ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠮᠡᠳᠡᠭᠡ ᠵᠠᠩᠭᠢ | ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠥᠷᠥ᠂ | ᠬᠠᠮᠢᠶᠠᠷᠤᠯᠲᠠ ᠪᠠᠲᠤᠯᠠᠭ᠎ᠠ ᠪᠠ ᠠᠰᠠᠷᠠᠨ ᠬᠠᠷᠠᠭᠠᠯᠵᠠᠬᠤ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠬᠤᠪᠢ ᠨᠡᠮᠡᠷᠢ | ᠦᠵᠡᠭᠦᠯᠬᠦ ᠣᠶᠤᠨ ᠰᠠᠨᠠᠭᠠᠨ ᠤ ᠬᠡᠪ ᠨᠠᠮᠪᠠ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠪᠠ᠃ | ︵ᠬᠤᠶᠠᠷ︶ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ᠂ ᠴᠡᠷᠢᠭ ᠠᠴᠠ ᠬᠠᠯᠠᠭᠳᠠᠭᠰᠠᠨ ᠺᠠᠳ᠋ᠷ ᠢ ᠰᠢᠯᠵᠢᠭᠦᠯᠦᠨ | ᠲᠤᠰᠢᠶᠠᠵᠤ ᠲᠥᠪᠬᠢᠨᠡᠭᠦᠯᠬᠦ ᠠᠵᠢᠯ ᠪᠠ ᠡᠵᠡᠨ ᠮᠡᠳᠡᠵᠦ ᠠᠵᠢᠯ ᠰᠣᠩᠭᠤᠬᠤ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠠᠴᠠ ᠬᠠᠯᠠᠭᠳᠠᠭᠰᠠᠳ ᠲᠤ | ᠦᠢᠯᠡᠴᠢᠯᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠴᠡᠷᠢᠭ ᠠᠴᠠ ᠬᠠᠯᠠᠭᠳᠠᠭᠰᠠᠳ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠡᠷᠢᠭ ᠠᠴᠠ | ᠬᠠᠯᠠᠭᠳᠠᠭᠰᠠᠳ ᠪᠠ ᠴᠡᠷᠢᠭ ᠢ ᠳᠠᠭᠠᠭᠰᠠᠨ ᠭᠡᠷ ᠪᠦᠯᠢ ᠶᠢᠨ ᠬᠢᠨ ᠤ ᠠᠵᠢᠯ ᠣᠯᠵᠤ ᠦᠢᠯᠡᠰ ᠪᠤᠰᠬᠠᠬᠤ ᠶᠢ ᠵᠣᠬᠢᠴᠠᠭᠤᠯᠤᠨ ᠲᠡᠳᠬᠦᠨ᠎ᠡ᠃ | ︵ᠲᠦᠷᠪᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠣᠨᠴᠠᠭᠠᠢ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ︵ᠲᠠᠪᠤ︶ ᠣᠷᠣᠨ ᠨᠤᠲᠤᠭ ᠲᠤ ᠰᠢᠯᠵᠢᠭᠦᠯᠦᠨ ᠲᠤᠰᠢᠶᠠᠭᠰᠠᠨ ᠴᠡᠷᠢᠭ ᠤᠨ ᠠᠯᠪᠠᠨ ᠠᠴᠠ ᠪᠠᠭᠤᠭᠰᠠᠳ᠂ ᠨᠥᠬᠦᠴᠡᠯ ᠳᠤ ᠨᠡᠶᠢᠴᠡᠭᠰᠡᠨ ᠪᠤᠰᠤᠳ | ᠴᠡᠷᠢᠭ ᠤᠨ ᠠᠯᠪᠠᠨ ᠠᠴᠠ ᠪᠠᠭᠤᠭᠰᠠᠳ ᠪᠣᠯᠤᠨ ᠴᠡᠷᠢᠭ ᠤᠨ ᠬᠠᠷᠢᠶ᠎ᠠ ᠦᠭᠡᠶ ᠠᠵᠢᠯ ᠠᠴᠠ ᠪᠠᠨ ᠪᠠᠭᠤᠵᠤ ᠠᠮᠠᠷᠠᠭᠰᠠᠨ ᠠᠵᠢᠯᠲᠠᠨ ᠠᠵᠢᠯᠴᠢᠳ ᠤᠨ ᠣᠷᠣᠨ | ᠰᠠᠭᠤᠴᠠ ᠶᠢᠨ ᠪᠠᠲᠤᠯᠠᠭ᠎ᠠ ᠶᠢᠨ ᠠᠵᠢᠯ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ | ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠡᠪᠡᠳᠴᠢᠯᠡᠭᠰᠡᠨ ᠵᠡᠮᠳᠡᠭ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠴᠤ᠂ ᠬᠤᠯᠪᠣᠭᠳᠠᠯ ᠪᠦᠬᠦᠢ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠤᠨ | ᠠᠰᠠᠷᠠᠮᠵᠢ ᠵᠡᠷᠭᠡ ᠪᠠᠶᠢᠭᠤᠯᠤᠮᠵᠢ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠴᠡᠷᠢᠭ ᠤᠨ ᠠᠯᠪᠠ ᠭᠦᠢᠴᠡᠳᠬᠡᠬᠦ ᠳᠤ ᠲᠣᠬᠢᠷᠠᠬᠤ ᠦᠭᠡᠢ ᠰᠢᠷᠬᠠᠲᠤᠭᠰᠠᠨ ᠡᠪᠡᠳᠴᠢᠨ ᠲᠠᠢ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ | ︵ᠳᠤᠯᠤᠭ᠎ᠠ︶ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠶ ︽ᠬᠤᠶᠠᠷ ᠢ ᠬᠦᠷᠢᠶᠡᠯᠡᠬᠦ︾ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠪᠠ | ᠬᠤᠶᠠᠷ ᠢ ᠬᠦᠷᠢᠶᠡᠯᠡᠬᠦ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠯᠪᠠ ᠬᠠᠭᠠᠵᠤ ᠪᠠᠶᠢᠭ᠎ᠠ ᠴᠡᠷᠢᠭ᠂ | ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠰᠣᠶᠣᠯ ᠤᠨ ᠠᠵᠢᠯᠲᠠᠨ ᠪᠣᠯᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ᠂ ᠠᠰᠠᠷᠠᠮᠵᠢ ᠵᠡᠷᠭᠡ ᠠᠵᠢᠯ ᠢ | ᠬᠠᠷᠢᠭᠤᠴᠠᠨ᠎ᠠ᠃ | ︵ᠨᠠᠢᠮᠠ︶ ᠦᠷᠡᠭᠳᠡᠭᠰᠡᠨ ᠪᠠᠭᠠᠲᠤᠷ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠤᠨ ᠬᠥᠮᠦᠨ ᠤ | ᠨᠡᠶᠢᠲᠡ ᠶᠢᠨ ᠣᠩᠭᠤᠨ ᠤ ᠬᠠᠮᠢᠶᠠᠷᠤᠯᠲᠠ ᠬᠠᠮᠠᠭᠠᠯᠠᠯᠲᠠ᠂ ᠪᠡᠯᠭᠡᠯᠡᠬᠦ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ | ᠬᠠᠮᠠᠭᠠᠯᠠᠬᠤ ᠬᠠᠮᠢᠶ᠎ᠠ ᠪᠥᠬᠦᠶ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠢ ᠪᠠ ᠭᠤᠶᠤᠴᠢᠯᠠᠨ | ᠮᠡᠳᠡᠭᠦᠯᠬᠦ ᠪᠠᠷ ᠪᠠᠶᠢᠭ᠎ᠠ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠪᠠᠷᠢᠯᠭ᠎ᠠ ᠶᠢᠨ ᠨᠡᠷᠡᠰ ᠲᠤ ᠵᠢᠭᠰᠠᠭᠠᠨ ᠣᠷᠣᠭᠤᠯᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠨᠢᠭᠡᠴᠡ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠢᠯᠡ | ᠠᠵᠢᠯᠯᠠᠭ᠎ᠠ ᠶᠢ ᠳ᠋ᠦᠩᠨᠡᠨ ᠬᠥᠬᠢᠭᠦᠯᠦᠨ ᠰᠠᠶᠢᠰᠢᠶᠠᠬᠤ ᠪᠠ ᠤᠬᠠᠭᠤᠯᠪᠠ᠃ | ︵ᠶᠢᠰᠦ︶ ᠴᠡᠷᠢᠭ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ᠠᠴᠠ ᠬᠠᠯᠠᠭᠳᠠᠭᠰᠠᠳ ᠤᠨ ᠡᠷᠬᠡ ᠠᠰᠢᠭ ᠢ | ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠣᠷᠣᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠴᠢᠭᠯᠡᠯᠲᠡ᠂ | ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ | ᠶᠠᠪᠤᠳᠠᠯ ᠤᠨ ᠠᠵᠢᠯ ᠤᠨ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠳᠤᠷᠠᠳᠴᠤ᠂ ᠠᠷᠠᠳ ᠤᠨ ᠶᠠᠪᠤᠳᠠᠯ ᠤᠨ ᠠᠵᠢᠯ ᠤᠨ | ᠥᠭᠡᠷᠡᠴᠢᠯᠡᠯᠲᠡ ᠪᠠ ᠬᠥᠭᠵᠢᠯᠲᠡ ᠶᠢ ᠵᠢᠯᠣᠭᠤᠳᠤᠨ᠎ᠠ᠃ | ︵ᠬᠤᠶᠠᠷ︶ ᠠᠷᠠᠳ ᠤᠨ ᠵᠤᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠬᠠᠤᠯᠢ ᠲᠤᠭᠲᠠᠭᠠᠯ ᠢ ᠲᠤᠤᠱᠯᠠᠭᠤᠯᠬᠤ ᠶᠢᠨ | ᠬᠠᠮᠲᠤ ᠬᠢᠨᠠᠨ ᠬᠡᠷᠡᠭᠵᠢᠭᠦᠯᠦᠨ᠎ᠡ︔ ᠪᠦᠬᠦ ᠤᠷᠤᠨ ᠤ ᠴᠢᠨᠠᠷᠲᠠᠢ ᠠᠷᠠᠳ ᠤᠨ ᠵᠤᠬᠢᠶᠠᠨ ᠪᠠᠶᠢᠭᠤᠯᠤᠯᠲᠠ ᠶᠢᠨ ᠳᠠᠩᠰᠠᠯᠠᠨ ᠬᠠᠮᠢᠶᠠᠷᠬᠤ ᠠᠵᠢᠯ ᠢ | ᠬᠠᠷᠢᠭᠤᠴᠠᠬᠤ ᠶᠢᠨ ᠬᠠᠮᠲᠤ ᠤᠨ ᠤ ᠪᠠᠶᠢᠴᠠᠭᠠᠯᠲᠠ ᠶᠢ ᠬᠡᠷᠡᠭᠵᠢᠭᠦᠯᠦᠨ᠎ᠡ︔ ᠠᠷᠠᠳ ᠤᠨ ᠵᠤᠬᠢᠶᠠᠨ ᠪᠠᠶᠢᠭᠤᠯᠤᠯᠲᠠ ᠶᠢᠨ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠪᠦᠬᠦ ᠤᠷᠤᠨ ᠤ ᠠᠷᠠᠳ ᠤᠨ ᠵᠤᠬᠢᠶᠠᠨ ᠪᠠᠶᠢᠭᠤᠯᠤᠯᠲᠠ ᠶᠢᠨ ᠳᠠᠩᠰᠠᠯᠠᠨ ᠬᠠᠮᠢᠶᠠᠷᠬᠤ | ᠠᠵᠢᠯ ᠢ ᠵᠢᠯᠤᠭᠤᠳᠤᠨ᠂ ᠬᠢᠨᠠᠯᠲᠠ ᠲᠠᠯᠪᠢᠨ᠎ᠠ | ︵ᠭᠤᠷᠪᠠ︶ ᠪᠦᠬᠦ ᠲᠤᠭᠤᠷᠢᠭ ᠤᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠦᠷᠡᠭᠳᠡᠭᠰᠡᠨ ᠪᠠᠭᠠᠲᠤᠷᠴᠤᠳ ᠢ ᠰᠠᠶᠢᠰᠢᠶᠠᠨ | ᠬᠥᠬᠢᠭᠦᠯᠬᠦ ᠠᠵᠢᠯ ᠢ ᠬᠠᠷᠢᠭᠤᠴᠠᠨ᠎ᠠ︔ ᠴᠡᠷᠢᠭ ᠬᠥᠮᠦᠨ ᠪᠣᠯᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠦᠬᠦᠯ ᠰᠢᠷᠬᠠᠲᠤᠯ ᠤᠨ ᠠᠰᠠᠷᠠᠮᠵᠢ ᠵᠢᠴᠢ | ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ ᠳᠤ ᠠᠰᠠᠷᠠᠮᠵᠢ ᠶᠢᠨ ᠠᠵᠢᠯ ᠢ | ᠬᠠᠷᠢᠭᠤᠴᠠᠨ᠎ᠠ︔ ᠪᠠᠶ᠋ᠬᠠᠣᠪᠤᠭ᠎ᠠ ᠶᠢᠨ ᠲᠣᠭᠤᠷᠢᠭ ᠤᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ | ᠬᠠᠶᠢᠷᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠲᠦᠷᠪᠡ︶ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ︔ ᠭᠠᠮᠰᠢᠭ ᠤᠨ ᠪᠠᠶᠢᠳᠠᠯ ᠢ | ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠭᠠᠮᠰᠢᠭ ᠤᠨ ᠪᠠᠶᠢᠳᠠᠯ ᠢ ᠨᠢᠭᠡᠳᠦᠯᠲᠡᠶ ᠳᠡᠭᠡᠭᠰᠢ ᠮᠡᠳᠡᠭᠦᠯᠵᠦ᠂ ᠨᠡᠶᠢᠲᠡᠯᠡᠨ᠎ᠡ︔ ᠭᠠᠮᠰᠢᠭ ᠠᠴᠠ ᠠᠪᠤᠷᠠᠬᠤ | ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ᠂ ᠬᠠᠮᠢᠶᠠᠷᠬᠤ᠂ ᠰᠠᠯᠭᠠᠨ ᠭᠠᠷᠭᠠᠬᠤ ᠶᠢ ᠬᠠᠷᠢᠭᠤᠴᠠᠬᠤ ᠶᠢᠨ ᠬᠠᠮᠲᠤ ᠲᠡᠭᠦᠨ ᠤ ᠬᠡᠷᠡᠭᠯᠡᠭᠰᠡᠨ ᠪᠠᠶᠢᠳᠠᠯ ᠢ | ᠪᠠᠶᠢᠴᠠᠭᠠᠵᠤ᠂ ᠬᠢᠨᠠᠯᠲᠠ ᠲᠠᠯᠪᠢᠨ᠎ᠠ︔ ᠭᠠᠮᠰᠢᠭ ᠠᠴᠠ ᠠᠪᠤᠷᠠᠵᠤ ᠪᠡᠯᠡᠭᠯᠡᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠭᠠᠮᠰᠢᠭᠳᠠᠭᠰᠠᠨ | ᠣᠷᠣᠨ ᠤ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ︔ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠠᠪᠤ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ | ᠬᠡᠷᠡᠭᠵᠢᠭᠦᠯᠦᠨ᠎ᠡ ᠶᠠᠳᠠᠭᠤ ᠶᠢ ᠲᠡᠳᠬᠦᠨ ᠬᠦᠴᠢᠷᠳᠡᠯᠲᠡᠶ ᠶᠢ ᠬᠠᠪᠰᠤᠷᠤᠨ ᠲᠤᠰᠠᠯᠠᠬᠤ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ | ᠵᠢᠯᠣᠭᠤᠳᠤᠨ᠎ᠠ ᠣᠷᠴᠢᠨ ᠲᠣᠭᠤᠷᠢᠨ ᠤ ᠣᠯᠠᠨ ᠨᠡᠶᠢᠲᠡ ᠳᠤ ᠬᠥᠨᠥᠭᠡᠯ ᠤᠴᠠᠷᠠᠭᠤᠯᠤᠭᠰᠠᠨ ᠬᠡᠷᠡᠭ ᠲᠤ ᠣᠷᠣᠯᠴᠠᠭᠰᠠᠨ ᠨᠡᠶᠢᠭᠡᠮ ᠤᠨ ᠲᠡᠩᠬᠡᠷᠡᠭᠦᠯᠦᠨ | ᠲᠤᠰᠠᠯᠠᠵᠤ ᠲᠡᠳᠬᠦᠬᠦ ᠳᠤ ᠣᠷᠣᠯᠴᠠᠨ᠎ᠠ ᠪᠦᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ | ᠰᠤᠳᠤᠯᠤᠨ ᠳᠤᠷᠠᠳᠬᠤ ᠬᠡᠷᠡᠭᠲᠡᠶ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠠᠷᠠᠳᠴᠢᠯᠠᠯ ᠢᠶᠠᠷ ᠰᠣᠩᠭᠤᠬᠤ᠂ ᠠᠷᠠᠳᠴᠢᠯᠠᠯ ᠢᠶᠠᠷ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠵᠢᠯᠣᠭᠤᠳᠬᠤ ᠬᠡᠷᠡᠭᠲᠡᠶ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠦᠨᠳᠦᠰᠦᠨ ᠱᠠᠲᠤᠨ ᠤ ᠠᠷᠠᠳᠴᠢᠯᠠᠭᠰᠠᠨ | ᠤᠯᠤᠰ ᠲᠥᠷᠥ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ | ᠪᠠᠶᠢᠭᠤᠯᠤᠯᠲᠠ ᠶᠢ ᠵᠢᠯᠣᠭᠤᠳᠴᠤ᠂ ᠨᠡᠶᠢᠭᠡᠮ ᠲᠣᠭᠤᠷᠢᠭ ᠤᠨ ᠠᠵᠢᠯ ᠵᠢᠴᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ ᠪᠣᠯᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ | ︵ᠳᠤᠯᠤᠭ᠎ᠠ︶ ᠤᠯᠤᠰ ᠤᠨ ᠤᠷᠤᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠬᠤ︔ ᠪᠦᠬᠦ ᠣᠷᠣᠨ ᠤ ᠤᠷᠤᠭ ᠤᠨ | ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠤᠷᠤᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ | ᠤᠷᠤᠭ ᠤᠨ ᠳᠠᠳᠬᠠᠯ ᠤᠨ ᠥᠭᠡᠷᠡᠴᠢᠯᠡᠯᠲᠡ ᠶᠢ ᠰᠠᠨᠠᠭᠠᠴᠢᠯᠠᠨ᠎ᠠ᠃ | ︵ᠨᠠᠢᠮᠠ︶ ᠣᠷᠣᠰᠢᠭᠤᠯᠭ᠎ᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠠᠵᠢᠯ ᠢ | ᠠᠬᠢᠭᠤᠯᠤᠨ᠂ ᠪᠥᠬᠦ ᠣᠷᠣᠨ ᠤ ᠣᠷᠣᠰᠢᠭᠤᠯᠭ᠎ᠠ ᠵᠢᠴᠢ ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠵᠤ | ᠂ ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠵᠠᠩ ᠳᠠᠳᠬᠠᠯ ᠢ | ᠥᠭᠡᠷᠡᠴᠢᠯᠡᠬᠦ ᠶᠢ ᠰᠠᠨᠠᠭᠠᠴᠢᠯᠠᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠹᠧᠣᠳᠠᠯ ᠤᠨ ᠮᠤᠬᠤᠷ ᠪᠢᠰᠢᠷᠡᠯ ᠤᠨ ᠠᠵᠢᠯᠯᠠᠭ᠎ᠠ ᠳᠤ ᠴᠣᠬᠢᠯᠲᠠ | ᠥᠭᠭᠦᠨ᠎ᠡ︔ ᠣᠷᠣᠰᠢᠭᠤᠯᠭ᠎ᠠ ᠶᠢᠨ ᠠᠵᠢᠯ ᠦᠢᠯᠡᠰ ᠤᠨ ᠨᠢᠭᠡᠴᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠶᠢᠰᠦ︶ ᠪᠥᠬᠦ ᠣᠷᠣᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠵᠢᠯ ᠢ | ᠭᠤᠤᠯᠴᠢᠯᠠᠨ ᠬᠠᠮᠢᠶᠠᠷᠤᠨ᠎ᠠ︔ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠣᠷᠣᠨ ᠢ ᠪᠠᠶᠢᠭᠤᠯᠬᠤ᠂ ᠨᠡᠶᠢᠯᠡᠭᠦᠯᠬᠦ᠂ ᠬᠠᠰᠤᠬᠤ᠂ ᠬᠤᠪᠢᠷᠠᠭᠤᠯᠬᠤ ᠵᠢᠴᠢ | ᠵᠠᠭᠠᠭ ᠱᠤᠭᠤᠮ ᠢ ᠬᠤᠪᠢᠷᠠᠭᠤᠯᠬᠤ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ︔ ᠬᠥᠷᠰᠢ ᠵᠡᠷᠭᠡᠯᠡᠳᠡᠭᠡ ᠬᠤᠰᠢᠭᠤ | ᠰᠢᠶᠠᠨ ᠲᠣᠭᠤᠷᠢᠭ ᠯᠤᠭ᠎ᠠ ᠶᠢᠨ ᠬᠤᠭᠤᠷᠣᠨᠳᠣᠬᠢ ᠵᠠᠭᠠᠭ ᠬᠠᠶᠢᠵᠤ ᠪᠣᠰᠬᠠᠭᠰᠠᠨ ᠪᠠᠭᠠᠨ᠎ᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠢᠯᠢ ᠶᠢᠨ | ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠵᠦ᠂ ᠬᠥᠨᠳᠡᠯᠡᠨ ᠠᠴᠠ ᠲᠠᠰᠤᠯᠬᠤ ᠰᠠᠨᠠᠭᠤᠯᠭ᠎ᠠ ᠳᠤᠷᠠᠳᠤᠨ᠎ᠠ︔ ᠭᠠᠵᠠᠷ ᠤᠨ ᠨᠡᠷᠡᠶᠢᠳᠦᠯ ᠤᠨ ᠲᠡᠮᠳᠡᠭ ᠢ | ᠪᠠᠶᠢᠷᠢᠯᠠᠭᠤᠯᠬᠤ ᠪᠠ ᠬᠠᠮᠢᠶᠠᠷᠬᠤ ᠶᠢ ᠬᠠᠷᠢᠭᠤᠴᠠᠨ᠎ᠠ᠃ | ︵ᠠᠷᠪᠠ︶ ᠨᠡᠶᠢᠭᠡᠮ ᠤᠨ ᠠᠰᠠᠷᠠᠮᠵᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ | ᠨᠡᠶᠢᠭᠡᠮ ᠤᠨ ᠠᠰᠠᠷᠠᠮᠵᠢ ᠶᠢᠨ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠨᠠᠰᠤᠲᠠᠶᠢᠴᠤᠳ᠂ ᠥᠨᠥᠴᠢᠨ ᠬᠡᠦᠬᠡᠳ | ᠵᠡᠷᠭᠡ ᠣᠨᠴᠠᠭᠠᠶ ᠬᠦᠴᠢᠷᠳᠡᠯᠲᠡᠶ ᠬᠥᠮᠦᠰ ᠤᠨ ᠡᠷᠬᠡ ᠠᠰᠢᠭ ᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ | ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠵᠢᠯᠣᠭᠤᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠡᠮᠳᠡᠭᠴᠦᠳ ᠲᠤ ᠠᠵᠢᠯ | ᠣᠯᠭᠤᠬᠤ ᠪᠠ ᠨᠡᠶᠢᠭᠡᠮ ᠤᠨ ᠠᠰᠠᠷᠠᠮᠵᠢ ᠶᠢᠨ ᠦᠢᠯᠡᠳᠪᠦᠷᠢᠯᠡᠯ ᠢ ᠲᠡᠳᠬᠦᠵᠦ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ | ᠲᠠᠯᠪᠢᠨ ᠬᠡᠷᠡᠭᠵᠢᠭᠦᠯᠦᠨ᠎ᠡ︔ ᠬᠡᠦᠬᠡᠳ ᠢ ᠡᠷᠭᠦᠨ ᠲᠡᠵᠢᠭᠡᠬᠦ᠂ ᠲᠡᠨᠦᠭᠦᠴᠢᠯᠡᠨ ᠭᠤᠶᠢᠷᠠᠨᠴᠢᠯᠠᠬᠤ ᠬᠥᠮᠦᠰ ᠢ ᠬᠤᠷᠢᠶᠠᠮᠵᠢᠯᠠᠨ ᠬᠦᠷᠭᠡᠬᠦ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ︔ ᠪᠦᠬᠦ ᠣᠷᠣᠨ ᠤ ᠱᠠᠩᠨᠠᠯ ᠲᠠᠢ ᠬᠠᠨᠳᠢᠪ ᠴᠤᠭᠯᠠᠭᠤᠯᠬᠤ ᠠᠵᠢᠯᠯᠠᠭ᠎ᠠ ᠶᠢᠨ ᠵᠣᠬᠢᠶᠠᠨ ᠪᠠᠶᠢᠭᠤᠯᠬᠤ᠂ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠠᠷᠪᠠᠨ ᠨᠢᠭᠡ︶ ᠲᠤᠭᠤᠷᠢᠭ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠪᠦᠬᠦ ᠣᠷᠣᠨ ᠤ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠲᠤᠭᠤᠷᠢᠭ ᠤᠨ ᠵᠠᠰᠠᠭ ᠤᠨ ᠣᠷᠳᠣᠨ ᠪᠣᠯᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ | ᠠᠵᠢᠯ ᠢ ᠳᠠᠭᠠᠭᠠᠨ ᠭᠦᠢᠴᠡᠳᠬᠡᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃ | ᠬᠠᠶ᠋ᠢᠭ᠄ ᠪᠤᠭᠤᠲᠤ ᠬᠤᠲᠠ ᠶᠢᠨ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠪᠣᠷ ᠰᠢᠷᠣᠶ ᠶᠢᠨ ᠵᠠᠮ ᠤᠨ 12 ᠳ᠋ᠤᠭᠠᠷ ᠲᠣᠭᠠᠲᠤ ︵ᠤᠤᠯ ᠤᠨ | ᠬᠥᠳᠡᠯᠮᠦᠷᠢ ᠶᠢᠨ ᠲᠣᠪᠴᠢᠶ᠎ᠠ︶ ᠬᠤᠶᠠᠳᠤᠭᠠᠷ ᠳᠠᠪᠬᠤᠷᠯᠢᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ︶ ᠥᠷᠯᠥᠭᠡ ᠶᠢᠨ 8᠄ 30 - 12᠄ 00᠂ ᠦᠳᠡ ᠶᠢᠨ ᠬᠤᠶᠢᠨᠠᠬᠢ 14᠄ 30 - 17᠄ 30 | ᠬᠠᠷᠢᠯᠴᠠᠬᠤ ᠬᠡᠯᠪᠡᠷᠢ᠄ 0472 - 8515550 | ᠬᠠᠷᠢᠭᠤᠴᠠᠯᠭᠠᠲᠠᠨ᠄ ᠴᠧᠩ ᠾᠦᠢ |