ᠪᠠᠶᠠᠨ᠋ᠣ᠋ᠪᠣᠭ᠎ᠠ᠄ ︽ᠵᠢᠵᠢᠭ ᠴᠣᠩᠬᠤ︾᠎ ᠶᠢᠨ ᠰᠢᠨ᠎ᠡ ᠶᠢ ᠡᠭᠦᠳᠴᠦ ︽ᠶᠡᠭᠡ ᠵᠢᠳᠬᠦᠯ ᠴᠢᠷᠮᠠᠶᠢᠯᠭ᠎ᠠ︾᠎ ᠶᠢ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/3/7
      ︽ᠪᠠᠶᠠᠨ᠋ᠣ᠋ᠪᠣᠭ᠎ᠠ ᠶᠢᠨ ᠬᠤᠷᠳᠤᠴᠠ︾᠎ ᠶᠢ ᠢᠯᠡᠷᠡᠭᠦᠯᠵᠦ᠂ ︽ᠪᠠᠶᠠᠨ᠋ᠣ᠋ᠪᠣᠭ᠎ᠠ ᠶᠢᠨ ᠳᠤᠯᠠᠭᠠᠨ︾᠎ ᠢ ᠪᠡᠶᠡᠴᠢᠯᠡᠨ ᠣᠶᠢᠯᠠᠭᠠᠬᠤ ᠬᠡᠷᠡᠭᠲᠡᠢ᠃      ᠦᠢᠯᠡᠴᠢᠯᠡᠭᠡᠨ ᠤ ︽ᠵᠢᠵᠢᠭ ᠴᠣᠩᠬᠤ︾᠎ ᠶᠢᠨ ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ︽ᠶᠡᠭᠡ ᠦᠢᠯᠡᠰ︾᠎ ᠢ ᠵᠣᠷᠢᠭᠲᠠᠢ ᠪᠠᠷ ᠡᠭᠦᠷᠭᠡᠯᠡᠪᠡ᠃      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ︽ᠰᠠᠭᠤᠭᠠᠯᠢ ᠠᠷᠠᠳ ᠤᠨ ᠲᠣᠭᠤᠷᠢᠭ ᠲᠤ ᠴᠤ ᠶᠡᠭᠡ ᠦᠢᠯᠡᠰ ᠪᠦᠲᠦᠭᠡᠬᠦ︾ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠠᠲᠤ ᠪᠤᠶ ᠪᠣᠯᠭᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠦᠴᠦ ᠪᠠᠨ ᠲᠥᠪᠯᠡᠷᠡᠭᠦᠯᠦᠨ ᠨᠢᠭᠡ ᠪᠦᠯᠦᠭ ᠭᠦᠢᠴᠡᠳᠬᠡᠬᠦ ᠲᠤᠭ᠎ᠠ ᠪᠠᠷ ᠲᠡᠷᠢᠭᠦᠯᠡᠭᠰᠡᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠤᠷᠰᠢᠯᠲᠠ ᠶᠢᠨ ᠴᠢᠭ᠋ ᠢ ᠪᠠᠶᠢᠭᠤᠯᠵᠤ᠂ ᠲᠤᠶᠢᠯ ᠤᠨ ᠲᠥᠬᠦᠮ ᠬᠢᠨᠠᠨ ᠵᠥᠪᠰᠢᠶᠡᠷᠡᠬᠦ ᠵᠢᠱᠢᠶ᠎ᠡ ᠦᠵᠡᠭᠦᠯᠬᠦ ᠣᠷᠣᠨ ᠢ ᠪᠣᠶ ᠪᠣᠯᠭᠠᠵᠤ᠂ ᠪᠤᠭᠤᠲᠤ ᠬᠤᠲᠠ ᠶᠢᠨ ᠳᠥᠷᠪᠡᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠥᠷᠥᠯ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠᠳᠠᠭᠢ ᠡᠲᠡᠭᠡᠳ ᠤᠨ ᠦᠨᠡᠯᠡᠨ ᠵᠢᠱᠢᠯᠲᠡ ᠳᠤ ᠨᠢᠭᠡᠳᠦᠭᠡᠷ ᠲᠤ ᠣᠷᠣᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠷᠭ᠎ᠠ ᠬᠢᠳᠡᠯ ᠢ ᠪᠥᠬᠦ ᠤᠯᠤᠰ ᠤᠨ ᠳᠥᠷᠪᠡᠳᠦᠭᠡᠷ ᠬᠤᠭᠤᠴᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠭᠡᠯᠡᠨ ᠪᠣᠳᠠᠲᠤ ᠬᠦᠴᠦᠨ‌‍ᠦ ᠥᠭᠡᠷᠡᠴᠢᠯᠡᠯᠲᠡ ᠶᠢᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠵᠤ᠂ ︽2023 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠰᠤᠳᠤᠯᠤᠨ ᠶᠠᠷᠢᠯᠴᠠᠬᠤ ᠵᠢᠴᠢ ᠳᠥᠷᠪᠡᠳᠦᠭᠡᠷ ᠬᠤᠭᠤᠴᠠᠭᠠᠨ ᠤ ᠵᠥᠭᠡᠯᠡᠨ ᠪᠣᠳᠠᠲᠤ ᠬᠦᠴᠦᠨ ᠤ ᠦᠷ᠎ᠡ ᠪᠦᠲᠦᠭᠡᠯ ᠢ ᠨᠡᠶᠢᠲᠡᠯᠡᠬᠦ ᠶᠡᠭᠡ ᠬᠤᠷᠠᠯ︾᠎ ᠳᠤ
    ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠬᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠬᠦ᠂ ᠥᠭᠡᠷᠡᠴᠢᠯᠡᠯᠲᠡ ᠶᠢ ᠠᠬᠢᠭᠤᠯᠬᠤ ᠶᠢ ᠴᠢᠬᠤᠯᠠᠴᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠬᠦ ᠶᠢ ᠠᠬᠢᠭᠤᠯᠤᠨ᠎ᠠ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠲᠠᠢ ᠬᠠᠷᠢᠴᠠᠭᠤᠯᠵᠤ ᠦᠵᠡᠪᠡᠯ᠂ ︽ᠪᠤᠭᠤᠲᠤ ᠬᠤᠲᠠ ᠶᠢᠨ ᠪᠥᠬᠦ ᠲᠠᠯ᠎ᠠ ᠶᠢᠨ ᠠᠷᠭ᠎ᠠ ᠲᠠᠢ ᠪᠣᠯᠭᠠᠬᠤ︾ ᠠᠷᠭ᠎ᠠ ᠶᠢ ᠦᠨᠳᠦᠰᠦᠯᠡᠨ ᠲᠠᠨ ᠤ ᠬᠠᠨᠤᠮᠵᠢᠲᠠᠶ ︽ᠲᠡᠷᠢᠭᠦᠨ ᠲᠠᠰ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠨᠠᠷᠠᠲᠤ ᠲᠥᠷᠥᠯ ᠲᠡᠮᠳᠡᠭᠲᠦ ᠶᠢᠨ ᠠᠵᠢᠯ ᠤᠨ ᠡᠭᠦᠷᠭᠡ ᠶᠢᠨ ᠠᠵᠢᠯᠯᠠᠭᠠᠨ ᠤ ᠲᠥᠰᠥᠯ︾᠎ ᠢ ᠳᠠᠭᠠᠭᠠᠴᠢᠯᠠᠨ᠎ᠠ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ︿ᠲᠠ ᠰᠠᠨᠠᠭ᠎ᠠ ᠠᠮᠤᠷ ᠪᠠᠶᠢᠬᠤ ᠶᠢ ᠳᠠᠭᠠᠭᠠᠬᠤ﹀ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠤᠷᠢᠨ ᠵᠦᠢᠯ ᠤᠨ ᠠᠷᠭ᠎ᠠ ᠬᠡᠮᠵᠢᠶ᠎ᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠵᠡᠷᠭᠡ ᠳᠤ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠡᠵᠡᠩᠨᠡᠯᠲᠡ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ ᠨᠦᠭᠦᠳ︾᠎ ᠢ ᠨᠠᠶᠢᠷᠠᠭᠤᠯᠤᠨ ᠳᠠᠷᠤᠮᠠᠯᠯᠠᠨ ᠲᠠᠷᠬᠠᠭᠠᠵᠤ᠂ ᠨᠡᠶᠢᠲᠡ 50 ᠵᠦᠢᠯ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠦᠴᠦᠯᠡᠨ ᠬᠤᠪᠢᠷᠠᠭᠤᠯᠵᠤ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠢ ᠴᠣᠩᠬᠤ ᠭᠠᠷᠭᠠᠨ᠎ᠠ᠃ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠂ ᠰᠦᠯᠵᠢᠶᠡᠨ ᠠᠴᠠ ᠭᠠᠳᠠᠨ᠎ᠠ ︽ᠨᠢᠭᠡ ᠴᠣᠩᠬᠤ ᠪᠠᠷ ᠪᠦᠬᠦᠨ ᠢ ᠰᠢᠢᠳᠪᠦᠷᠢᠯᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠨᠡᠭᠡᠭᠡᠨ ᠡᠷᠭᠢᠯᠡᠬᠦ ᠪᠥᠬᠦ ᠶᠠᠪᠤᠴᠠ ᠶᠢᠨ ︽ᠨᠢᠭᠡ ᠰᠦᠯᠵᠢᠶ᠎ᠡ᠂ ᠨᠢᠭᠡ ᠴᠣᠩᠬᠤ᠂ ᠨᠢᠭᠡ ᠬᠦᠰᠦᠨᠦᠭᠲᠦ᠂ ᠨᠢᠭᠡ ᠤᠳᠠᠭ᠎ᠠ᠂ 0.5 ᠡᠳᠦᠷ︾᠎ ᠢᠶᠠᠷ ᠭᠦᠢᠴᠡᠳᠬᠡᠬᠦ ᠶᠢ ᠪᠡᠶᠡᠯᠡᠭᠦᠯᠵᠦ᠂ ︽ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ + ᠢᠲᠡᠭᠡᠮᠵᠢ ᠶᠢᠨ ᠠᠮᠠᠯᠠᠯᠲᠠ + ᠣᠶᠤᠨᠴᠢ ᠪᠠᠷ ᠨᠤᠲᠠᠯᠠᠬᠤ︾ ᠳᠠᠩᠰᠠᠯᠠᠯᠲᠠ ᠶᠢᠨ ᠵᠠᠭᠪᠤᠷ ᠢ ᠢᠳᠡᠪᠬᠢᠲᠡᠢ ᠠᠬᠢᠭᠤᠯᠤᠨ᠂ ᠬᠤᠪᠢ ᠬᠥᠮᠥᠨ ᠤ ᠳᠡᠩᠰᠡᠯᠡᠨ ᠲᠡᠮᠳᠡᠭᠯᠡᠬᠦ ᠳᠤ ︽ᠭᠠᠷ ᠲᠦᠷᠦᠭᠦ ᠦᠭᠡᠢ︾ ᠪᠠᠶᠢᠬᠤ ᠶᠢ ᠪᠡᠶᠡᠯᠡᠭᠦᠯᠵᠦ᠂ ᠦᠨᠡᠮᠯᠡᠯ ᠪᠠ ᠭᠡᠷᠡᠴᠢ ᠶᠢ ᠰᠠᠯᠭᠠᠬᠤ ᠥᠭᠡᠷᠡᠴᠢᠯᠡᠯᠲᠡ ᠶᠢᠨ ᠲᠥᠰᠥᠯ ᠲᠠᠢ ᠤᠶᠠᠯᠳᠤᠭᠤᠯᠤᠨ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠭᠡᠭᠡᠨ ᠡᠷᠭᠢᠯᠡᠬᠦ ᠶᠢ ᠲᠤᠬᠠᠢ ᠶᠢᠨ ᠲᠠᠯᠠᠪᠤᠷ ᠲᠤᠨᠢ ᠭᠦᠢᠴᠡᠳᠬᠡᠬᠦ ᠶᠢ ᠠᠮᠠᠯᠠᠨ᠎ᠠ︔ ︽ᠨᠢᠭᠡ ᠦᠨᠡᠮᠯᠡᠯ ᠳᠤ ᠣᠯᠠᠨ ᠬᠠᠶ᠋ᠢᠭ︾᠎ ᠤᠨ ᠥᠭᠡᠷᠡᠴᠢᠯᠡᠯᠲᠡ ᠶᠢ ᠥᠷᠨᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠳᠤ ᠰᠢᠭᠤᠳ ᠬᠤᠯᠪᠣᠭᠳᠠᠬᠤ ᠬᠦᠷᠢᠶ᠎ᠡ ᠴᠠᠷᠠᠭ᠎ᠠ ᠶᠢ ᠰᠦᠪᠡᠭᠴᠢᠯᠡᠬᠦ ᠠᠴᠠ ᠭᠠᠳᠠᠨ᠎ᠠ᠂ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠳᠤ᠂ ᠡᠵᠡᠩᠨᠡᠯᠲᠡ ᠶᠢᠨ ᠦᠨᠡᠮᠯᠡᠯ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ ᠭᠠᠵᠠᠷ︶᠎ ᠶᠢᠨ ᠬᠠᠶ᠋ᠢᠭ ᠢ ᠨᠡᠮᠡᠵᠦ ᠣᠷᠣᠭᠤᠯᠬᠤ ᠶᠢ ᠵᠥᠪᠰᠢᠶᠡᠷᠡᠵᠦ᠂ ᠰᠠᠯᠪᠤᠷᠢ ᠪᠠᠶᠢᠭᠤᠯᠤᠮᠵᠢ ᠶᠢᠨ ᠳᠠᠩᠰᠠᠯᠠᠯᠲᠠ ᠠᠴᠠ ᠬᠡᠯᠲᠦᠷᠢᠭᠦᠯᠦᠨ᠎ᠡ︔ ᠴᠠᠭ ᠢ ᠤᠷᠲᠤᠳᠬᠠᠬᠤ ᠦᠢᠯᠡᠴᠢᠯᠡᠭᠡ᠂ ᠪᠣᠯᠵᠣᠬᠤ ᠦᠢᠯᠡᠴᠢᠯᠡᠭᠡ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ᠂ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠬᠦ᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠠᠩᠭᠠᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠳᠤ ᠬᠦᠷᠴᠦ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠳᠥᠭᠦᠮ ᠦᠭᠡᠢ ᠠᠵᠤ ᠠᠬᠤᠶᠢᠯᠠᠯ ᠳᠤ ᠳ᠋ᠢᠶᠠᠩᠬᠤᠸᠠ᠂ ᠸᠢᠴᠠᠲ ᠤᠨ ᠵᠢᠯᠣᠭᠤᠳᠤᠯᠭ᠎ᠠ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠵᠦ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ︽ᠭᠡᠷᠡᠴᠢ ᠦᠨᠡᠮᠯᠡᠯ ᠢ ᠨᠡᠶᠢᠯᠡᠭᠦᠯᠦᠨ ᠪᠣᠷᠣᠯᠠᠭᠤᠯᠬᠤ︾ ᠥᠭᠡᠷᠡᠴᠢᠯᠡᠯᠲᠡ ᠬᠢᠭᠡᠳ ᠠᠵᠤ ᠠᠬᠤᠶᠢᠯᠠᠯ ᠤᠨ ᠬᠦᠴᠦᠨ ᠦᠭᠡᠢ ᠪᠣᠯᠭᠠᠬᠤ ᠪᠥᠬᠦ ᠶᠠᠪᠤᠴᠠ ᠶᠢ ᠡᠯᠧᠺᠲᠷᠣᠨ ᠢᠶᠠᠷ ᠭᠦᠢᠴᠡᠳᠬᠡᠬᠦ ᠶᠢ ᠢᠳᠡᠪᠬᠢᠲᠡᠢ ᠬᠡᠷᠡᠭᠵᠢᠭᠦᠯᠵᠦ᠂ ᠭᠤᠶᠤᠴᠢᠯᠠᠭᠴᠢ ᠳᠤ ᠬᠦᠴᠦᠨ ᠦᠭᠡᠢ ᠪᠣᠯᠭᠠᠬᠤ ᠭᠠᠷᠳᠠᠮ ᠢ ᠨᠢᠭᠡ ᠯᠡ ᠤᠳᠠᠭ᠎ᠠ ᠳᠤ ᠭᠦᠢᠴᠡᠳᠬᠡᠵᠦ ᠥᠭᠭᠦᠨ᠎ᠡ᠂ ᠬᠦᠴᠦᠨ ᠦᠭᠡᠢ ᠪᠣᠯᠭᠠᠬᠤ ᠭᠤᠭᠴᠤᠭ᠎ᠠ ᠶᠢ ︽ᠠᠮᠠᠯᠠᠬᠤ᠂ ᠵᠠᠷᠯᠠᠬᠤ᠂ ᠬᠦᠴᠦᠨ ᠦᠭᠡᠢ ᠪᠣᠯᠭᠠᠬᠤ︾ 3 ᠪᠠᠶᠢᠭᠰᠠᠨ ᠠᠴᠠ ︽ᠠᠯᠪᠠᠨ ᠵᠠᠷ ᠨᠡᠶᠢᠲᠡᠯᠡᠬᠦ᠂ ᠬᠦᠴᠦᠨ ᠦᠭᠡᠢ ᠪᠣᠯᠭᠠᠬᠤ︾ 2 ᠪᠣᠯᠭᠠᠨ ᠪᠠᠭᠠᠰᠬᠠᠵᠤ᠂ ᠬᠦᠴᠦᠨ ᠦᠭᠡᠢ ᠪᠣᠯᠭᠠᠬᠤ ᠭᠦᠢᠴᠡᠳᠬᠡᠬᠦ ᠴᠠᠭ ᠢ 45 ᠠᠵᠢᠯᠯᠠᠬᠤ ᠡᠳᠦᠷ ᠪᠠᠶᠢᠭᠰᠠᠨ ᠠᠴᠠ 20 ᠠᠵᠢᠯᠯᠠᠬᠤ ᠡᠳᠦᠷ ᠪᠣᠯᠭᠠᠨ ᠪᠠᠭᠠᠰᠬᠠᠨ᠎ᠠ᠃      ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠴᠣᠩᠬᠤ ᠨᠢ ᠭᠦᠢᠴᠡᠳᠬᠡᠬᠦ ᠴᠢᠬᠤᠯᠠ ᠨᠥᠬᠦᠴᠡᠯ ᠢ ᠴᠣᠮᠬᠠᠳᠬᠠᠵᠤ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠨ᠂ 24 ᠴᠠᠭ ᠤᠨ ᠭᠦᠢᠴᠡᠳᠬᠡᠵᠦ ᠳᠠᠭᠤᠰᠬᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠪᠠᠶᠢᠴᠠᠭᠠᠨ ᠪᠢᠲᠡᠭᠦᠮᠵᠢᠯᠡᠬᠦ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ᠂ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ︽ᠳᠠᠷᠤᠢ ᠳᠤᠨᠢ ᠢᠷᠡᠵᠤ ᠳᠠᠷᠤᠢ ᠳᠤᠨᠢ ᠭᠦᠢᠴᠡᠳᠬᠡᠵᠦ︾᠂ ᠲᠤᠰ ᠭᠠᠵᠠᠷ ᠣᠷᠣᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ 24 ᠴᠠᠭ ᠤᠨ ᠭᠦᠢᠴᠡᠳᠬᠡᠯ ᠤᠨ ᠨᠤᠷᠮ᠎ᠠ ᠶᠢ 70%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ; ︽ᠬᠡᠯᠡᠵᠦ ᠥᠭᠬᠦ ᠠᠮᠠᠯᠠᠯᠲᠠ ᠶᠢᠨ ᠳᠦᠷᠢᠮ︾᠎ ᠢ ᠬᠡᠷᠡᠭᠵᠢᠭᠦᠯᠵᠦ᠂ ᠭᠤᠣᠯ ᠪᠤᠰᠤ ᠭᠥᠯᠢᠶᠡᠨ ᠠᠪᠴᠤ ᠰᠢᠢᠳᠪᠦᠷᠢᠯᠡᠬᠦ ᠴᠢᠬᠤᠯᠠ ᠨᠥᠬᠦᠴᠡᠯ ᠳᠤ ︽ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ︾᠎ ᠶᠢ ᠬᠡᠷᠡᠭᠵᠢᠭᠦᠯᠦᠨ᠂ ︽ᠲᠦᠷᠭᠡᠨ ᠬᠦᠷᠭᠡᠯᠲᠡ ᠶᠢ ᠭᠡᠷ ᠲᠤᠨᠢ ᠬᠦᠷᠭᠡᠬᠦ︾ ᠰᠢᠤᠳᠠᠨ ᠢᠶᠠᠷ ᠢᠯᠡᠭᠡᠬᠦ ᠦᠢᠯᠡᠴᠢᠯᠡᠭᠡ ᠲᠠᠢ ᠬᠠᠮᠵᠢᠯᠴᠠᠵᠤ᠂ ᠴᠢᠬᠤᠯᠠ ᠨᠥᠬᠦᠴᠡᠯ ᠨᠢ ᠲᠣᠭᠲᠠᠭᠠᠯ ᠳᠤ ᠨᠡᠶᠢᠴᠡᠬᠦ ᠦᠭᠡᠢ ᠠᠴᠠ ᠪᠣᠯᠵᠤ ᠡᠭᠦᠰᠦᠭᠰᠡᠨ ︽ᠣᠯᠠᠨ ᠤᠳᠠᠭ᠎ᠠ ᠬᠡᠷᠡᠭ ᠰᠢᠢᠳᠪᠦᠷᠢᠯᠡᠬᠦ ᠪᠠᠷ ᠭᠦᠶᠦᠬᠦ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃      ᠪᠠᠭ᠎ᠠ ᠬᠡᠯᠪᠡᠷᠢ ᠶᠢᠨ ᠲᠦᠭᠰᠢᠭᠦᠷᠢ ᠪᠠᠭᠠᠲᠠᠢ ᠵᠦᠢᠯᠡᠰ ᠲᠤ ︽ᠲᠣᠳᠣᠷᠬᠠᠢ ᠬᠠᠭᠤᠳᠠᠰᠤ ᠶᠢᠨ ᠳᠦᠷᠢᠮ + ᠠᠮᠠᠯᠠᠯᠲᠠ ᠶᠢᠨ ᠳᠦᠷᠢᠮ︾᠎ ᠤᠨ ᠲᠤᠶᠢᠯ ᠤᠨ ᠲᠦᠬᠦᠮ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠯᠡᠨ᠎ᠡ; ᠶᠡᠭᠡ ᠲᠢᠩᠬᠢᠮ ᠳᠤ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠴᠣᠩᠬᠤ ᠭᠠᠷᠭᠠᠵᠤ᠂ ︽ᠲᠠᠨ ᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ︾ ᠰᠢᠯᠢᠳᠡᠭ ᠬᠤᠳᠠᠯᠳᠤᠭᠠᠴᠢᠨ ᠤ ︽ᠨᠢᠭᠡ ᠨᠣᠮᠧᠷ ᠢ ᠨᠡᠪᠲᠡᠷᠡᠭᠦᠯᠬᠦ︾ ᠲᠡᠮᠳᠡᠭ ᠢ ᠨᠠᠭᠠᠵᠤ᠂ ᠠᠵᠤ ᠠᠬᠤᠶᠢᠯᠠᠯ ᠳᠤ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ︽ᠶᠡᠬᠡᠪᠡᠷ ᠰᠤᠷᠪᠤᠯᠵᠢᠯᠠᠬᠤ᠂ ᠶᠡᠬᠡᠪᠡᠷ ᠰᠢᠢᠳᠪᠦᠷᠢᠯᠡᠬᠦ᠂ ᠶᠡᠬᠡᠪᠡᠷ ᠪᠠᠶᠢᠴᠠᠭᠠᠨ ᠰᠤᠳᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ᠂ ᠨᠢᠭᠤᠷᠳᠠᠨ ᠶᠠᠷᠢᠯᠴᠠᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠬᠠᠤᠯᠢ ᠶᠢ ᠴᠢᠩᠭ᠎ᠠ ᠬᠡᠷᠡᠭᠵᠢᠭᠦᠯᠬᠦ ᠦᠭᠡᠢ᠂ ᠵᠢᠷᠤᠮᠵᠢᠭᠤᠨ ᠪᠤᠰᠤ᠂ ᠪᠣᠯᠪᠠᠰᠤᠨ ᠪᠤᠰᠤ ᠵᠡᠷᠭᠡ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠣᠶᠢᠯᠠᠭᠠᠨ ᠵᠢᠭᠰᠠᠭᠠᠵᠤ᠂ ︽ᠳᠠᠭᠠᠯᠲᠠ ᠮᠠᠶ᠋ᠢᠭ ᠤᠨ ᠬᠠᠤᠯᠢ ᠬᠡᠷᠡᠭᠵᠢᠭᠦᠯᠬᠦ︾ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠤᠴᠠ ᠳᠤ ᠤᠯᠠᠨ ᠤᠳᠠᠭ᠎ᠠ ᠬᠢᠨᠠᠯᠲᠠ ᠲᠠᠯᠪᠢᠵᠤ ᠪᠠᠶᠢᠴᠠᠭᠠᠯᠲᠠ ᠬᠢᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号