ᠪᠠᠶᠠᠨ᠋ᠣ᠋ᠪᠣᠭ᠎ᠠ ᠠᠭᠤᠷᠬᠠᠢ ᠶᠢᠨ ᠣᠷᠣᠨ︽ᠯᠧᠢ ᠹᠥ᠋ᠩ ᠠᠴᠠ ᠰᠤᠷᠤᠯᠴᠠᠬᠤ·ᠪᠣᠯᠪᠠᠰᠤᠨ ᠢᠶᠠᠷ ᠦᠢᠯᠡᠳᠦᠯᠭᠡᠵᠢᠭᠦᠯᠬᠦ ᠠᠵᠢᠯᠯᠠᠭ᠎ᠠ︾ᠭᠡᠬᠦ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/3/6
      ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠤᠯᠠᠮᠵᠢᠯᠠᠨ ᠪᠠᠳᠠᠷᠠᠭᠤᠯᠬᠤ ᠶᠢᠨ ᠲᠥᠯᠥᠭᠡ᠂ ᠪᠦᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠨᠢ ᠪᠠᠲᠤᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠤᠬᠠᠮᠰᠠᠷ ᠠᠴᠠ ᠪᠠᠨ ᠪᠣᠯᠪᠠᠰᠤᠨ ᠬᠡᠪ ᠰᠤᠷᠲᠠᠯ ᠢ ᠠᠵᠢᠯ ᠠᠮᠢᠳᠤᠷᠠᠯ ᠤᠨ ᠵᠢᠵᠢᠭ ᠰᠠᠵᠢᠭ ᠵᠦᠢᠯ ᠳᠤ ᠠᠭᠤᠰᠬᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠠᠬᠢᠵᠢᠭᠦᠯᠵᠦ᠂ 3 ᠳ᠋ᠤᠭᠠᠷ ᠰᠠᠷ᠎ᠠ ᠶᠢᠨ 5᠎ ᠤ ᠡᠳᠦᠷ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠳᠤ ︽ᠯᠧᠢ ᠹᠧᠩ · ᠪᠣᠯᠪᠠᠰᠤᠨ ᠢᠶᠠᠷ ᠦᠢᠯᠡᠳᠦᠯᠭᠡᠵᠢᠭᠦᠯᠬᠦ ᠪᠠᠷ ᠥᠪᠡᠷ ᠤᠨ ᠠᠵᠢᠯᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠠᠵᠢᠯᠯᠠᠭ᠎ᠠ ᠶᠢ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠷᠣᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠡᠪᠯᠡᠯ ᠤᠨ ᠬᠤᠷᠢᠶ᠎ᠠ᠂ ᠣᠷᠣᠨ ᠤ ᠰᠣᠶᠣᠯ ᠲᠠᠮᠢᠷ ᠤᠨ ᠲᠣᠪᠴᠢᠶ᠎ᠠ ᠳᠠᠭᠠᠭᠠᠨ ᠡᠷᠭᠢᠯᠡᠵᠦ᠂ ᠪᠥᠬᠦ ᠣᠷᠣᠨ ᠤ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ᠂ ᠡᠯ᠎ᠡ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠬᠠᠮᠵᠢᠯᠴᠠᠨ ᠡᠷᠭᠢᠯᠡᠪᠡ᠃ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠬᠠᠢ ᠶᠠᠨ᠂ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠯᠢ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠨ ᠰᠢᠤᠸᠠᠢ ᠸᠧᠨ᠂ ᠣᠷᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠶᠤᠸᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠥᠬᠦ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠨᠡᠶᠢᠭᠡᠮ ᠲᠣᠭᠤᠷᠢᠭ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠲᠥᠷᠥᠯ ᠵᠦᠢᠯ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠣᠯᠠᠨ ᠲᠦᠮᠡᠨ᠂ ᠰᠣᠷᠣᠭᠴᠢ ᠶᠢᠨ ᠲᠥᠯᠥᠭᠡᠯᠡᠭᠴᠢ᠂ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠨᠡᠶᠢᠲᠡ 200 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃
     ᠶᠣᠰᠣᠯᠠᠯ ᠳᠡᠭᠡᠷ᠎ᠡ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠯᠢ ᠲᠤᠬᠠᠢ ᠶᠢᠨ ᠲᠠᠯᠠᠪᠠᠢ ᠳᠤ ᠪᠠᠶᠠᠷ ᠤᠨ ᠦᠭᠡ ᠬᠡᠯᠡᠭᠰᠡᠨ ᠪᠥᠭᠡᠳ ᠪᠣᠯᠪᠠᠰᠤᠨ ᠤ ᠰᠠᠨᠠᠭᠠᠴᠢᠯᠠᠭ᠎ᠠ ᠭᠠᠷᠭᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠲᠠᠮᠢᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠲᠣᠪᠴᠢᠶ᠎ᠠ ᠲᠤᠬᠠᠢ ᠶᠢᠨ ᠲᠠᠯᠠᠪᠠᠢ ᠳᠤ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠪᠣᠯᠪᠠᠰᠤᠨ ᠢᠶᠠᠷ ᠨᠣᠬᠠᠢ ᠲᠡᠵᠢᠭᠡᠬᠦ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠵᠤᠭᠠᠴᠠᠯ᠂ ᠪᠣᠯᠪᠠᠰᠤᠨ ᠬᠤᠭᠤᠯᠠᠨ ᠰᠢᠷᠡᠭᠡᠨ ᠤ ︽ᠤᠷᠢᠯᠭ᠎ᠠ︾ᠭᠠᠷᠭᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠣᠯᠪᠠᠰᠤᠨ ᠬᠤᠳᠠ ᠶᠢᠨ ᠠᠷᠠᠳ ᠪᠣᠯᠬᠤ ᠪᠠᠷ ᠴᠢᠷᠮᠠᠶᠢᠵᠤ᠂ ᠪᠦᠬᠦ ᠣᠷᠣᠨ ᠳᠤ ᠶᠣᠰᠣ ᠰᠤᠷᠲᠠᠬᠤᠨ ᠢ ᠳᠡᠭᠡᠳᠦᠯᠡᠵᠦ ᠪᠤᠶᠠᠨ ᠦᠢᠯᠡᠳᠬᠦ ᠰᠤᠷᠲᠠᠯ ᠢ ᠪᠠᠳᠠᠷᠠᠭᠤᠯᠪᠠ᠃ ᠶᠣᠰᠣᠯᠠᠯ ᠤᠨ ᠲᠤᠬᠠᠢ ᠶᠢᠨ ᠲᠠᠯᠠᠪᠠᠢ ᠳᠤ ᠪᠠᠰᠠ 2023 ᠣᠨ ᠤ ᠪᠤᠭᠤᠲᠤ ᠬᠤᠳᠠ ᠶᠢᠨ ᠯᠧᠢ ᠹᠥ᠋ᠩ ᠠᠴᠠ ᠰᠤᠷᠤᠯᠴᠠᠭᠰᠠᠨ︽ᠲᠦᠷᠪᠡᠨ ᠰᠢᠯᠢᠳᠡᠭ︾ᠲᠡᠷᠢᠭᠦᠨ ᠤ ᠨᠡᠶᠢᠲᠡᠯᠢᠭ ᠵᠢᠱᠢᠶ᠎ᠡ ᠪᠠᠶᠢᠵᠤ᠂ 2023 ᠣᠨ ᠳᠤ ᠪᠤᠭᠤᠲᠤ ᠬᠤᠳᠠ ᠶᠢᠨ ᠪᠣᠯᠪᠠᠰᠤᠨ ᠨᠢᠭᠡᠴᠡ᠂ ᠪᠣᠯᠪᠠᠰᠤᠨ ᠪᠠᠭ᠎ᠠ ᠲᠣᠭᠤᠷᠢᠭ ᠲᠤ ᠫᠠᠶᠢᠰᠠ ᠣᠯᠭᠤᠨ ᠱᠠᠩᠨᠠᠯ ᠣᠯᠭᠤᠵᠤ᠂ ᠪᠦᠬᠦ ᠣᠷᠣᠨ ᠤ 6 ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠲᠤᠭ ᠣᠯᠭᠤᠵᠠᠢ᠃ ᠶᠣᠰᠣᠯᠠᠯ ᠤᠨ ᠲᠤᠬᠠᠢ ᠶᠢᠨ ᠲᠠᠯᠠᠪᠠᠢ ᠳᠤ ᠪᠣᠯᠪᠠᠰᠤᠨ ᠬᠡᠪ ᠰᠤᠷᠲᠠᠯ᠂ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠯᠭ᠎ᠠ᠂ ᠰᠠᠶᠢᠨ ᠳᠤᠷ᠎ᠠ ᠶᠢᠨ ᠦᠢᠯᠡᠴᠢᠯᠡᠭᠴᠢ ᠶᠢ ᠡᠯᠰᠡᠬᠦ ᠵᠢᠷᠭᠤᠭᠠᠨ ᠦᠵᠡᠭᠦᠯᠦᠯᠭᠡ ᠶᠢᠨ ᠲᠠᠶᠢᠰᠠ ᠶᠢ ᠲᠣᠬᠢᠷᠠᠭᠤᠯᠵᠤ᠂ ᠪᠣᠯᠪᠠᠰᠤᠨ ᠴᠤᠭᠯᠠᠭ᠎ᠠ ᠮᠠᠶᠢᠮᠠᠢ ᠶᠢ ᠪᠦᠷᠢᠯᠳᠦᠭᠦᠯᠵᠦ᠂ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠤ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃      ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ᠂ ᠡᠭᠦᠨ ᠤ ᠵᠣᠷᠢᠯᠭ᠎ᠠ ᠨᠢ ᠪᠦᠬᠦ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ᠴᠢᠩ ᠰᠡᠳᠬᠢᠯ ᠤᠨ ᠤᠷᠢᠯᠭ᠎ᠠ ᠪᠠ ᠢᠳᠡᠪᠬᠢᠲᠡᠢ ᠰᠠᠨᠠᠭᠠᠴᠢᠯᠠᠭ᠎ᠠ ᠭᠠᠷᠭᠠᠵᠤ᠂ ᠤᠯᠠᠨ ᠢᠶᠠᠷ ᠢᠶᠠᠨ ᠰᠢᠨ᠎ᠡ ᠴᠠᠭ ᠦᠶ᠎ᠡ ᠳᠤ ᠰᠠᠭᠤᠷᠢᠯᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠵᠤ ᠂ ᠡᠷᠬᠢᠮ ᠳᠡᠭᠡᠳᠦ ᠬᠦᠰᠡᠯᠡᠩ ᠢᠲᠡᠭᠡᠯ ᠪᠢᠰᠢᠷᠡᠯ ᠪᠠ ᠶᠣᠰᠣ ᠮᠣᠷᠠᠯ ᠵᠠᠩ ᠴᠢᠨᠠᠷ ᠤᠨ ᠬᠥᠭᠡᠭᠡᠴᠡᠯᠳᠦᠯ ᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠣᠯᠪᠠᠰᠤᠨ ᠦᠢᠯᠡ ᠠᠵᠢᠯᠯᠠᠭ᠎ᠠ ᠶᠢ ᠠᠵᠢᠯ ᠪᠠ ᠠᠮᠢᠳᠤᠷᠠᠯ ᠳᠤ ᠠᠭᠤᠰᠬᠠᠵᠤ᠂ ᠪᠠᠭ᠎ᠠ ᠰᠠᠭ᠎ᠠ ᠦᠢᠯᠡ ᠠᠵᠢᠯᠯᠠᠭ᠎ᠠ ᠪᠠᠷ ᠢᠶᠠᠨ ᠪᠣᠯᠪᠠᠰᠤᠨ ᠤ ᠬᠦᠴᠦᠨ ᠢ ᠨᠢᠭᠲᠠᠷᠠᠭᠤᠯᠵᠤ᠂ ᠬᠥᠮᠥᠨ ᠪᠣᠯᠭᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ᠂ ᠬᠥᠮᠥᠨ ᠪᠣᠯᠭᠠᠨ ᠲᠡᠷᠢᠭᠦᠨ ᠤ ᠵᠢᠱᠢᠶᠡᠴᠢ ᠪᠣᠯᠬᠤ ᠪᠠᠷ ᠴᠢᠷᠮᠠᠶᠢᠬᠤ ᠠᠮᠢᠳᠤᠯᠢᠭ ᠪᠠᠶᠢᠳᠠᠯ ᠢ ᠪᠤᠢ ᠪᠣᠯᠭᠠᠵᠤ᠂ ᠪᠣᠯᠪᠠᠰᠤᠨ ᠰᠤᠷᠲᠠᠯ ᠢ ᠬᠤᠳᠠ ᠶᠢᠨ ᠥᠨᠴᠥᠭ ᠪᠤᠯᠤᠩ ᠪᠦᠬᠦᠨ ᠳᠤ ᠨᠡᠪᠴᠢᠭᠦᠯᠵᠦ᠂ ᠬᠠᠶᠢᠷ᠎ᠠ ᠬᠠᠯᠠᠮᠵᠢ ᠪᠠ ᠬᠤᠪᠢ ᠨᠡᠮᠡᠷᠢ ᠪᠠᠷ ᠢᠶᠠᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠨᠡᠩ ᠭᠡᠷᠡᠯ ᠰᠠᠴᠤᠷᠠᠩᠭᠤᠢ ᠢᠷᠡᠭᠡᠳᠦᠢ ᠶᠢ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号