ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠤᠶ᠎ᠠ ︱ ᠰᠢᠶᠠᠩ ᠶᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︽3 · 5︾᠎ ᠤ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/5
       ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠬᠠᠶᠢᠷ᠎ᠠ  ᠲᠠᠢ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠠᠷᠠᠳ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠯᠧᠢ ᠹᠧᠩ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠎ᠡ᠂ 3 ᠰᠠᠷ᠎ᠠ ᠶᠢᠨ 1᠎ ᠤ ᠡᠳᠦᠷ᠂ ᠰᠢᠶᠠᠩ ᠶᠦᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ︵ᠪᠣᠭᠤᠮᠲᠠ ᠶᠢᠨ ᠠᠵᠢᠯ ᠤᠨ ᠵᠥᠪᠯᠡᠯ︶᠎ ᠶᠢᠨ ᠬᠠᠮᠲᠤᠷᠠᠭᠰᠠᠨ ᠲᠣᠭᠤᠷᠢᠭ ᠤᠨ ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠯᠧᠢ ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠯᠧᠢ ᠹᠧᠩ ᠠᠴᠠ ᠰᠤᠷᠤᠯᠴᠠᠵᠤ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ ᠳᠤ ᠠᠮᠤᠷ ᠲᠦᠪᠰᠢᠨ ᠢ ᠬᠦᠷᠭᠡᠬᠦ︾᠎ ᠪᠠᠷ ᠭᠤᠣᠯ ᠰᠡᠳᠦᠪ ᠪᠣᠯᠭᠠᠭᠰᠠᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠨ᠂ ᠠᠰᠠᠷ ᠤᠨ ᠳᠠᠷᠤᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠠ ᠲᠣᠭᠤᠷᠢᠭ ᠤᠨ ᠲᠡᠮᠦᠷ ᠤᠨ ᠠᠭᠤᠷᠬᠠᠢ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠯᠧᠢ ᠹᠧᠩ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠪᠠᠭᠰᠢ ᠰᠤᠷᠤᠭᠴᠢᠳ ᠬᠠᠮᠲᠤ ᠪᠠᠷ ᠶᠦᠨ ᠬᠠᠢ ᠴᠡᠴᠡᠷᠯᠢᠭ ᠤᠨ ᠵᠢᠵᠢᠭ ᠲᠣᠭᠤᠷᠢᠭ ᠤᠨ ᠪᠣᠶ ᠪᠦᠬᠦᠢ ᠨᠢᠭᠡᠴᠡ ᠶᠢᠨ ᠢᠯᠡ ᠨᠡᠶᠢᠲᠡᠯᠡᠬᠦ ᠪᠤᠯᠤᠩ ᠳᠤ ︽ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠲᠤ ᠣᠷᠣᠭᠤᠯᠵᠤ ᠡᠷᠦᠬᠡ ᠳᠤ ᠣᠷᠣᠭᠤᠯᠬᠤ ᠶᠢ ᠴᠢᠩᠭ᠎ᠠ ᠴᠠᠭᠠᠵᠠᠯᠠᠬᠤ ᠰᠠᠨᠠᠭᠠᠴᠢᠯᠠᠭ᠎ᠠ ᠶᠢᠨ ᠪᠢᠴᠢᠭ︾ ᠨᠠᠭᠠᠵᠠᠢ︔ ᠡᠭᠦᠨ ᠤ ᠬᠠᠮᠲᠤ ᠲᠥᠪᠯᠡᠷᠡᠭᠦᠯᠦᠨ ᠳᠠᠭᠠᠷᠢᠬᠤ ᠪᠠ ᠲᠠᠷᠠᠬᠠᠢ ᠠᠵᠢᠯᠯᠠᠭ᠎ᠠ ᠠᠪᠴᠤ᠂ ᠠᠰᠠᠷ ᠤᠨ ᠬᠤᠩᠭᠢᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠵᠢᠴᠢ ᠭᠠᠯ ᠤᠨᠲᠠᠷᠠᠭᠠᠬᠤ ᠵᠠᠮ ᠤᠨ ᠣᠪᠣᠭᠠᠷᠠᠯ ᠪᠣᠳᠠᠰ ᠢ ᠬᠠᠪᠰᠤᠷᠤᠨ ᠴᠡᠪᠡᠷᠯᠡᠵᠦ᠂ ᠭᠠᠯ ᠤᠨᠲᠠᠷᠠᠭᠠᠬᠤ ᠳᠠᠯᠳᠠ ᠬᠡᠮ ᠢ ᠠᠷᠢᠯᠭᠠᠪᠠ᠃ ᠪᠠᠭᠰᠢ ᠰᠤᠷᠤᠭᠴᠢᠳ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ︽ᠯᠧᠢ ᠹᠧᠩ ᠤᠨ ᠥᠯᠢᠭᠡᠷ︾᠎ ᠢ ᠦᠷᠭᠦᠯᠵᠢᠯᠡᠨ ᠪᠢᠴᠢᠵᠦ᠂ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ ᠪᠠᠨ ᠥᠨᠴᠥᠭ ᠪᠤᠯᠤᠩ ᠪᠣᠯᠭᠠᠨ ᠳᠤ ᠲᠤᠰᠬᠠᠪᠠ᠃
    ᠨᠡᠶᠢᠭᠡᠮ ᠲᠣᠭᠤᠷᠢᠭ ᠪᠣᠯᠣᠨ ᠰᠤᠷᠭᠠᠭᠤᠯᠢ  ᠎ ᠶᠢ ᠬᠠᠮᠲᠤ ᠪᠠᠷ ᠪᠠᠶᠢᠭᠤᠯᠵᠤ᠂ ᠯᠧᠢ ᠹᠧᠩ ᠤᠨ ᠵᠣᠷᠢᠭ ᠰᠠᠨᠠᠭ᠎ᠠ  ᠎ ᠶᠢ ᠪᠠᠳᠠᠷᠠᠭᠤᠯᠤᠨ᠂ ᠦᠯᠢᠭᠡᠷ ᠳᠠᠭᠤᠷᠢᠶᠠᠯ ᠤᠨ ᠬᠦᠴᠦᠨ  ᠎ ᠢᠶᠠᠷ ᠬᠥᠲᠥᠯᠥᠨ ᠤᠷᠤᠭᠰᠢᠯᠠᠭᠤᠯᠵᠤ᠂ ᠯᠧᠢ ᠹᠧᠩ ᠤᠨ ᠵᠣᠷᠢᠭ ᠰᠠᠨᠠᠭ᠎ᠠ  ᠎ ᠶᠢ ᠦᠶ᠎ᠡ  ᠎ ᠶᠢᠨ ᠦᠶ᠎ᠡ ᠳᠤ ᠤᠯᠠᠮᠵᠢᠯᠠᠨ᠎ᠠ᠃ ᠳᠠᠷᠠᠭᠠᠴᠢ  ᠎ ᠶᠢᠨ ᠠᠯᠬᠤᠮ ᠳᠤ ᠰᠢᠶᠠᠩ ᠶᠦᠨ ᠨᠡᠶᠢᠭᠡᠮ ᠲᠣᠭᠤᠷᠢᠭ ᠤᠨ ᠬᠢᠨ ᠯᠧᠢ ᠹᠧᠩ ᠠᠴᠠ ᠰᠤᠷᠤᠯᠴᠠᠬᠤ ᠠᠵᠢᠯᠯᠠᠭ᠎ᠠ  ᠎ ᠶᠢ ᠦᠷᠭᠦᠯᠵᠢᠯᠡᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠦᠷᠭᠦᠯᠵᠢ  ᠎ ᠶᠢᠨ ᠴᠢᠨᠠᠷᠲᠠᠢ ᠪᠣᠯᠭᠠᠵᠤ᠂ ᠠᠵᠢᠯᠯᠠᠭ᠎ᠠ  ᠎ ᠶᠢᠨ ᠠᠭᠤᠯᠭ᠎ᠠ  ᠎ ᠶᠢ ᠥᠷᠭᠡᠳᠬᠡᠨ᠂ ᠠᠵᠢᠯᠯᠠᠭ᠎ᠠ  ᠎ ᠶᠢᠨ ᠬᠡᠯᠪᠡᠷᠢ  ᠎ ᠶᠢ ᠰᠢᠨ᠎ᠡ ᠪᠠᠷ ᠡᠭᠦᠳᠴᠦ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ  ᠎ ᠶᠢ ᠨᠡᠩ ᠢᠯᠡᠭᠦᠦ ᠴᠠᠭ ᠦᠶ᠎ᠡ  ᠎ ᠶᠢᠨ ᠨᠥᠯᠥᠭᠡᠯᠡᠬᠦ ᠬᠦᠴᠦᠨ ᠲᠠᠢ ᠪᠣᠯᠭᠠᠨ᠎ᠠ᠃
 
ᠢᠷᠡᠯᠲᠡ᠄ ᠰᠢᠶᠠᠩ ᠶᠦᠨ ᠨᠡᠶᠢᠭᠡᠮ ᠲᠣᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号