠬᠠᠯ ᠤᠨ ᠭᠦ᠋ᠨ ᠢ ᠤᠯᠠᠮᠵᠢᠯᠠᠵᠤ᠂ ᠤᠷᠠᠨ ᠳᠠᠷᠬᠠᠨ ᠤ ᠵᠣᠷᠢᠭ ᠰᠠᠨᠠᠭ᠎ᠠ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠨ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠦᠲᠦᠭᠡᠨ ᠪᠠᠶᠢᠭᠤᠯᠬᠤ︾ᠲᠡᠦᠬᠡ ᠶᠢᠨ ᠰᠠᠶᠢᠬᠠᠨ ᠳᠠᠭᠤᠷᠢᠰᠬᠠᠯ ᠤᠨ ᠰᠢᠨ᠎ᠡ ᠴᠠᠭ ᠦᠶ᠎ᠡ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠪᠣᠣᠱᠠᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠢᠷᠡᠵᠤ᠂ ᠤᠯᠠᠨ ᠲᠦᠮᠡᠨ ᠰᠣᠶᠣᠯ ᠲᠠᠮᠢᠷ ᠤᠨ ᠳᠠᠰᠤᠭ ᠲᠤ ᠠᠵᠢᠯᠯᠠᠭ᠎ᠠ ᠬᠢᠵᠦ ᠪᠠᠶᠢᠬᠤ ᠶᠢ ᠣᠯᠵᠤ ᠬᠠᠷᠠᠭᠠᠳ᠂ ᠸᠠᠩ ᠯᠢᠩ ᠲᠡᠳᠡᠨ ᠲᠠᠢ ᠬᠠᠯᠠᠭᠤᠮᠰᠤᠭ ᠢᠶᠠᠷ ᠶᠠᠷᠢᠯᠴᠠᠵᠤ ᠡᠬᠢᠯᠡᠪᠡ᠃ ᠸᠠᠩ ᠯᠢᠩ᠂ ᠨᠡᠶᠢᠭᠡᠮ ᠲᠣᠭᠤᠷᠢᠭ ᠨᠢ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠠᠴᠠ ᠠᠷᠭ᠎ᠠ ᠪᠣᠳᠣᠯᠭ᠎ᠠ ᠶᠢ ᠠᠰᠠᠭᠤᠬᠤ᠂ ᠠᠷᠠᠳ ᠲᠦᠮᠡᠨ ᠠᠴᠠ ᠬᠡᠷᠡᠭᠴᠡᠭᠡ ᠶᠢ ᠠᠰᠠᠭᠤᠬᠤ᠂ ᠠᠷᠠᠳ ᠲᠦᠮᠡᠨ ᠠᠴᠠ ᠵᠠᠰᠠᠭ ᠤᠨ ᠶᠠᠪᠤᠳᠠᠯ ᠢ ᠠᠰᠠᠭᠤᠬᠤ ᠶᠢ ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠤᠯᠠᠨ ᠲᠦᠮᠡᠨ ᠢ ᠨᠡᠩ ᠰᠠᠶᠢᠲᠤᠷ ᠬᠥᠮᠥᠵᠢᠭᠦᠯᠵᠦ᠂ ᠤᠯᠠᠨ ᠲᠦᠮᠡᠨ ᠢ ᠨᠢᠭᠲᠠᠷᠠᠭᠤᠯᠵᠤ᠂ ᠤᠯᠠᠨ ᠲᠦᠮᠡᠨ ᠢ ᠨᠡᠩ ᠰᠠᠶᠢᠲᠤᠷ ᠬᠥᠲᠥᠯᠥᠨ ᠳᠠᠭᠠᠭᠤᠯᠬᠤ ᠬᠡᠷᠡᠭᠲᠡᠢ᠃ ᠵᠢᠷᠤᠮᠵᠢᠭᠰᠠᠨ᠂ ᠪᠠᠷᠢᠮᠵᠢᠶᠠᠵᠢᠭᠰᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠪᠣᠶ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠪᠣᠯᠪᠠᠰᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠵᠦ᠂ ᠪᠣᠳᠠᠲᠠᠶᠢᠵᠢᠭᠤᠯᠵᠤ᠂ ᠨᠠᠷᠢᠯᠢᠭ ᠬᠢᠵᠦ᠂ ᠣᠯᠠᠨ ᠲᠦᠮᠡᠨ ᠳᠤ ᠨᠠᠩ ᠣᠯᠠᠨ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ᠂ ᠰᠡᠷᠡᠭᠳᠡᠯ ᠲᠠᠢ ᠰᠢᠨ᠎ᠡ ᠬᠤᠪᠢᠷᠠᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃      ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠯᠢ ᠬᠠᠢ ᠯᠢᠶᠠᠩ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号