ᠰᠢᠩ ᠺᠠᠢ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27᠎ ᠤ ᠡᠳᠦᠷ᠂ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 50 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2023 ᠣᠨ ᠤ ᠪᠡᠯᠡ ᠮᠥᠩᠭᠦ ᠲᠡᠮᠡᠴᠡᠨ ᠣᠯᠣᠭᠰᠠᠨ ᠪᠠᠶᠢᠳᠠᠯ ᠢ ᠰᠣᠨᠣᠰᠴᠤ᠂︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠬᠤ ᠲᠥᠰᠥᠯ ︵ᠬᠢᠨᠠᠨ ᠵᠥᠪᠯᠡᠬᠦ ᠨᠣᠣᠷᠠᠭ︶︾ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠣᠷᠣᠨ ᠤ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨ ᠠᠮᠤ ᠪᠤᠳᠠᠭᠠᠨ ᠤ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠪᠤᠷᠢ ᠶᠢᠨ ᠰᠢᠰᠲ᠋ᠥᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠷᠬᠢᠮ ᠨᠠᠨᠳᠢᠨ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯ ᠤᠨ ᠤᠯᠠᠮᠵᠢᠯᠠᠯ ᠢ ᠰᠠᠶᠢᠲᠤᠷ ᠪᠠᠳᠠᠷᠠᠭᠤᠯᠵᠤ᠂ ᠬᠤᠳᠠ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠨᠡᠩ ᠰᠠᠶᠢᠲᠤᠷ ᠢᠯᠡᠷᠡᠭᠦᠯᠵᠦ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠲᠠᠰᠤᠷᠠᠯᠳᠠ ᠦᠭᠡᠢ ᠨᠢᠭᠲᠠᠷᠠᠭᠤᠯᠬᠤ ᠬᠡᠷᠡᠭᠲᠡᠢ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠣᠶ ᠪᠣᠯᠭᠠᠵᠤ᠂ ︽ᠭᠤᠷᠪᠠ ᠶᠢ ᠲᠡᠮᠡᠴᠡᠨ ᠣᠯᠬᠤ︾ ᠠᠵᠢᠯ ᠢ ᠰᠠᠶᠢᠲᠤᠷ ᠬᠢᠵᠦ᠂ ᠨᠠᠩ ᠣᠯᠠᠨ ᠪᠡᠯᠡ ᠮᠥᠩᠭᠦ᠂ ᠨᠠᠩ ᠰᠢᠯᠢᠳᠡᠭ ᠲᠥᠷᠥ ᠶᠢᠨ ᠪᠣᠳᠣᠯᠭ᠎ᠠ᠂ ᠨᠠᠩ ᠣᠯᠠᠨ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠦᠨ ᠮᠠᠨ ᠤ ᠣᠷᠣᠨ ᠳᠤ ᠡᠷᠦᠬᠡ ᠠᠮᠠ ᠣᠷᠣᠭᠤᠯᠵᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠠᠰᠠᠬᠤ ᠬᠠᠮᠢᠶᠠᠷᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠦᠨᠡᠨᠬᠦ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠰᠢᠰᠲ᠋ᠥᠮᠳᠦ ᠴᠢᠨᠠᠷ᠂ ᠦᠷ᠎ᠡ ᠪᠦᠲᠦᠮᠵᠢᠲᠦ ᠴᠢᠨᠠᠷ᠂ ᠤᠷᠳᠤ ᠬᠤᠭᠤᠴᠠᠭᠠᠨ ᠤ ᠪᠦᠲᠦᠮᠵᠢᠲᠡᠢ ᠴᠢᠨᠠᠷ ᠢ ᠪᠠᠲᠤᠯᠠᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号