ᠪᠠᠶᠠᠨ᠋ᠣ᠋ᠪᠣᠭ᠎ᠠ ᠠᠭᠤᠷᠬᠠᠢ ᠶᠢᠨ ᠣᠷᠣᠨ᠄ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2024/3/4
     2024 ᠣᠨ ᠤ ᠭᠤᠣᠯᠳᠠᠯᠭ᠎ᠠ  ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ  ᠶᠢ ᠪᠦᠬᠦ ᠲᠠᠯ᠎ᠠ  ᠪᠠᠷ ᠲᠦᠷᠭᠡᠳᠬᠡᠬᠦ ᠶᠢᠨ ᠲᠥᠯᠥᠭᠡ᠂ ᠮᠠᠨ ᠤ ᠣᠷᠣᠨ ᠤ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠵᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠡᠨᠡ ᠵᠢᠯ ᠤᠨ ᠦᠷᠭᠦᠯᠵᠢᠯᠡᠨ ᠪᠠᠶᠢᠭᠤᠯᠬᠤ ᠲᠥᠷᠥᠯ ᠵᠦᠢᠯ  ᠎ ᠢ 3 ᠰᠠᠷ᠎ᠠ  ᠎ ᠶᠢᠨ ᠰᠡᠭᠦᠯᠴᠢ ᠪᠠᠷ ᠪᠦᠬᠦᠨ  ᠎ ᠢᠶᠠᠷ ᠨᠢ ᠡᠬᠢᠯᠡᠭᠦᠯᠦᠨ ᠰᠡᠷᠭᠦᠭᠡᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ  ᠎ ᠢ 3 ᠰᠠᠷ᠎ᠠ  ᠎ ᠶᠢᠨ ᠰᠡᠭᠦᠯᠴᠢ ᠪᠠᠷ ᠭᠦᠢᠴᠡᠳᠬᠡᠵᠦ ᠳᠠᠭᠤᠰᠬᠠᠨ᠎ᠠ᠃ 4 ᠰᠠᠷ᠎ᠠ ᠶᠢᠨ ᠰᠡᠭᠦᠯᠴᠢ ᠪᠠᠷ ᠪᠦᠬᠦᠨ ᠢ ᠠᠵᠢᠯ ︽ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠬᠦ︾᠎ ᠶᠢ ᠪᠡᠶᠡᠯᠡᠭᠦᠯᠵᠦ᠂ ᠲᠥᠷᠥᠯ ᠵᠦᠢᠯ ᠢ ᠡᠷᠲᠡ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ  ᠶᠢ ᠠᠬᠢᠭᠤᠯᠵᠤ᠂ ᠮᠠᠨ ᠤ ᠣᠷᠣᠨ ᠭᠤᠣᠯᠳᠠᠯᠭ᠎ᠠ  ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠦᠨ᠂ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠢᠶᠠᠷ ᠲᠠᠰᠤᠷᠠᠯᠲᠠ ᠦᠭᠡᠢ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠪᠥᠬᠦ ᠲᠠᠯ᠎ᠠ ᠪᠠᠷ ᠠᠬᠢᠭᠤᠯᠵᠤ᠂ ᠰᠢᠯᠭᠠᠷᠠᠭᠰᠠᠨ ᠬᠢᠨᠠᠨ ᠵᠥᠪᠰᠢᠶᠡᠷᠡᠬᠦ ᠦᠢᠯᠡᠴᠢᠯᠡᠭᠡ ᠪᠠᠷ ︽ᠪᠠᠢ ᠶᠦᠨ ᠬᠠᠨᠤᠮᠵᠢᠲᠠᠶ︾ ᠠᠯᠲᠠᠨ ᠦᠰᠦᠭᠲᠦ ᠫᠠᠶᠢᠰᠠ ᠶᠢ ᠪᠣᠶ ᠪᠣᠯᠭᠠᠵᠤ᠂ ᠮᠠᠨ ᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠬᠦ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠬᠤᠷᠠᠮᠳᠤᠭᠤᠯᠤᠨ ᠬᠦᠴᠦᠨ ᠴᠢᠳᠠᠯ ᠢ ᠨᠡᠮᠡᠭᠳᠡᠭᠦᠯᠦᠨ᠎ᠡ᠃      ᠰᠠᠨᠠᠭᠠᠴᠢᠯᠠᠭ᠎ᠠ  ᠎ ᠠᠴᠠ ᠪᠠᠨ ᠵᠣᠯᠭᠠᠭᠤᠯᠵᠤ᠂ ᠤᠷᠢᠳᠴᠢᠯᠠᠨ ᠣᠷᠣᠯᠴᠠᠬᠤ ᠬᠡᠷᠡᠭᠲᠡᠢ᠃ ᠨᠢᠭᠡᠳᠦᠭᠡᠷ ᠤᠯᠠᠷᠢᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠬᠦ ᠬᠠᠯᠠᠭᠤᠨ ᠥᠷᠨᠢᠯᠲᠡ ᠲᠠᠢ ᠤᠶᠠᠯᠳᠤᠭᠤᠯᠤᠨ᠂ ᠰᠠᠨᠠᠭᠠᠴᠢᠯᠠᠭ᠎ᠠ  ᠎ ᠠᠴᠠ ᠪᠠᠨ ᠵᠣᠯᠭᠠᠭᠤᠯᠵᠤ᠂ ᠤᠷᠢᠳᠴᠢᠯᠠᠨ ᠣᠷᠣᠯᠴᠠᠵᠤ᠂ ᠤᠷᠢᠳᠴᠢᠯᠠᠨ ᠲᠥᠯᠥᠪᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠵᠢᠴᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠳᠤ ᠬᠤᠯᠪᠣᠭᠳᠠᠬᠤ ᠬᠢᠨᠠᠨ ᠵᠥᠪᠰᠢᠶᠡᠷᠡᠬᠦ ᠵᠦᠢᠯᠡᠰ ᠢ ᠡᠮᠬᠢᠯᠡᠨ ᠳᠢᠭᠯᠡᠵᠦ᠂ ᠲᠥᠷᠥᠯ ᠵᠦᠢᠯ ᠤᠨ ᠣᠨᠴᠠᠯᠢᠭ ᠢ ᠦᠨᠳᠦᠰᠦᠯᠡᠨ ᠬᠡᠷᠡᠭ ᠤᠨ ᠡᠮᠦᠨᠡᠬᠢ ᠬᠠᠨᠳᠤᠯᠭᠠᠲᠤ ᠴᠢᠨᠠᠷᠲᠠᠢ ᠬᠠᠪᠰᠤᠷᠤᠨ ᠵᠢᠯᠣᠭᠤᠳᠤᠯᠭ᠎ᠠ ᠬᠠᠩᠭᠠᠨ᠎ᠠ᠃ ᠡᠭᠦᠨ ᠤ ᠬᠠᠮᠲᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠤᠰᠬᠠᠢ ᠠᠩᠭᠢ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠨᠢᠭᠡᠴᠡ ᠯᠦᠭᠡ ᠨᠡᠪᠲᠡᠷᠡᠯᠴᠡᠨ ᠵᠣᠯᠭᠠᠭᠤᠯᠵᠤ᠂ ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ ᠲᠣᠬᠢᠷᠠᠭᠤᠯᠬᠤ ᠬᠤᠷᠠᠯ ᠢ 10 ᠭᠠᠷᠤᠢ ᠤᠳᠠᠭ᠎ᠠ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠠᠵᠢᠯ ᠤᠨ ᠠᠷᠭ᠎ᠠ ᠬᠡᠮᠵᠢᠶ᠎ᠡ ᠪᠠ ᠠᠷᠭᠠᠴᠠᠬᠤ ᠪᠣᠳᠣᠯᠭ᠎ᠠ ᠶᠢ ᠴᠠᠭ ᠲᠤᠬᠠᠢ ᠳᠤᠨᠢ ᠲᠣᠭᠲᠠᠭᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠤᠴᠢᠷ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠮᠠᠨ ᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠤᠷᠤᠭᠰᠢᠲᠠᠢ ᠠᠵᠢᠯ ᠡᠬᠢᠯᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃      ᠲᠣᠭᠲᠠᠴᠠ ᠶᠢᠨ ᠰᠢᠨ᠎ᠡ ᠶᠢ ᠡᠭᠦᠳᠴᠦ᠂ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠨ᠎ᠡ᠃ ︽ᠨᠢᠭᠡ ᠲᠥᠷᠥᠯ ᠵᠦᠢᠯ ᠨᠢᠭᠡ ᠨᠠᠷᠢᠨ ᠳᠠᠩᠰᠠ︾ ︽ᠨᠢᠭᠡ ᠲᠥᠷᠥᠯ ᠵᠦᠢᠯ ᠨᠢᠭᠡ ᠲᠥᠷᠥ ᠶᠢᠨ ᠪᠣᠳᠣᠯᠭ᠎ᠠ︾᠎ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠤᠨ ᠲᠣᠭᠲᠠᠴᠠ  ᠶᠢ ᠲᠤᠤᠱᠯᠠᠭᠤᠯᠤᠨ ᠬᠡᠷᠡᠭᠵᠢᠭᠦᠯᠵᠦ᠂ ᠨᠢᠭᠡᠳᠦᠭᠡᠷ ᠤᠯᠠᠷᠢᠯ ᠤᠨ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ ᠬᠢᠨᠠᠨ ᠵᠥᠪᠰᠢᠶᠡᠷᠡᠬᠦ ᠵᠦᠢᠯᠡᠰ ᠤᠨ ᠲᠣᠳᠣᠷᠬᠠᠢ ᠬᠠᠭᠤᠳᠠᠰᠤ ᠵᠢᠴᠢ ᠬᠠᠷᠠᠭᠠᠯᠵᠠᠭᠰᠠᠨ ᠮᠠᠲ᠋ᠧᠷᠢᠶᠠᠯ ᠤᠨ ᠲᠣᠳᠣᠷᠬᠠᠢ ᠬᠠᠭᠤᠳᠠᠰᠤ ᠶᠢ ᠬᠠᠨᠳᠤᠯᠭᠠᠲᠤ ᠴᠢᠨᠠᠷᠲᠠᠢ ᠪᠠᠷ ᠲᠣᠭᠲᠠᠭᠠᠵᠤ᠂ ︽ᠡᠰᠡᠷᠭᠦ ᠴᠢᠭᠯᠡᠯ ᠤᠨ ᠵᠠᠬᠢᠳᠠᠯ ᠢᠶᠠᠷ ᠮᠡᠳᠡᠭᠳᠡᠬᠦ︾ ᠬᠡᠯᠪᠡᠷᠢ ᠪᠠᠷ ᠳᠠᠮᠵᠢᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠡᠯ᠎ᠡ ᠭᠤᠭᠴᠤᠭ᠎ᠠ ᠳᠤ ᠴᠠᠭ ᠲᠤᠬᠠᠢ ᠳᠤᠨᠢ ᠱᠠᠭᠠᠷᠳᠠᠯᠭ᠎ᠠ ᠶᠣᠰᠣᠭᠠᠷ ᠮᠡᠳᠡᠭᠦᠯᠬᠦ ᠵᠡᠷᠭᠡ ᠠᠵᠢᠯ ᠢ ᠰᠠᠶᠢᠲᠤᠷ ᠬᠢᠬᠦ ᠶᠢ ᠰᠠᠨᠠᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠠᠪᠤᠴᠠ ᠣᠬᠤᠷ᠂ ᠭᠤᠭᠴᠤᠭ᠎ᠠ ᠴᠥᠭᠡᠨ᠂ ᠦᠷ᠎ᠡ ᠪᠦᠲᠦᠮᠵᠢ ᠥᠨᠳᠥᠷ ᠪᠠᠶᠢᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠵᠠᠷᠢᠮ ᠴᠢᠬᠤᠯᠠ ᠨᠥᠬᠦᠴᠡᠯ ᠤᠨ ᠪᠤᠰᠤ ᠮᠠᠲ᠋ᠧᠷᠢᠶᠠᠯ ᠳᠤ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠂ ᠠᠮᠠᠯᠠᠯᠲᠠ ᠪᠠᠨ ᠮᠡᠳᠡᠭᠳᠡᠬᠦ᠂ ᠤᠷᠢᠳᠠᠪᠠᠷ ᠵᠥᠪᠰᠢᠶᠡᠷᠡᠵᠦ ᠳᠠᠷᠠᠭ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠬᠢᠨᠠᠨ ᠵᠥᠪᠰᠢᠶᠡᠷᠡᠬᠦ ᠶᠢ ᠥᠷᠨᠢᠭᠦᠯᠵᠦ᠂ ᠲᠥᠷᠥᠯ ᠵᠦᠢᠯ ᠢ ᠭᠦᠢᠴᠡᠳᠬᠡᠬᠦ ᠶᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠦᠢᠴᠡᠳᠬᠡᠬᠦ ᠭᠠᠷᠳᠠᠮ ᠤᠨ ᠴᠠᠭ ᠤᠨ ᠬᠢᠵᠠᠭᠠᠷ ᠢ ᠲᠤᠶᠢᠯ ᠤᠨ ᠶᠡᠭᠡ ᠪᠠᠷ ᠪᠠᠭᠠᠰᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠬᠦᠯᠢᠶᠡᠰᠦ ᠶᠢ ᠰᠤᠯᠠᠯᠠᠨ ᠳᠠᠷᠤᠭᠠᠰᠤ ᠶᠢ ᠬᠥᠩᠭᠡᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠢ ᠬᠠᠮᠤᠭ ᠤᠨ ᠲᠦᠷᠭᠡᠨ ᠢᠶᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃      ᠪᠥᠬᠦ ᠶᠠᠪᠤᠴᠠ ᠳᠤ ᠬᠠᠪᠰᠤᠷᠤᠨ ᠭᠦᠢᠴᠡᠳᠬᠡᠵᠦ᠂ ᠴᠢᠨᠠᠷ ᠰᠠᠶᠢᠲᠠᠢ ᠦᠢᠯᠡᠴᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠡᠷᠡᠭ ᠡᠷᠬᠢᠯᠡᠬᠦ ᠲᠢᠩᠬᠢᠮ ᠳᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠣᠭᠤᠷᠢᠭ ᠭᠠᠷᠭᠠᠵᠤ᠂ ᠭᠤᠣᠯᠳᠠᠯᠭ᠎ᠠ ᠲᠠᠢ ᠲᠥᠷᠥᠯ ᠵᠦᠢᠯ ᠳᠤ ᠣᠨᠴᠠᠭᠠᠶ ᠶᠠᠪᠤᠳᠠᠯ ᠢ ᠣᠨᠴᠠᠭᠠᠶ ᠰᠢᠢᠳᠪᠦᠷᠢᠯᠡᠬᠦ᠂ ᠪᠠᠴᠢᠮ ᠶᠠᠪᠤᠳᠠᠯ ᠢ ᠲᠦᠷᠭᠡᠨ ᠰᠢᠢᠳᠪᠦᠷᠢᠯᠡᠬᠦ᠂ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ︽ᠰᠠᠭᠠᠳ ᠦᠭᠡᠢ ᠨᠡᠪᠲᠡᠷᠡᠬᠦ ᠵᠠᠮ︾᠎ ᠢ ᠨᠡᠪᠲᠡᠷᠡᠭᠦᠯᠬᠦ ᠶᠢᠨ ᠲᠤᠰᠠᠳᠠ᠂ ᠨᠢᠭᠡ ᠲᠥᠷᠥᠯ ᠵᠦᠢᠯ ᠳᠤ ᠨᠢᠭᠡ ᠲᠤᠰᠬᠠᠢ ᠲᠤᠰᠢᠶᠠᠯᠲᠤ ᠠᠵᠢᠯᠲᠠᠨ ᠢ ᠵᠢᠭᠠᠨ ᠲᠣᠭᠲᠠᠭᠠᠵᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠶᠢ ᠰᠠᠶᠢᠲᠤᠷ ᠬᠢᠯᠭᠡᠵᠦ᠂ ᠨᠢᠭᠡ ᠳᠤ ᠨᠢᠭᠡ ᠪᠠᠷ ᠥᠪᠡᠷᠮᠢᠴᠡᠵᠢᠭᠦᠯᠦᠨ ᠬᠠᠪᠰᠤᠷᠤᠨ ᠲᠡᠳᠬᠦᠬᠦ ᠲᠥᠰᠥᠯ ᠢ ᠲᠣᠭᠲᠠᠭᠠᠨ᠂ ︽ᠰᠠᠨᠠᠭᠠᠴᠢᠯᠠᠭᠠᠲᠤ ᠪᠤᠰᠤ ᠪᠠᠷ ᠬᠢᠨᠠᠨ ᠵᠥᠪᠰᠢᠶᠡᠷᠡᠬᠦ︾᠎ ᠶᠢ ︽ᠰᠠᠨᠠᠭᠠᠴᠢᠯᠠᠭ᠎ᠠ  ᠎ ᠠᠴᠠ ᠪᠠᠨ ᠦᠢᠯᠡᠴᠢᠯᠡᠬᠦ︾ ᠪᠣᠯᠭᠠᠨ ᠬᠤᠪᠢᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠳᠬᠡᠨ ᠪᠡᠶᠡᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ︽ᠬᠤᠷᠳᠤᠴᠠ ᠪᠠᠨ ᠨᠡᠮᠡᠭᠳᠡᠭᠦᠯᠬᠦ︾᠎ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃      ᠣᠲᠣ ᠪᠣᠯᠲᠠᠯ᠎ᠠ᠂ 22 ᠬᠤᠲᠠ ᠶᠢᠨ ᠲᠠᠰ ᠤᠨ ᠭᠤᠣᠯᠳᠠᠯᠭ᠎ᠠ ᠲᠠᠢ ᠵᠦᠢᠯᠡᠰ ᠤᠨ ᠭᠠᠷᠳᠠᠮ ᠢ ᠪᠦᠬᠦᠨ ᠢ 19 ᠭᠦᠢᠴᠡᠳᠬᠡᠵᠦ᠂ ᠭᠦᠢᠴᠡᠳᠬᠡᠭᠰᠡᠨ ᠨᠣᠷᠮ᠎ᠠ ᠨᠢ 86.4% ᠪᠠᠶᠢᠵᠤ᠂ ᠰᠢᠨ᠎ᠡ ᠪᠠᠷ ᠪᠠᠶᠢᠭᠤᠯᠤᠭᠰᠠᠨ 17 ᠵᠦᠢᠯᠡᠰ ᠤᠨ ᠭᠠᠷᠳᠠᠮ ᠢ ᠭᠦᠢᠴᠡᠳᠬᠡᠭᠰᠡᠨ ᠨᠣᠷᠮ᠎ᠠ ᠨᠢ 82.4% ᠪᠠᠶᠢᠵᠤ᠂ ᠲᠠᠷᠠᠭᠠᠴᠢ ᠶᠢᠨ ᠠᠯᠬᠤᠮ ᠳᠤ ᠭᠠᠷᠳᠠᠮ ᠢ ᠭᠦᠢᠴᠡᠳᠬᠡᠵᠦ ᠳᠠᠭᠤᠰᠬᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠦᠢᠯᠡᠰ ᠤᠨ ᠴᠠᠭ ᠤᠨ ᠳᠠᠷᠠᠭᠠᠯᠠᠯ ᠢᠶᠠᠷ ᠠᠬᠢᠴᠠ ᠶᠢᠨ ᠪᠦᠲᠦᠭᠡᠨ ᠪᠠᠶᠢᠭᠤᠯᠤᠯᠲᠠ ᠶᠢ ᠦᠨᠡᠨ ᠬᠦ ᠪᠠᠲᠤᠯᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号