ᠤᠯᠤᠰ ᠤᠨ ᠵᠠᠮ ᠤᠨ 210 ᠱᠤᠭᠤᠮ ᠤᠨ ᠪᠠᠶ᠋ᠬᠤᠪᠤᠭ᠎ᠠ ᠠᠴᠠ ᠭᠦᠶᠠᠩ ᠬᠦᠷᠬᠦ ᠬᠡᠰᠡᠭ ᠤᠨ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠶᠢ ᠰᠡᠷᠭᠦᠭᠡᠪᠡ
ᠨᠡᠶᠢᠲᠡᠯᠡᠭᠰᠡᠨ ᠴᠠᠭ᠄
2024/3/5
      ᠯᠣᠣ ᠵᠢᠯ ᠤᠨ ᠴᠠᠭᠠᠨ ᠰᠠᠷ᠎ᠠ  ᠎ ᠶᠢᠨ ᠠᠮᠠᠷᠠᠯᠲᠠ  ᠎ ᠶᠢᠨ ᠬᠤᠭᠤᠴᠠᠭ᠎ᠠ ᠳᠠᠭᠤᠰᠬᠤ  ᠎ ᠶᠢ ᠳᠠᠭᠠᠯᠳᠤᠨ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠵᠦ᠂ ᠤᠯᠤᠰ ᠤᠨ ᠵᠠᠮ ᠤᠨ 210 ᠱᠤᠭᠤᠮ ᠤᠨ ᠪᠠᠶ᠋ᠬᠤᠪᠤᠭ᠎ᠠ   ᠎ ᠠᠴᠠ ᠭᠦᠶᠠᠩ ᠬᠦᠷᠬᠦ ᠵᠠᠰᠠᠮᠠᠯ ᠵᠠᠮ ᠤᠨ ᠪᠠᠷᠢᠯᠭ᠎ᠠ ᠴᠤ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠬᠦ ᠵᠠᠩᠭᠢᠯᠠᠭ᠎ᠠ  ᠎ ᠶᠢᠨ ᠴᠠᠭ ᠮᠥᠴᠡ  ᠎ ᠶᠢ ᠤᠭᠲᠤᠨ ᠠᠪᠴᠢᠷᠠᠯ᠎ᠠ᠃      ᠤᠯᠤᠰ ᠤᠨ ᠵᠠᠰᠠᠮᠠᠯ ᠵᠠᠮ ᠤᠨ 210 ᠱᠤᠭᠤᠮ ᠤᠨ ᠪᠠᠶᠠᠨ᠋ᠣ᠋ᠪᠣᠭ᠎ᠠ ᠠᠴᠠ ᠭᠦᠶᠠᠩ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠠᠴᠠ ᠢᠳᠡᠪᠬᠢᠲᠡᠢ ᠪᠠᠷ ᠠᠷᠭ᠎ᠠ ᠰᠦᠪᠡᠭᠴᠢᠯᠡᠵᠦ᠂ ᠪᠠᠶᠠᠷ ᠤᠨ ᠡᠳᠦᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠪᠠ᠃ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠲᠡᠷᠡ ᠳᠠᠷᠤᠢ ᠳᠤᠨᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠡᠯ᠎ᠡ ᠨᠢᠭᠡᠴᠡ ᠶᠢ ᠱᠠᠯᠠᠪᠳᠠᠭᠤᠯᠤᠨ ᠲᠣᠭᠲᠠᠭᠰᠠᠨ ᠬᠠᠷᠠᠯᠲᠠ ᠪᠠᠨ ᠲᠣᠭᠲᠠᠭᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠪᠦᠬᠦ ᠲᠠᠯ᠎ᠠ ᠪᠠᠷ ᠠᠵᠢᠯ ᠤᠨ ᠪᠠᠶᠢᠳᠠᠯ ᠳᠤ ᠣᠷᠣᠭᠤᠯᠬᠤ ᠬᠡᠷᠡᠭᠲᠡᠢ᠃ ᠠᠵᠢᠯ ᠢᠶᠠᠨ ᠡᠷᠲᠡᠬᠡᠨ ᠰᠡᠷᠭᠦᠭᠡᠬᠦ ᠶᠢ ᠪᠠᠲᠤᠯᠠᠬᠤ ᠶᠢᠨ ᠲᠥᠯᠥᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠲᠤᠬᠠᠢ ᠶᠢᠨ ᠭᠠᠵᠠᠷ ᠤᠨ ᠰᠢᠪᠠᠳᠠᠨ ᠪᠠᠶᠢᠴᠠᠭᠠᠬᠤ ᠠᠵᠢᠯᠲᠠᠨ ᠤ ᠮᠧᠬᠠᠨᠢᠭ ᠢᠶᠠᠷ ᠲᠠᠯᠠᠪᠠᠶ ᠳᠤ ᠣᠷᠣᠭᠰᠠᠨ᠂ ᠲᠠᠯᠠᠪᠤᠷ ᠥᠷᠲᠡᠭᠡᠨ ᠤ ᠪᠦᠲᠦᠭᠡᠨ ᠪᠠᠶᠢᠭᠤᠯᠤᠯᠲᠠ᠂ ᠮᠠᠲ᠋ᠧᠷᠢᠶᠠᠯ ᠪᠡᠯᠡᠳᠬᠡᠭᠰᠡᠨ ᠵᠡᠷᠭᠡ ᠪᠠᠶᠢᠳᠠᠯ᠂ ᠡᠯ᠎ᠡ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠨᠦᠭᠦᠳ ᠪᠤᠭᠤᠲᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠣᠶᠢᠷ᠎ᠠ ᠶᠢᠨ ᠬᠤᠭᠤᠴᠠᠭᠠᠨ ᠳᠤ ᠪᠠᠭᠤᠯᠭᠠᠭᠰᠠᠨ ︽ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭᠠᠬᠢ ᠪᠠ ᠦᠢᠯᠡᠳᠪᠦᠷᠢᠯᠡᠯ ᠰᠡᠷᠭᠦᠭᠡᠯᠲᠡ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠴᠢᠩᠭᠠᠳᠬᠠᠬᠤ ᠲᠤᠬᠠᠢ ᠰᠠᠨᠠᠭᠤᠯᠤᠮᠵᠢ ᠶᠢᠨ ᠵᠠᠬᠢᠳᠠᠯ︾ ᠎ ᠤᠨ ᠵᠢᠭᠠᠪᠤᠷᠢ ᠶᠢ ᠨᠠᠷᠢᠨ ᠬᠢᠨᠠᠮᠠᠭᠠᠢ ᠲᠤᠤᠱᠯᠠᠭᠤᠯᠵᠤ᠂︽ᠳᠤᠯᠤᠭ᠎ᠠ ᠳᠤ ᠠᠵᠢᠯ ᠡᠬᠢᠯᠡᠭᠦᠯᠬᠦ ᠦᠭᠡᠢ︾᠂︽ᠵᠢᠷᠭᠤᠭ᠎ᠠ ᠳᠤ ᠠᠵᠢᠯ ᠡᠬᠢᠯᠡᠭᠦᠯᠬᠦ ᠦᠭᠡᠢ︾ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠠᠮᠤᠷ ᠲᠦᠪᠰᠢᠨ ᠤ ᠪᠣᠯᠪᠠᠰᠤᠷᠠᠯ ᠵᠢᠴᠢ ᠠᠮᠤᠷ ᠲᠦᠪᠰᠢᠨ ᠤ ᠮᠡᠷᠭᠡᠵᠢᠯ ᠤᠨ ᠦᠨᠳᠦᠰᠦᠨ ᠵᠦᠢᠯ ᠢ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃      ᠣᠳᠣᠬᠠᠨ ᠳᠤ᠂ ᠡᠯ᠎ᠡ ᠨᠢᠭᠡᠴᠡ ᠶᠢᠨ ᠬᠠᠮᠢᠶᠠᠷᠤᠯᠲᠠ ᠶᠢᠨ ᠠᠵᠢᠯᠲᠠᠨ ᠨᠢᠭᠡᠨᠲᠡ ᠠᠵᠢᠯ ᠤᠨ ᠪᠠᠶᠢᠷᠢ ᠳᠤ ᠭᠠᠷᠴᠤ᠂ ᠬᠡᠰᠡᠭ ᠪᠠᠷᠢᠯᠭ᠎ᠠ ᠶᠢᠨ ᠠᠵᠢᠯᠲᠠᠨ᠂ ᠮᠠᠰᠢᠨ ᠮᠧᠬᠠᠨᠢᠭ ᠢ ᠨᠢᠭᠡᠨᠲᠡ ᠲᠠᠯᠠᠪᠠᠶ ᠳᠤ ᠣᠷᠣᠭᠤᠯᠵᠤ᠂ ᠴᠢᠯᠠᠭᠤ ᠬᠡᠮᠬᠡᠯᠬᠦ ᠦᠢᠯᠡᠳᠪᠦᠷᠢ ᠶᠢ ᠨᠢᠭᠡᠨᠲᠡ ᠵᠠᠯᠭᠠᠭ᠎ᠠ ᠪᠠᠷ ᠡᠬᠢᠯᠡᠨ ᠦᠢᠯᠡᠳᠪᠦᠷᠢᠯᠡᠵᠦ᠂ ᠵᠠᠮ ᠳᠡᠭᠡᠷᠡᠬᠢ ᠪᠠᠷᠢᠯᠭ᠎ᠠ ᠶᠢᠨ ᠮᠡᠷᠭᠡᠵᠢᠯ ᠤᠨ ᠵᠦᠭᠯᠡᠭᠦᠷ ᠢ ᠨᠢᠭᠡᠨᠲᠡ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠱᠠᠲᠤᠨ ᠳᠤ ᠣᠷᠣᠭᠤᠯᠤᠭᠰᠠᠨ ᠪᠠᠶᠢᠨ᠎ᠠ᠃ 3 ᠰᠠᠷ᠎ᠠ ᠶᠢᠨ ᠰᠢᠨᠡᠳ ᠢᠶᠠᠷ ᠪᠠᠶᠢᠭᠤᠯᠬᠤ ᠵᠦᠢᠯᠡᠰ ᠢ ᠪᠦᠬᠦ ᠲᠠᠯ᠎ᠠ ᠪᠠᠷ ᠰᠡᠷᠭᠦᠭᠡᠨ ᠪᠠᠶᠢᠭᠤᠯᠬᠤ ᠶᠢᠨ ᠬᠠᠮᠲᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠠᠷ ᠲᠥᠯᠥᠪᠯᠡᠵᠦ ᠪᠠᠶᠢᠨ᠎ᠠ᠃      ᠤᠯᠤᠰ ᠤᠨ ᠵᠠᠮ ᠤᠨ 210 ᠱᠤᠭᠤᠮ ᠤᠨ ᠪᠠᠶ᠋ᠬᠤᠪᠤᠭ᠎ᠠ ᠠᠴᠠ ᠭᠦᠶᠠᠩ ᠬᠦᠷᠬᠦ ᠬᠡᠰᠡᠭ ᠤᠨ ᠡᠬᠢᠯᠡᠯᠲᠡ ᠶᠢᠨ ᠴᠡᠭ ᠨᠢ ᠤᠯᠤᠰ ᠤᠨ ᠵᠠᠮ ᠤᠨ 210 ᠱᠤᠭᠤᠮ ᠤᠨ ᠪᠠᠶ᠋ᠬᠤᠪᠤᠭ᠎ᠠ ᠠᠭᠤᠷᠬᠠᠢ ᠶᠢᠨ ᠣᠷᠣᠨ ᠤ ᠲᠡᠮᠦᠷ ᠵᠠᠮ ᠤᠨ ᠬᠥᠭᠦᠷᠭᠡ ᠶᠢᠨ ᠡᠮᠦᠨ᠎ᠡ ᠲᠠᠯ᠎ᠠ ᠶᠢᠨ 4.0 ᠺᠢᠯᠣᠮᠧᠲᠷ ᠤᠨ ᠭᠠᠵᠠᠷ ᠲᠤ ᠪᠠᠶᠢᠷᠢᠯᠠᠵᠤ᠂ ᠤᠯᠤᠰ ᠤᠨ ᠵᠠᠮ ᠤᠨ 210 ᠱᠤᠭᠤᠮ ᠤᠨ ᠮᠠᠨᠳᠤᠯ᠎ᠠ ᠪᠣᠭᠤᠮᠲᠠ ᠠᠴᠠ ᠪᠠᠶ᠋ᠬᠤᠪᠤᠭ᠎ᠠ ᠬᠦᠷᠬᠦ ᠠᠭᠤᠷᠬᠠᠢ ᠶᠢᠨ ᠣᠷᠣᠨ ᠤ ᠬᠡᠰᠡᠭ ᠲᠠᠢ ᠵᠠᠯᠭᠠᠵᠤ᠂ ᠵᠠᠮ ᠤᠨ ᠱᠤᠭᠤᠮ ᠨᠢ ᠴᠢᠭ᠋ ᠯᠢ ᠰᠦ᠂ ᠰᠢᠩ ᠱᠦᠨ ᠪᠠᠷᠠᠭᠤᠨ᠂ ᠷᠧᠨ ᠲᠠᠢ ᠾᠧ ᠪᠠᠷ ᠥᠩᠭᠡᠷᠡᠵᠦ᠂ ᠡᠴᠦᠰ ᠤᠨ ᠴᠡᠭ ᠎ ᠨᠢ ᠭᠦᠶᠠᠩ ᠰᠢᠶᠠᠨ ᠤ ᠬᠤᠳᠠ ᠶᠢᠨ ᠪᠠᠷᠠᠭᠤᠨᠳᠡᠬᠢ ᠪᠤᠭᠤᠲᠤ ᠶᠢᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠡᠮᠦᠨ᠎ᠡ ᠲᠠᠯ᠎ᠠ ᠶᠢᠨ 0.82 ᠺᠢᠯᠣᠮᠧᠲᠷ ᠤᠨ ᠭᠠᠵᠠᠷ ᠲᠤ ᠬᠦᠷᠴᠦ᠂ ᠤᠯᠤᠰ ᠤᠨ ᠵᠠᠮ ᠤᠨ 210 ᠱᠤᠭᠤᠮ ᠤᠨ      ᠣᠶᠢᠯᠠᠭᠠᠭᠰᠠᠨ ᠢᠶᠠᠷ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠲᠣᠰ ᠲᠥᠷᠥᠯ ᠵᠦᠢᠯ ᠤᠨ ᠵᠠᠮ ᠤᠨ ᠰᠠᠭᠤᠷᠢ ᠶᠢᠨ ᠪᠠᠷᠢᠯᠭ᠎ᠠ ᠶᠢ 60 ᠭᠠᠷᠤᠢ ᠺᠢᠯᠣᠮᠧᠲᠷ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠶᠢᠨ 67%᠎ ᠶᠢ ᠪᠡᠶᠡᠯᠡᠭᠦᠯᠪᠡ︔ ᠵᠢᠵᠢᠭ ᠬᠥᠭᠦᠷᠭᠡ᠂ ᠭᠤᠯᠳᠤᠩ ᠢ ᠪᠦᠷ ᠪᠠᠷᠢᠵᠤ ᠳᠠᠭᠤᠰᠬᠠᠪᠠ; ᠬᠥᠭᠦᠷᠭᠡ ᠶᠢᠨ ᠪᠠᠷᠢᠯᠭ᠎ᠠ ᠶᠢᠨ 26 ᠰᠠᠭᠤᠷᠢ ᠲᠣᠮᠣ ᠳᠤᠮᠳᠠ ᠬᠥᠭᠦᠷᠭᠡ ᠶᠢᠨ ᠳᠣᠣᠷᠠᠳᠤ ᠬᠡᠰᠡᠭ ᠤᠨ ᠪᠦᠲᠦᠴᠡ ᠶᠢ ᠪᠦᠬᠦᠨ ᠢ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠶᠢᠨ 33%᠎ ᠶᠢ ᠪᠡᠶᠡᠯᠡᠭᠦᠯᠪᠡ; ᠵᠠᠮ ᠳᠡᠭᠡᠷᠡᠬᠢ ᠪᠠᠷᠢᠯᠭ᠎ᠠ 17 ᠭᠠᠷᠤᠢ ᠺᠢᠯᠣᠮᠧᠲᠷ ᠤᠨ ᠬᠠᠶᠢᠷ ᠤᠨ ᠴᠢᠳᠠᠮᠵᠢᠲᠤ ᠳᠠᠪᠬᠤᠷᠭ᠎ᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠶᠢᠨ 56%᠎ ᠶᠢ ᠪᠡᠶᠡᠯᠡᠭᠦᠯᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号