ᠠᠵᠠ ᠲᠣᠬᠢᠶᠠᠯ ᠢ ᠠᠮᠵᠢᠵᠤ ᠪᠣᠳᠠᠲᠠᠢ ᠠᠵᠢᠯᠯᠠᠬᠤ ᠨᠢ ᠪᠤᠭᠤᠲᠤ ᠶᠢᠨ ᠲᠡᠷᠢᠭᠦᠨ ᠳᠤ ᠣᠷᠣᠬᠤ ᠪᠠᠷ ᠴᠢᠷᠮᠠᠶᠢᠵᠤ ᠬᠦᠴᠦᠨ ᠴᠢᠳᠠᠯ ᠢᠶᠠᠨ ᠡᠷᠭᠦᠬᠦ ᠶᠠᠪᠤᠳᠠᠯ ᠪᠣᠯᠵᠠᠢ ︱ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠨᠠᠮ ᠤᠨ ᠬᠤᠷᠢᠶᠠᠨ ᠤ ᠱᠦᠵᠢ ᠦ᠋ ᠺᠠᠢ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2024/3/7
     ᠪᠤᠭᠤᠲᠤ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠲᠠ ᠰᠠᠶᠢᠨ ᠪᠠᠶᠢᠨ᠎ᠠ ᠤᠣ᠂ ᠲᠠ ᠬᠤᠳᠠ ᠶᠢᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠪᠤᠭᠤᠲᠤ ᠶᠢᠨ ᠰᠢᠨ᠎ᠡ ᠨᠢᠭᠡ ᠡᠭᠡᠯᠵᠢ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠠᠢ ᠶᠦᠨ  ᠤ ᠬᠦᠴᠦᠨ ᠴᠢᠳᠠᠯ ᠢ ᠬᠡᠷᠬᠢᠨ ᠡᠷᠭᠦᠬᠦ ᠲᠤᠬᠠᠢ ᠶᠠᠷᠢᠭᠠᠳ ᠥᠭᠭᠦᠨ᠎ᠡ ᠦᠦ︖      ᠬᠦᠨᠳᠦᠲᠦ ᠵᠣᠴᠢᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠪᠠᠢ ᠶᠦᠨ ᠠᠭᠤᠷᠬᠠᠢ ᠶᠢᠨ ᠣᠷᠣᠨ ᠤ ᠨᠠᠮ ᠤᠨ ᠬᠤᠷᠢᠶᠠᠨ ᠤ ᠱᠦᠵᠢ ᠦ᠋ ᠺᠠᠢ᠄      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠠᠮᠵᠢᠵᠤ᠂ ᠨᠡᠮᠡᠭᠳᠡᠯ ᠤᠨ ᠤᠬᠠᠮᠰᠠᠷ ᠢ ᠴᠢᠩᠭᠠᠳᠬᠠᠵᠤ᠂︽ᠭᠤᠷᠪᠠᠨ ᠭᠠᠵᠠᠷ ᠨᠢᠭᠡ ᠴᠡᠭ᠂ ᠬᠤᠶᠠᠷ ᠬᠦᠷᠢᠶᠡᠯᠡᠩ ᠳᠦᠷᠪᠡᠨ ᠲᠣᠭᠤᠷᠢᠭ︾᠎ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠦᠷᠭᠦᠯᠵᠢᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠴᠠᠭᠠᠨ ᠡᠭᠦᠯᠡ ᠶᠢ ᠬᠦᠴᠦᠯᠡᠨ ᠪᠦᠲᠦᠭᠡᠨ ᠪᠠᠶᠢᠭᠤᠯᠤᠨ᠎ᠠ᠃      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ︽ᠪᠠᠭ᠎ᠠ ᠲᠣᠭᠤᠷᠢᠭ ᠲᠤ ᠴᠤ ᠶᠡᠭᠡ ᠦᠢᠯᠡᠰ ᠪᠦᠲᠦᠭᠡᠬᠦ︾ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠬᠤ ᠬᠡᠷᠡᠭᠲᠡᠢ᠃ ᠰᠢᠨ᠎ᠡ ᠨᠢᠭᠡᠨ ᠵᠢᠯ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠬᠤᠪᠣᠷ ᠰᠢᠷᠣᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠬᠥᠭᠵᠢᠭᠦᠯᠦᠯᠲᠡ᠂ ᠴᠢᠨᠠᠷ ᠰᠠᠶᠢᠲᠠᠢ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠲᠦᠷᠭᠡᠨ ᠪᠦᠬᠦ ᠣᠷᠣᠨ ᠤ ᠬᠦᠴᠦᠨ ᠢᠶᠠᠷ ᠪᠠᠶᠠᠨ᠋ᠣ᠋ᠪᠣᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠨᠢᠰᠦᠭᠡ ᠭᠠᠵᠠᠷ ᠤᠨ ᠠᠵᠤ ᠠᠬᠤᠢ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠷᠢᠶᠡᠯᠡᠩ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠨᠢᠭᠡ ᠡᠭᠡᠯᠵᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠣᠳᠠᠲᠠᠢ ᠪᠠᠷ ᠠᠳᠬᠤᠨ᠂ ᠬᠤᠪᠣᠷ ᠰᠢᠷᠣᠢ ᠶᠢᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠥᠪᠯᠡᠷᠡᠨ ᠬᠥᠭᠵᠢᠬᠦ ᠶᠢ ᠴᠢᠩᠭᠠᠳᠬᠠᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠪᠤᠵᠠᠭᠠᠶᠢᠷᠠᠭᠤᠯᠤᠨ᠂ ᠺᠠᠯᠢ᠂ ᠨᠢᠦᠪᠢ᠂ ᠰᠺᠠᠨᠳᠢ ᠶᠢᠨ ᠡᠬᠢ ᠪᠠᠶᠠᠯᠢᠭ ᠢ ᠡᠮᠬᠢ ᠵᠢᠷᠤᠮ ᠲᠠᠢ ᠨᠡᠭᠡᠭᠡᠨ ᠬᠥᠭᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠨ ᠪᠡᠶᠡᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃      ᠪᠢᠳᠡ ᠪᠠᠰᠠ ᠪᠦᠬᠦ ᠣᠷᠣᠨ ᠤ ᠬᠦᠴᠦᠨ ᠢᠶᠠᠷ ᠢᠶᠠᠨ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ᠭᠡᠬᠦ ᠡᠨᠡᠬᠦ ᠬᠤᠳᠠ ᠶᠢᠨ ᠲᠦᠷᠦᠯ ᠲᠡᠮᠳᠡᠭ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠴᠣᠭᠴᠠᠯᠠᠵᠤ᠂ ︽ᠲᠠᠨ ᠤ ᠰᠡᠳᠬᠢᠯ ᠬᠠᠨᠤᠮᠵᠢᠲᠠᠢ ᠪᠠᠶᠢᠬᠤ ᠶᠢ ᠪᠠᠲᠤᠯᠠᠬᠤ︾᠂︽ᠲᠠᠨ ᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ︾᠎ ᠶᠢᠨ ᠵᠡᠷᠭᠡᠪᠡᠷ ︽ᠴᠠᠭᠠᠨ ᠡᠭᠦᠯᠡᠨ ᠤ ᠬᠤᠷᠳᠤᠴᠠ︾᠂︽ᠴᠠᠭᠠᠨ ᠡᠭᠦᠯᠡᠨ ᠤ ᠳᠤᠯᠠᠭᠠᠨ ᠤ ᠬᠡᠮᠵᠢᠶ᠎ᠡ︾᠎ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠪᠠᠰᠠ ︽ᠨᠡᠭᠦᠷᠡᠰᠦᠲᠥ᠋ᠷᠥᠭᠴᠢ ᠦᠭᠡᠢ ᠴᠠᠭᠠᠨ ᠡᠭᠦᠯᠡ︾᠎ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠣᠶᠤᠨᠲᠤ ᠠᠭᠤᠷᠬᠠᠢ᠂ ᠣᠶᠤᠨᠲᠤ ᠬᠦᠷᠢᠶᠡᠯᠡᠩ ᠲᠣᠭᠤᠷᠢᠭ ᠪᠣᠯᠣᠨ ᠲᠣᠭᠠᠴᠢᠯᠠᠭᠰᠠᠨ ᠣᠶᠤᠨᠲᠤ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠰᠢᠨ᠎ᠡ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ᠂ ᠪᠣᠬᠢᠷᠲᠤᠯ ᠦᠭᠡᠢ ᠰᠤᠨᠤᠮᠠᠯ ᠬᠡᠯᠬᠢᠶᠡᠲᠦ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠤᠨ ᠬᠥᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠨᠡᠩ ᠥᠨᠳᠥᠷ ᠶᠠᠰᠤ ᠴᠢᠨᠠᠷ ᠲᠠᠢ ᠪᠣᠬᠢᠷᠲᠤᠯ ᠦᠭᠡᠢ ᠠᠭᠤᠷᠬᠠᠢ᠂ ᠣᠶᠤᠨᠲᠤ ᠠᠭᠤᠷᠬᠠᠢ ᠶᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠬᠤᠲᠠ ᠶᠢᠨ ᠪᠡᠶ᠎ᠡ ᠶᠢᠨ ᠪᠠᠶᠢᠴᠠᠭᠠᠯᠲᠠ᠂ ᠵᠢᠷᠤᠭ ᠲᠥᠯᠥᠪᠯᠡᠭᠡ᠂ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ ᠬᠥᠮᠥᠰ ᠤᠨ ᠠᠩᠬᠠᠷᠤᠯ ᠢ ᠲᠥᠪᠯᠡᠷᠡᠭᠦᠯᠵᠦ᠂ 10 ᠮᠢᠨᠦ᠋ᠲ ᠤᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠴᠠᠷᠠᠭ᠎ᠠ ᠶᠢ ᠴᠢᠨᠠᠷ ᠰᠠᠶᠢᠲᠠᠢ ᠴᠣᠭᠴᠠᠯᠠᠨ ᠪᠠᠶᠢᠭᠤᠯᠵᠤ᠂ ᠵᠠᠯᠠᠭᠤᠴᠤᠳ ᠤᠨ ᠨᠥᠬᠦᠷᠰᠡᠭ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠵᠤ᠂ ᠰᠣᠶᠣᠯ ᠵᠢᠭᠤᠯᠴᠢᠯᠠᠯ᠂ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠤᠨ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠢ ᠳᠠᠭᠠᠭᠠᠨ ᠡᠷᠭᠢᠯᠡᠵᠦ᠂ ᠬᠤᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠠ ᠬᠥᠭᠵᠢᠯᠲᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ᠮᠠᠨ ᠤ ᠣᠷᠣᠨ ᠪᠠᠶᠢᠷᠢ ᠶᠢᠨ ᠳᠠᠪᠠᠭᠤᠯᠢᠭ ᠣᠨᠴᠠᠭᠠᠶ ᠢᠯᠡᠷᠬᠡᠢ ᠪᠠᠶᠢᠭ᠎ᠠ ᠪᠣᠯᠬᠤᠷ ᠵᠠᠪᠠᠯ ᠮᠠᠨᠳᠤᠯ᠎ᠠ ᠪᠣᠭᠤᠮᠲᠠ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠲᠦᠷᠭᠡᠪᠴᠢᠯᠡᠨ ᠪᠣᠶᠢᠵᠢᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠮᠣᠩᠭᠤᠯ ᠤᠯᠤᠰ ᠤᠨ ᠴᠢᠨᠠᠷ ᠰᠠᠶᠢᠲᠠᠢ ᠨᠡᠭᠦᠷᠡᠰᠦ᠂ ᠵᠡᠰ ᠵᠡᠷᠭᠡ ᠡᠬᠢ ᠪᠠᠶᠠᠯᠢᠭ ᠢ ᠴᠢᠨᠠᠭᠰᠢᠳᠠ ᠰᠠᠶᠢᠲᠤᠷ ᠠᠰᠢᠭᠯᠠᠵᠤ᠂ ᠨᠠᠷᠮᠠᠢ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠤᠯᠠᠨ ᠤᠯᠤᠰ ᠤᠨ ᠡᠬᠢ ᠪᠠᠶᠠᠯᠢᠭ ᠢ ᠡᠳ᠋ᠰᠢᠭᠦᠯᠬᠦ ᠬᠦᠷᠢᠶᠡᠯᠡᠩ ᠢ ᠴᠢᠷᠮᠠᠶᠢᠨ ᠪᠠᠶᠢᠭᠤᠯᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠲᠦᠷᠭᠡᠨ ᠪᠠᠶᠢᠭᠤᠯᠵᠤ᠂ ᠮᠣᠩᠭᠤᠯ ᠤᠯᠤᠰ ᠤᠨ ᠠᠭᠤᠷᠬᠠᠢ ᠶᠢᠨ ᠲᠡᠭᠡᠭᠡᠪᠦᠷᠢ ᠶᠢᠨ ᠮᠠᠰᠢᠨ ᠲᠡᠷᠭᠡᠨ ᠤ ᠬᠥᠳᠡᠯᠭᠡᠭᠦᠷ ᠮᠠᠰᠢᠨ ᠤ ᠬᠢᠯᠢ ᠠᠯᠤᠰᠯᠠᠨ ᠰᠡᠯᠪᠢᠨ ᠵᠠᠰᠠᠬᠤ ᠦᠢᠯᠡᠴᠢᠯᠡᠭᠡ ᠶᠢᠨ ᠰᠢᠪᠲᠤᠯᠤᠯᠲᠠ ᠲᠠᠢ ᠪᠣᠯᠬᠤ ᠶᠢ ᠲᠦᠷᠭᠡᠨ ᠠᠬᠢᠭᠤᠯᠤᠨ᠎ᠠ᠃      ᠶᠡᠷᠦᠩᠬᠡᠶᠢᠯᠡᠪᠡᠯ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠣᠶᠢᠯᠠᠭᠠᠬᠤ ᠰᠡᠳᠬᠢᠬᠦᠢ︾᠎ ᠶᠢ ᠪᠠᠲᠤᠳᠬᠠᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠳᠤᠮᠳᠠ ᠰᠢᠨ᠎ᠡ ᠵᠢᠳᠬᠦᠯ ᠭᠠᠷᠭᠠᠵᠤ᠂ ᠰᠢᠯᠢᠳᠡᠭ ᠠᠮᠵᠢᠯᠲᠠ ᠪᠠᠷ ᠢᠶᠠᠨ︽ᠴᠠᠭᠠᠨ ᠡᠭᠦᠯᠡᠨ ᠤ ᠬᠠᠷᠢᠭᠤᠯᠲᠠ ᠶᠢᠨ ᠬᠠᠭᠤᠳᠠᠰᠤ︾ᠲᠤᠰᠢᠶᠠᠵᠤ᠂ ᠪᠤᠭᠤᠲᠤ ᠶᠢᠨ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠲᠠᠬᠢᠨ ᠪᠤᠴᠠᠬᠤ ᠳᠤ ᠴᠠᠭᠠᠨ ᠡᠭᠦᠯᠡᠨ ᠤ ᠬᠦᠴᠦᠨ ᠴᠢᠳᠠᠯ ᠢᠶᠠᠨ ᠨᠡᠮᠡᠷᠢᠯᠡᠨ᠎ᠡ︕
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号