ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠣᠷᠣᠨ ᠤ ᠨᠠᠮ ᠤᠨ ᠬᠤᠷᠢᠶᠠᠨ ᠤ ᠱᠦᠵᠢ ᠦ᠋ ᠺᠠᠢ᠄ ᠤᠰᠤ ᠠᠷᠪᠢᠯᠠᠬᠤ ᠰᠢᠨ᠎ᠡ ᠣᠶᠢᠯᠠᠭᠠᠭᠳᠠᠬᠤᠨ ᠎ ᠢ ᠦᠢᠯᠡᠳᠦᠯᠭᠡᠵᠢᠭᠦᠯᠵᠦ ᠪᠣᠯᠪᠠᠰᠤᠨ ᠰᠢᠨ᠎ᠡ ᠠᠮᠢᠳᠤᠷᠠᠯ ᠎ ᠢ ᠬᠠᠮᠲᠤ ᠪᠠᠷ ᠡᠳ᠋ᠯᠡᠶ᠎ᠡ
ᠨᠡᠶᠢᠲᠡᠯᠡᠭᠰᠡᠨ ᠴᠠᠭ᠄
2024/3/4
ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠪᠣᠯ ᠳᠠᠯᠠᠨ ᠬᠠᠷ᠎ᠠ ᠠᠭᠤᠯᠠ ᠶᠢᠨ ᠬᠤᠶᠢᠲᠤ ᠲᠠᠯ᠎ᠠ ᠳᠤ ᠪᠠᠶᠢᠷᠢᠯᠠᠵᠤ᠂ ᠪᠦᠬᠦ ᠬᠤᠳᠠ ᠶᠢᠨ ᠴᠤᠷ ᠤᠨ ᠭᠠᠭᠴᠠ ᠤᠯᠤᠰ ᠤᠨ ᠲᠡᠰ ᠤᠨ ᠲᠤᠰᠠᠭᠠᠷ ᠦᠢᠯᠡᠳᠪᠦᠷᠢ ᠠᠭᠤᠷᠬᠠᠢ ᠶᠢᠨ ᠣᠷᠣᠨ ᠪᠣᠯᠬᠤ ᠪᠥᠭᠡᠳ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠴᠢᠬᠤᠯᠠ ᠲᠦᠭᠦᠬᠡᠢ ᠮᠠᠲ᠋ᠧᠷᠢᠶᠠᠯ ᠤᠨ ᠰᠠᠭᠤᠷᠢᠨ ᠪᠣᠯᠣᠨ᠎ᠠ᠃ ᠪᠥᠬᠦ ᠣᠷᠣᠨ ᠤ ᠶᠡᠷᠦᠩᠬᠡᠢ ᠲᠠᠯᠠᠪᠠᠶ 243 ᠲᠡᠭᠰᠢ ᠳᠥᠷᠪᠡᠯᠵᠢᠨ ᠺᠢᠯᠣᠮᠧᠲᠷ᠂ ᠪᠥᠬᠦ ᠬᠥᠮᠥᠨ ᠠᠮᠠ 2.5 ᠲᠦᠮᠡ ᠪᠠᠶᠢᠨ᠎ᠠ᠃ ᠪᠠᠶᠠᠨ ᠣᠪᠣᠭ᠎ᠠ ᠠᠭᠤᠷᠬᠠᠢ ᠶᠢᠨ ᠣᠷᠣᠨ ᠪᠣᠯ ᠳᠣᠲᠣᠭᠠᠳᠤ ᠬᠠᠭᠤᠷᠠᠢ ᠶᠢᠨ ᠭᠠᠩ ᠬᠠᠭᠤᠷᠠᠢ ᠠᠭᠤᠷ ᠠᠮᠢᠰᠬᠤᠯ ᠤᠨ ᠣᠷᠣᠨ ᠳᠤ ᠬᠠᠷᠢᠶᠠᠯᠠᠭᠳᠠᠵᠤ᠂ ᠵᠢᠯ ᠳᠤᠮᠳᠠᠴᠢ ᠶᠢᠨ ᠬᠤᠷ᠎ᠠ ᠲᠤᠨᠳᠠᠰᠤᠨ ᠤ ᠬᠡᠮᠵᠢᠶ᠎ᠡ 247.2 ᠮᠢᠯᠢᠮᠧᠲᠷ ︵ᠢᠯᠠᠩᠭᠤᠶ᠎ᠠ 2023 ᠣᠨ ᠤ ᠬᠤᠷ᠎ᠠ ᠲᠤᠨᠳᠠᠰᠤᠨ ᠤ ᠬᠡᠮᠵᠢᠶ᠎ᠡ ᠵᠥᠪᠬᠡᠨ 150.4 ᠮᠢᠯᠢᠮᠧᠲᠷ︶ ᠪᠠᠶᠢᠵᠤ᠂ ᠵᠢᠯ ᠳᠤᠮᠳᠠᠴᠢ ᠶᠢᠨ ᠠᠭᠤᠷᠰᠢᠯᠲᠠ ᠶᠢᠨ ᠬᠡᠮᠵᠢᠶ᠎ᠡ 2671.1 ᠮᠢᠯᠢᠮᠧᠲᠷ ᠪᠠᠶᠢᠵᠤ᠂ ᠬᠤᠷ᠎ᠠ ᠲᠤᠨᠳᠠᠰᠤᠨ ᠤ ᠬᠡᠮᠵᠢᠶ᠎ᠡ ᠶᠢᠨ 10.8 ᠳᠠᠬᠢᠨ ᠪᠠᠶᠢᠵᠤ᠂ ᠣᠷᠣᠨ ᠪᠦᠰᠡ ᠶᠢᠨ ᠳᠣᠲᠣᠷ᠎ᠠ ᠭᠤᠣᠯ ᠮᠥᠷᠡᠨ ᠨᠠᠭᠤᠷ ᠴᠥᠭᠦᠷᠥᠮ ᠦᠭᠡᠢ ᠪᠠᠶᠢᠵᠤ᠂ ᠦᠢᠯᠡᠳᠪᠦᠷᠢᠯᠡᠯ ᠠᠮᠢᠳᠤᠷᠠᠯ ᠤᠨ ᠤᠰᠤᠨ ᠤ ᠡᠬᠢ ᠪᠠᠶᠠᠯᠢᠭ ᠢ ᠭᠤᠣᠯᠳᠠᠭᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠳᠣᠲᠣᠷᠠᠬᠢ ᠳᠥᠷᠪᠡᠨ ᠤᠰᠤᠨ ᠰᠤᠷᠪᠤᠯᠵᠢ ᠶᠢᠨ ᠭᠠᠵᠠᠷ ᠠᠴᠠ ᠬᠠᠩᠭᠠᠵᠤ᠂ ᠵᠢᠯ ᠤᠨ ᠶᠡᠷᠦᠩᠬᠡᠢ ᠤᠰᠤ ᠲᠠᠲᠠᠬᠤ ᠬᠡᠮᠵᠢᠶ᠎ᠡ ᠨᠢ 270 ᠲᠦᠮᠡᠨ m ᠬᠦᠷᠬᠦ ᠦᠭᠡᠢ ᠪᠠᠶᠢᠨ᠎ᠠ᠃ ᠤᠰᠤᠨ ᠤ ᠡᠬᠢ ᠪᠠᠶᠠᠯᠢᠭ ᠲᠤᠶᠢᠯ ᠤᠨ ᠳᠤᠲᠠᠮᠠᠭ ᠭᠠᠵᠠᠷ ᠣᠷᠣᠨ ᠳᠤ ᠬᠠᠷᠢᠶᠠᠯᠠᠭᠳᠠᠨ᠎ᠠ᠃      ᠣᠶᠢᠷ᠎ᠠ ᠶᠢᠨ ᠵᠢᠯ ᠣᠨ ᠲᠤᠷᠰᠢ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠨᠢ ᠰᠢ ᠶᠢᠨ ᠫᠢᠩ ᠣᠨ ᠠᠮᠢ ᠠᠬᠤᠢ ᠶᠢᠨ ᠪᠣᠯᠪᠠᠰᠤᠨ ᠣ‌ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ︽ᠤᠰᠤ ᠠᠷᠪᠢᠯᠠᠬᠤ ᠶᠢ ᠲᠡᠷᠢᠭᠦᠨ‌‍ᠲ᠋ᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠭᠦᠨᠵᠡᠭᠡᠢ ᠦᠢᠯᠡᠳᠦᠯᠭᠡᠵᠢᠭᠦᠯᠵᠦ᠂ ᠤᠰᠤ ᠠᠷᠪᠢᠯᠠᠬᠤ ᠮᠠ‌ᠢᠭ ᠣᠨ ᠨᠡᠶᠢᠭᠡᠮ ᠣᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠤᠰᠤᠨ ᠣ ᠡᠬᠢ ᠪᠠᠶᠠᠯᠢᠭ ᠣᠨ ᠬᠠᠲᠠᠭᠤ ᠬᠢᠵᠠᠭᠠᠷᠯᠠᠯ᢭ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠰᠤᠨ ᠣ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠮᠠ‌ᠢᠭ ᠣᠨ ᠨᠡᠶᠢᠭᠡᠮ ᠣᠨ ᠪᠠᠶᠢᠭᠤᠯᠤᠯᠲᠠ ᠶᠢ ᠪᠥᠬᠦ ᠲᠠᠯ᠎ᠠ ᠪᠠᠷ ᠥᠷᠨᠢᠭᠦᠯᠪᠡ᠃ 2023 ᠣᠨ ᠳᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠦᠨᠡᠯᠡᠯᠲᠡ ᠶᠢᠨ ᠪᠠᠷᠢᠮᠵᠢᠶ᠎ᠠ ᠳᠤ ᠬᠦᠷᠦᠭᠰᠡᠨ ᠪᠥᠭᠡᠳ ᠤᠰᠤᠨ ᠠᠰᠢᠭᠯᠠᠯᠲᠠ ᠶᠢᠨ ᠶᠠᠮᠤᠨ ᠤ ᠲᠠᠬᠢᠨ ᠬᠢᠨᠠᠯᠲᠠ ᠶᠢ ᠥᠩᠭᠡᠷᠡᠭᠡᠭᠰᠡᠨ ᠤ ᠬᠠᠮᠲᠤ ᠪᠦᠬᠦ ᠤᠯᠤᠰ ᠤᠨ ᠵᠢᠷᠭᠤᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠣᠷᠣᠨ ᠢ ᠠᠮᠵᠢᠯᠲᠠ ᠲᠠᠢ ᠪᠠᠶᠢᠭᠤᠯᠪᠠ᠃ ᠡᠨᠡ ᠬᠦ ᠠᠯᠲᠠᠨ ᠤ ᠠᠭᠤᠯᠤᠭᠳᠠᠴᠠ ᠪᠠᠷ ᠲᠡᠭᠦᠯᠳᠡᠷ ︽ᠤᠯᠤᠰ ᠤᠨ ᠨᠠᠷᠠᠲᠤ ᠲᠡᠮᠳᠡᠭᠲᠦ︾᠎ ᠶᠢᠨ ᠫᠠᠶᠢᠰᠠ ᠪᠣᠯ ᠮᠠᠨ ᠤ ᠣᠷᠣᠨ ᠤ ᠣᠯᠠᠨ ᠵᠢᠯ ᠤᠨ ᠲᠤᠷᠰᠢᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠪᠠ ᠠᠷᠪᠢᠯᠠᠨ ᠭᠠᠮᠨᠠᠵᠤ ᠠᠰᠢᠭᠯᠠᠬᠤ ᠠᠵᠢᠯ ᠢ ᠭᠦᠢᠴᠡᠳ ᠨᠤᠲᠠᠯᠠᠭᠰᠠᠨ ᠶᠠᠪᠤᠳᠠᠯ ᠪᠣᠯᠣᠨ᠎ᠠ᠃      ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ      ᠨᠢᠭᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠣᠷᠣᠨ ᠪᠦᠰᠡ ᠶᠢᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠨᠠᠮ ᠤᠨ ᠬᠤᠷᠢᠶ᠎ᠠ  ᠎ ᠠᠴᠠ ᠤᠳᠤᠷᠢᠳᠤᠭᠰᠠᠨ᠂ ᠵᠠᠰᠠᠭ ᠤᠨ ᠣᠷᠳᠣᠨ  ᠎ ᠠᠴᠠ ᠭᠤᠣᠯᠯᠠᠨ ᠤᠳᠤᠷᠢᠳᠤᠭᠰᠠᠨ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠪᠥᠬᠦ ᠠᠷᠠᠳ ᠢᠶᠠᠷ ᠢᠶᠠᠨ ᠬᠠᠮᠲᠤᠪᠠᠷ ᠣᠷᠣᠯᠴᠠᠭᠰᠠᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠤᠰᠤ ᠠᠷᠪᠢᠯᠠᠬᠤ ︽ᠨᠢᠭᠡ ᠬᠥᠯᠭᠡ ᠰᠢᠲᠠᠷ᠎ᠠ︾᠎ ᠶᠢᠨ ᠪᠠᠶᠢᠷᠢᠰᠢᠯ ᠢ ᠪᠣᠶ ᠪᠣᠯᠭᠠᠨ᠎ᠠ᠃ ᠪᠥᠬᠦ ᠣᠷᠣᠨ ᠤ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠰᠤ ᠠᠷᠪᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃       ᠬᠤᠶᠠᠷ ᠲᠤ ᠳᠦᠷᠢᠮ ᠲᠣᠭᠲᠠᠭᠠᠬᠤ ᠬᠡᠷᠡᠭᠲᠡᠢ᠃ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠥᠯ ︵2023 ︱ 2025 ᠣᠨ︶︾ ︽ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠡᠵᠡᠮᠳᠡᠬᠦ ᠵᠢᠴᠢ ᠤᠰᠤ ᠠᠷᠪᠢᠯᠠᠬᠤ ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠡᠯ᠎ᠡ ᠵᠦᠢᠯ ᠤᠨ ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾᠎ ᠶᠢ ᠪᠠᠶᠢᠭᠤᠯᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠂ ᠬᠦᠴᠦᠯᠡᠴᠡ ᠬᠤᠶᠠᠷ ᠢ ᠡᠵᠡᠮᠳᠡᠬᠦ ᠡᠭᠦᠷᠭᠡ ᠶᠢᠨ ᠬᠠᠷᠠᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃      ᠭᠤᠷᠪᠠ ᠳᠤ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠤᠰᠤ ᠠᠷᠪᠢᠯᠠᠬᠤ ︽ᠭᠤᠷᠪᠠ ᠶᠢ ᠵᠡᠷᠭᠡ ᠲᠤᠨᠢ ᠬᠢᠬᠦ︾ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠤᠰᠤ ᠠᠷᠪᠢᠯᠠᠵᠤ ᠡᠨᠧᠷᠬ ᠠᠷᠪᠢᠯᠠᠬᠤ ᠶᠢ ᠬᠢᠨᠠᠨ ᠪᠠᠶᠢᠴᠠᠭᠠᠬᠤ᠂ ᠰᠢᠯᠭᠠᠨ ᠠᠪᠬᠤ ᠶᠢ ᠲᠥᠷᠥᠯ ᠵᠦᠢᠯ ᠣᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠲᠡᠰ ᠳᠠᠷᠠᠭᠠᠯᠠᠯ ᠲᠤ ᠵᠢᠭᠰᠠᠭᠠᠨ ᠣᠷᠣᠭᠤᠯᠵᠤ᠂ ᠲᠥᠷᠥᠯ ᠵᠦᠢᠯ ᠣᠨ ᠤᠰᠤ ᠠᠷᠪᠢᠯᠠᠬᠤ ᠪᠡᠯᠡᠳᠬᠡᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠟ ᠲᠤᠨᠢ ᠵᠢᠷᠤᠭᠯᠠᠨ ᠲᠥᠯᠥᠪᠯᠡᠬᠦ᠂ ᠵᠡᠷᠭᠡ ᠲᠤᠨᠢ ᠪᠠᠷᠢᠯᠭ᠎ᠠ ᠪᠠᠷᠢᠬᠤ᠂ ᠵᠡᠷᠭᠡ ᠲᠤᠨᠢ ᠠᠰᠢᠭᠯᠠᠯᠲᠠ ᠲᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠤᠰᠤ ᠠᠷᠪᠢᠯᠠᠵᠤ ᠤᠰᠤ ᠬᠡᠷᠡᠭᠯᠡᠬᠦ ᠶᠢ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠪᠣᠯᠭᠠᠵᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠴᠢᠩᠳᠠᠯᠠᠬᠤ ᠰᠢᠯᠭᠠᠨ ᠬᠢᠨᠠᠬᠤ ᠳᠤ ᠣᠷᠣᠭᠤᠯᠤᠨ᠎ᠠ᠃      ᠲᠥᠷᠥᠯ ᠬᠤᠪᠢᠶᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠤᠰᠤ ᠶᠢ ᠠᠷᠪᠢᠯᠠᠨ ᠡᠵᠡᠮᠳᠡᠬᠦ ᠬᠠᠮᠤᠭ ᠤᠨ ᠪᠥᠬᠦ ᠲᠠᠯ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ᠎ᠠ ᠨᠢᠭᠡ ᠲᠤ ᠠᠵᠤ ᠦᠢᠯᠡᠳᠪᠦᠷᠢ ᠢᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠢᠶ ᠪᠠᠭᠠᠰᠬᠠᠬᠤ ᠢᠶ ᠲᠦᠯᠬᠢᠨ ᠠᠬᠢᠭᠤᠯᠤᠨ᠎ᠠ᠃ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ᠂ ᠬᠤᠴᠤᠷᠤᠩᠭᠤᠢ ᠤᠷᠠᠨ‌ᠮᠡᠷᠭᠡᠰᠢᠯ ᠪᠠ ᠲᠥᠬᠦᠭᠡᠷᠦᠮᠵᠢ ᠶᠢ ᠦᠷᠭᠦᠯᠵᠢᠯᠡᠨ ᠰᠢᠭᠰᠢᠭᠳᠡᠭᠦᠯᠵᠦ᠂ ᠪᠣᠬᠢᠷᠲᠤᠯ ᠶᠡᠬᠡᠲᠡᠢ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠤᠰᠤᠨ ᠤ ᠬᠤᠷᠣᠭᠳᠠᠭᠤᠯᠤᠯ ᠶᠡᠬᠡᠲᠡᠢ ᠨᠢᠭᠡ ᠪᠦᠯᠦᠭ ᠠᠵᠤ ᠠᠬᠤᠶᠢᠯᠠᠯ ᠢ ᠡᠷᠡᠰ ᠢᠶᠠᠷ ᠬᠠᠭᠠᠵᠤ ᠵᠣᠭᠰᠣᠭᠠᠨ᠎ᠠ᠃ ᠠᠵᠤ ᠠᠬᠤᠶᠢᠯᠠᠯ ᠤᠨ ᠬᠠᠶᠠᠭᠳᠠᠮᠠᠯ ᠪᠣᠬᠢᠷ ᠤᠰᠤ ᠶᠢ ᠳᠠᠬᠢᠨ ᠠᠰᠢᠭᠯᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠤᠰᠤ ᠠᠷᠪᠢᠯᠠᠬᠤ ᠥᠭᠡᠷᠡᠴᠢᠯᠡᠯᠲᠡ ᠶᠢ ᠥᠷᠨᠢᠭᠦᠯᠦᠨ᠎ᠡ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷᠠᠯᠠᠯ ᠢᠶᠠᠨ ᠰᠠᠶᠢᠵᠢᠷᠠᠭᠤᠯᠬᠤ᠂ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠪᠠᠨ ᠰᠢᠨᠡᠳᠬᠡᠬᠦ ᠶᠢ ᠠᠬᠢᠭᠤᠯᠵᠤ᠂ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ ᠡᠭᠦᠨ ᠣ‌ᠵᠡᠷᠭᠡᠴᠡᠪᠡᠷ᠂ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠣᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠬᠡᠷᠡᠭᠵᠢᠭᠦᠯᠵᠦ᠂ ᠲᠡᠷᠢᠭᠦᠨ ᠣ‌ᠤᠰᠤ ᠠᠷᠪᠢᠯᠠᠬᠤ ᠤᠷᠠᠨ ᠳᠠᠷᠬ᠎ᠠ ᠪᠣᠯᠣᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠤᠰᠤ ᠬᠡᠷᠡᠭᠯᠡᠬᠦ ᠤᠷᠠᠨ ᠳᠠᠷᠬ᠎ᠠ ᠪᠣᠯᠣᠨ ᠳᠠᠪᠬᠤᠷᠳᠠᠭᠤᠯᠤᠨ ᠠᠰᠢᠭᠯᠠᠬᠤ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠶᠠᠷ ᠲᠤ ᠬᠤᠳᠠ ᠶᠢᠨ ᠲᠣᠭᠤᠷᠢᠭ ᠤᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠦᠯᠬᠢᠨ ᠠᠬᠢᠭᠤᠯᠤᠨ᠎ᠠ᠃ 2023 ᠣᠨ ᠳᠤ ᠤᠰᠤᠨ ᠰᠤᠷᠪᠤᠯᠵᠢ ᠶᠢᠨ ᠣᠷᠣᠨ  ᠎ ᠠᠴᠠ ᠬᠤᠲᠠ ᠶᠢᠨ ᠲᠣᠭᠤᠷᠢᠭ ᠬᠦᠷᠬᠦ ᠤᠰᠤ ᠬᠠᠩᠭᠠᠬᠤ ᠬᠤᠭᠤᠯᠠᠢ ᠱᠤᠭᠤᠮ ᠤᠨ ᠥᠭᠡᠷᠡᠴᠢᠯᠡᠯᠲᠡ ᠶᠢ ᠳᠠᠭᠤᠰᠬᠠᠨ᠎ᠠ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠵᠤ ᠬᠤᠬᠢᠷᠠᠭᠰᠠᠨ ᠢ ᠵᠠᠰᠠᠬᠤ ᠲᠤᠷᠰᠢᠯᠲᠠ ᠶᠢᠨ ᠴᠢᠭ᠋ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠣᠷᠣᠨ ᠬᠤᠪᠢᠶᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠂ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ ᠤᠨ ᠲᠣᠥᠷᠵᠢᠭ᠌ᠰᠠᠨ᠂ ᠨᠠᠷᠢᠯᠢᠭᠵᠢᠭᠰᠠᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 2023 ︱ 2025 ᠣᠨ ᠳᠤ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠭᠤᠭᠤᠵᠢᠭᠰᠠᠨ ᠬᠤᠬᠢᠷᠠᠯ ᠤᠨ ᠨᠣᠷᠮ᠎ᠠ ᠶᠢ ᠲᠣᠰ ᠲᠣᠰ ︵9.1%᠂ 8.7%᠂ 8.5%︶᠎ ᠶᠢᠨ ᠳᠣᠲᠣᠷ᠎ᠠ ᠬᠢᠵᠠᠭᠠᠷᠯᠠᠵᠤ ᠪᠣᠯᠣᠨ᠎ᠠ᠃      ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠪᠥᠬᠦ ᠶᠠᠪᠤᠴᠠ ᠶᠢᠨ ᠤᠰᠤ ᠬᠠᠮᠠᠭᠠᠯᠠᠬᠤ ᠤᠰᠤ ᠠᠷᠪᠢᠯᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ      ᠨᠢᠭᠡ ᠳᠤ᠂ ︽ᠤᠰᠤᠨ ᠤ ᠦᠨ᠎ᠡ︾᠎ ᠶᠢᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠲᠥᠯᠥᠪᠦᠷᠢ ᠲᠠᠢ ᠪᠠᠷ ᠤᠰᠤ ᠬᠡᠷᠡᠭᠯᠡᠬᠦ ᠶᠢ ᠴᠢᠩᠳᠠᠯᠠᠵᠤ᠂ ᠬᠡᠮᠵᠢᠶ᠎ᠡ ᠠᠴᠠ ᠳᠠᠪᠠᠭᠤᠯᠤᠨ ᠤᠰᠤ ᠬᠡᠷᠡᠭᠯᠡᠬᠦ ᠦᠶᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠂ ︽ᠪᠤᠭᠤᠲᠤ ᠬᠤᠲᠠ ᠶᠢᠨ ᠬᠤᠲᠠ ᠶᠢᠨ ᠤᠰᠤ ᠬᠠᠩᠭᠠᠬᠤ ᠰᠦᠢᠳᠬᠡᠯ ᠲᠤᠰᠢᠶᠠᠬᠤ ᠬᠠᠮᠢᠶᠠᠷᠤᠯᠲᠠ ᠶᠢᠨ ᠠᠷᠭ᠎ᠠ︾᠎ ᠶᠢ ᠡᠷᠡᠰ ᠲᠤᠤᠱᠯᠠᠭᠤᠯᠤᠨ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠳᠤ ᠱᠠᠲᠤᠯᠢᠭ ᠤᠰᠤᠨ ᠤ ᠦᠨ᠎ᠡ ᠶᠢ ᠬᠡᠷᠡᠭᠵᠢᠭᠦᠯᠵᠦ᠂ ᠬᠤᠲᠠ ᠶᠢᠨ ᠰᠠᠭᠤᠭᠠᠯᠢ ᠠᠷᠠᠳ ᠤᠨ ᠪᠤᠰᠤ ᠤᠰᠤ ᠬᠠᠩᠭᠠᠬᠤ ᠪᠠ ᠪᠣᠬᠢᠷ ᠤᠰᠤ ᠶᠢ ᠰᠢᠢᠳᠪᠦᠷᠢᠯᠡᠬᠦ ᠰᠦᠢᠳᠬᠡᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠡᠮᠵᠢᠶ᠎ᠡ ᠲᠣᠭᠲᠠᠭᠰᠠᠨ ᠨᠣᠷᠮ᠎ᠠ  ᠎ ᠠᠴᠠ ᠬᠡᠲᠦᠷᠡᠭᠦᠯᠦᠨ ᠲᠥᠯᠥᠪᠯᠡᠭᠡ ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠪᠠ ᠰᠠᠭᠤᠭᠠᠯᠢ ᠠᠷᠠᠳ ᠤᠨ ᠱᠠᠲᠤᠯᠢᠭ ᠤᠰᠤᠨ ᠤ ᠦᠨ᠎ᠡ ᠶᠢᠨ ᠳᠦᠷᠢᠮ ᠢ ᠭᠦᠨᠵᠡᠭᠡᠶᠢᠷᠡᠭᠦᠯᠦᠨ᠂ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠳᠤ ᠵᠦᠷᠢᠶᠡᠴᠢᠯᠡᠭᠰᠡᠨ ᠤᠰᠤᠨ ᠤ ᠦᠨ᠎ᠡ ᠶᠢ ᠬᠡᠷᠡᠭᠵᠢᠭᠦᠯᠦᠨ᠎ᠡ᠃ ᠰᠠᠭᠤᠭᠠᠯᠢ ᠠᠷᠠᠳ ᠪᠣᠯᠣᠨ ᠠᠵᠤ ᠠᠬᠤᠶᠢᠯᠠᠯ ᠣᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠬᠤᠶᠠᠷ ᠲᠤ ︽ᠲᠥᠯᠥᠪᠯᠡᠭᠡ ᠲᠠᠢ ᠪᠠᠷ ᠤᠰᠤ ᠬᠡᠷᠡᠭᠯᠡᠬᠦ︾ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠵᠢᠯ ᠪᠦᠷᠢ ᠶᠢᠨ ᠡᠬᠢᠨ ᠳᠤ᠂ ᠮᠠᠨ ᠤ ᠣᠷᠣᠨ ᠴᠥᠮ ᠠᠵᠢᠯ ᠲᠥᠷᠥᠯ ᠤᠨ ᠤᠰᠤ ᠬᠡᠷᠡᠭᠯᠡᠬᠦ ᠲᠡᠷᠢᠭᠦᠨ ᠤ ᠪᠠᠷᠢᠮᠵᠢᠶ᠎ᠠ ᠶᠢ ᠪᠠᠷᠢᠮᠵᠢᠶᠠᠯᠠᠵᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢᠨ ᠪᠦᠬᠦᠨ ᠢ ᠬᠠᠮᠤᠷᠬᠤ ᠠᠵᠢᠯ ᠢ ᠲᠦᠷᠭᠡᠳᠬᠡᠨ ᠠᠬᠢᠭᠤᠯᠤᠨ᠎ᠠ᠃ 2023 ᠣᠨ ᠤ 3 ᠰᠠᠷ᠎ᠠ  ᠎ ᠠᠴᠠ ᠨᠠᠰᠢ᠂ ᠡᠩ ᠤᠨ ᠪᠤᠰᠤ ᠤᠰᠤᠨ ᠤ ᠡᠬᠢ ᠰᠤᠷᠪᠤᠯᠵᠢ ᠶᠢ ᠬᠡᠷᠡᠭᠯᠡᠬᠦ ᠵᠢᠯ ᠤᠨ ᠤᠰᠤ ᠬᠡᠷᠡᠭᠯᠡᠬᠦ ᠬᠡᠮᠵᠢᠶ᠎ᠡ ᠨᠢ 1 ᠲᠦᠮᠡᠨ ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢᠬᠢ ᠤᠰᠤ ᠬᠡᠷᠡᠭᠯᠡᠬᠦ ᠡᠷᠦᠬᠡ ᠳᠤ ᠣᠨ ᠤ ᠤᠰᠤ ᠬᠡᠷᠡᠭᠯᠡᠬᠦ ᠲᠥᠯᠥᠪᠯᠡᠭᠡ ᠶᠢ ᠪᠠᠭᠤᠯᠭᠠᠪᠠ᠃ 2024 ᠣᠨ ᠳᠤ ᠮᠠᠨ ᠤ ᠣᠷᠣᠨ ᠤᠰᠤ ᠠᠷᠪᠢᠯᠠᠬᠤ ᠬᠤᠭᠤᠯᠠᠢ ᠶᠢ ᠡᠵᠡᠮᠳᠡᠬᠦ ᠪᠠᠨ ᠦᠷᠭᠦᠯᠵᠢᠯᠡᠨ ᠴᠢᠩᠭᠠᠷᠠᠭᠤᠯᠵᠤ ᠂ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ ᠤᠰᠤ ᠬᠡᠷᠡᠭᠯᠡᠬᠦ ᠲᠥᠯᠥᠪᠯᠡᠭᠡ ᠳᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠬᠦ ᠪᠤᠶᠤ ᠤᠰᠤ ᠬᠡᠷᠡᠭᠯᠡᠬᠦ ᠵᠦᠢ ᠵᠣᠬᠢᠰᠲᠠᠢ ᠴᠢᠨᠠᠷ ᠤᠨ ᠵᠠᠳᠠᠯᠤᠯᠲᠠ ᠬᠢᠬᠦ ᠶᠢ ᠴᠢᠩᠭ᠎ᠠ ᠬᠢᠵᠦ᠂ ᠲᠣᠭᠲᠠᠭᠰᠠᠨ ᠨᠣᠷᠮ᠎ᠠ  ᠎ ᠠᠴᠠ ᠳᠠᠪᠠᠭᠤᠯᠤᠨ ᠲᠥᠯᠥᠪᠯᠡᠭᠡ ᠠᠴᠠ ᠳᠠᠪᠠᠭᠤᠯᠤᠨ ᠤᠰᠤ ᠬᠡᠷᠡᠭᠯᠡᠭᠰᠡᠨ ᠬᠡᠰᠡᠭ ᠢ ᠠᠬᠢᠭᠤᠯᠤᠨ ᠪᠤᠳᠤᠵᠤ ᠦᠨ᠎ᠡ ᠨᠡᠮᠡᠵᠦ ᠪᠠᠶᠢᠭᠠᠳ ᠤᠰᠤᠨ ᠤ ᠰᠦᠢᠳᠬᠡᠯ ︵ᠭᠠᠶᠢᠯᠢ︶ ᠲᠠᠲᠠᠪᠤᠷᠢᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠶᠢᠰᠢᠳᠠ ᠮᠠᠨ ᠤ ᠣᠷᠣᠨ ᠤᠰᠤ ᠬᠡᠷᠡᠭᠯᠡᠬᠦ ᠶᠢ ᠵᠢᠯᠤᠭᠤᠳᠬᠤ᠂ ᠤᠰᠤ ᠬᠡᠷᠡᠭᠯᠡᠬᠦ ᠶᠢ ᠬᠢᠨᠠᠨ ᠰᠢᠯᠭᠠᠬᠤ ᠵᠢᠴᠢ ᠲᠤᠬᠠᠢ ᠶᠢᠨ ᠴᠠᠭ ᠲᠤᠨᠢ ᠬᠡᠷᠡᠭᠯᠡᠬᠦ ᠤᠰᠤᠨ ᠤ ᠬᠡᠮᠵᠢᠶ᠎ᠡ ᠶᠢ ᠨᠠᠷᠢᠯᠢᠭᠵᠢᠭᠤᠯᠤᠨ ᠬᠢᠨᠠᠨ ᠬᠡᠮᠵᠢᠬᠦ ᠪᠠ ᠬᠠᠮᠢᠶᠠᠷᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃      ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠥᠬᠦ ᠣᠷᠣᠨ ᠤ ᠠᠷᠠᠳ ᠲᠦᠮᠡᠨ ᠤ ᠤᠰᠤ ᠪᠠᠨ ᠬᠠᠶᠢᠷᠠᠯᠠᠵᠤ ᠤᠰᠤ ᠪᠠᠨ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ      ︽ᠳᠡᠯᠡᠬᠡᠢ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ ᠤᠰᠤᠨ ᠤ ᠭᠠᠷᠠᠭ︾᠂ ︽ᠪᠦᠬᠦ ᠤᠯᠤᠰ ᠤᠨ ᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠤᠬᠠᠭᠤᠯᠭ᠎ᠠ ᠶᠢᠨ ᠭᠠᠷᠠᠭ︾᠎ ᠢᠶᠠᠷ ᠠᠵᠠ ᠲᠣᠬᠢᠶᠠᠯ ᠪᠣᠯᠭᠠᠵᠤ᠂ ᠮᠠᠨ ᠤ ᠣᠷᠣᠨ ᠤ ᠪᠠᠶᠢᠳᠠᠯ ᠲᠠᠢ ᠶᠡᠷᠦᠩᠬᠡᠶᠢᠯᠡᠨ ᠤᠶᠠᠯᠳᠤᠭᠤᠯᠵᠤ᠂ ᠪᠠᠢ ᠶᠦᠨ ᠨᠡᠶᠢᠲᠡᠯᠡᠬᠦ᠂ ᠸᠢᠴᠠᠲ᠂ ᠰᠦᠯᠵᠢᠶᠡᠨ ᠥᠷᠲᠡᠭᠡ ᠵᠢᠴᠢ ᠬᠤᠲᠠ ᠶᠢᠨ ᠲᠣᠭᠤᠷᠢᠭ ᠤᠨ ᠡᠯᠧᠺᠲᠷᠣᠨ ᠳᠡᠯᠭᠡᠴᠡ ᠵᠡᠷᠭᠡ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ ᠣᠯᠠᠨ ᠬᠡᠯᠪᠡᠷᠢ ᠮᠠᠶ᠋ᠢᠭ ᠤᠨ ᠤᠰᠤ ᠠᠷᠪᠢᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠰᠤ ᠠᠷᠪᠢᠯᠠᠬᠤ ᠤᠬᠠᠭᠤᠯᠭ᠎ᠠ ᠶᠢᠨ ᠬᠠᠭᠤᠳᠠᠰᠤ ᠪᠠ ᠤᠰᠤ ᠠᠷᠪᠢᠯᠠᠬᠤ ᠤᠷᠠᠨ ᠠᠷᠭ᠎ᠠ ᠶᠢ ᠲᠠᠷᠬᠠᠭᠠᠨ ᠤᠯᠠᠮᠵᠢᠯᠠᠬᠤ᠂ ᠤᠰᠤ ᠠᠷᠪᠢᠯᠠᠬᠤ ᠬᠥᠨᠳᠡᠯᠡᠨ ᠪᠢᠴᠢᠭᠡᠰᠦ ᠶᠢ ᠨᠠᠭᠠᠬᠤ᠂ ᠤᠰᠤ ᠠᠷᠪᠢᠯᠠᠬᠤ ᠤᠷᠢᠶ᠎ᠠ ᠯᠣᠽᠦ᠋ᠩ ᠢ ᠡᠷᠭᠢᠯᠳᠦᠭᠦᠯᠦᠨ ᠨᠡᠪᠲᠡᠷᠡᠭᠦᠯᠬᠦ ᠪᠠᠷ ᠳᠠᠮᠵᠢᠭᠤᠯᠤᠨ ᠪᠥᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠤᠰᠤ ᠶᠢ ᠬᠠᠶᠢᠷᠠᠯᠠᠵᠤ ᠤᠰᠤ ᠶᠢ ᠬᠠᠶᠢᠷᠠᠯᠠᠬᠤ ᠪᠥᠬᠦ ᠠᠷᠠᠳ ᠤᠨ ᠬᠠᠮᠲᠤ ᠶᠢᠨ ᠲᠠᠨᠢᠯᠲᠠ ᠶᠢ ᠪᠣᠶ ᠪᠣᠯᠭᠠᠬᠤ ᠶᠢ ᠠᠬᠢᠭᠤᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号