ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠺᠣᠮᠢᠰ ᠠᠵᠤ ᠠᠬᠤᠶᠢᠯᠠᠯ ᠳᠤ ᠭᠦᠨᠵᠡᠭᠡᠶᠢᠷᠡᠨ ᠬᠠᠮᠲᠤ ᠪᠠᠷ ᠵᠥᠪᠳᠡᠯᠴᠡᠬᠦ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2024/3/8
      ᠬᠥᠳᠡᠯᠮᠦᠷᠢ ᠶᠢᠨ ᠬᠠᠷᠢᠴᠠᠭ᠎ᠠ  ᠶᠢ ᠵᠣᠬᠢᠴᠠᠭᠤᠯᠬᠤ ᠳᠤᠮᠳᠠᠬᠢ ᠬᠠᠮᠲᠤ ᠪᠠᠷ ᠵᠥᠪᠳᠡᠯᠴᠡᠬᠦ ᠳᠦᠷᠢᠮ ᠤᠨ ᠴᠢᠬᠤᠯᠠ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ ᠠᠵᠤ ᠠᠬᠤᠶᠢᠯᠠᠯ ᠤᠨ ᠳᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ ᠶᠢ ᠬᠥᠲᠥᠯᠥᠨ ᠵᠢᠯᠤᠭᠤᠳᠴᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠦᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠣᠶᠢᠷ᠎ᠠ ᠶᠢᠨ ᠡᠳᠦᠷ᠂ ᠣᠷᠣᠨ ᠤ ᠠᠵᠢᠯᠴᠢᠨ ᠤ ᠶᠡᠷᠦᠩᠬᠡᠢ ᠡᠪᠯᠡᠯ ᠨᠢ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ᠂ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ ᠬᠤᠯᠪᠤᠭᠠᠯᠠᠨ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠪᠥᠸᠧ ᠶᠤᠸᠠᠨ ᠤᠰᠤ ᠬᠠᠩᠭᠠᠬᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠶᠢᠨ ᠱᠢ 2 ᠠᠵᠤ ᠠᠬᠤᠶᠢᠯᠠᠯ ᠳᠤ ᠭᠦᠨᠵᠡᠭᠡᠶᠢᠷᠡᠨ ᠬᠠᠮᠲᠤᠪᠠᠷ ᠵᠥᠪᠳᠡᠯᠴᠡᠨ ᠵᠢᠯᠤᠭᠤᠳᠬᠤ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠡᠶ᠎ᠡ ᠵᠣᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢᠨ ᠬᠥᠭᠵᠢᠯᠲᠡ ᠳᠤ ᠬᠦᠴᠦᠨ ᠨᠡᠮᠡᠷᠢᠯᠡᠵᠡᠢ᠃
     ᠶᠠᠷᠢᠯᠴᠠᠬᠤ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠪᠤᠴᠠ ᠳᠤ᠂ ᠵᠢᠯᠤᠭᠤᠳᠬᠤ ᠳᠤᠭᠤᠶᠢᠯᠠᠩ ᠤᠨ ᠎ ᠬᠢᠨ ︽ᠨᠢᠭᠤᠷᠳᠠᠬᠤ︾᠎ ᠪᠠᠷ ᠳᠠᠮᠵᠢᠭᠤᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠠᠵᠢᠯᠯᠠᠭᠠᠨ ᠤ ᠪᠠᠶᠢᠳᠠᠯ᠂ ᠠᠵᠢᠯᠲᠠᠨ ᠠᠵᠢᠯᠴᠢᠨ ᠤ ᠴᠠᠯᠢᠩ᠂ ᠬᠥᠳᠡᠯᠮᠦᠷᠢ ᠶᠢᠨ ᠠᠮᠤᠷ ᠲᠦᠪᠰᠢᠨ ᠤ ᠬᠠᠮᠠᠭᠠᠯᠠᠯᠲᠠ᠂ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠤᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠠᠩᠬᠠᠷᠤᠨ ᠰᠣᠨᠣᠰᠴᠤ᠂ ᠬᠥᠳᠡᠯᠮᠦᠷᠢ ᠶᠢᠨ ᠬᠠᠷᠢᠴᠠᠭ᠎ᠠ ᠶᠢᠨ ︽ᠭᠤᠷᠪᠠᠨ ᠲᠠᠯ᠎ᠠ︾᠎ ᠶᠢᠨ ᠺᠣᠮᠢᠰ ᠢ ᠵᠣᠬᠢᠴᠠᠭᠤᠯᠵᠤ ᠪᠠᠶᠢᠭᠠᠳ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠢ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠨᠢ ᠦᠨᠳᠦᠰᠦᠯᠡᠨ ᠵᠢᠯᠤᠭᠤᠳᠬᠤ ᠪᠠ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠯᠭᠡᠨ᠎ᠡ᠃ ᠡᠭᠦᠨ ᠤ ᠵᠡᠷᠭᠡᠴᠡᠭᠡᠪᠡᠷ᠂ ᠬᠠᠮᠲᠤ ᠪᠠᠷ ᠵᠥᠪᠳᠡᠯᠴᠡᠬᠦ ᠵᠢᠭᠠᠨ ᠵᠢᠯᠣᠭᠤᠳᠤᠭᠴᠢ ᠬᠠᠮᠲᠤ ᠪᠠᠷ ᠵᠥᠪᠳᠡᠯᠴᠡᠬᠦ ᠠᠵᠢᠯ ᠢ ᠥᠷᠨᠢᠭᠦᠯᠬᠦ ᠠᠷᠭ᠎ᠠ ᠮᠠᠶ᠋ᠢᠭ᠂ ᠵᠥᠪᠳᠡᠯᠴᠡᠬᠦ ᠵᠢᠷᠤᠮ᠂ ᠵᠥᠪᠳᠡᠯᠴᠡᠬᠦ ᠠᠭᠤᠯᠭ᠎ᠠ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠢ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ ᠶᠢᠨ ᠬᠠᠮᠲᠤ ᠬᠠᠮᠲᠤ ᠪᠠᠷ ᠵᠥᠪᠳᠡᠯᠴᠡᠬᠦ ᠶᠠᠪᠤᠴᠠ ᠶᠢᠨ ᠳᠤᠮᠳᠠ ᠠᠩᠬᠠᠷᠬᠤ ᠴᠢᠬᠤᠯᠠᠲᠠᠢ ᠴᠢᠬᠤᠯᠠ ᠵᠦᠢᠯ ᠵᠢᠴᠢ ᠠᠮᠠᠷᠬᠠᠨ ᠭᠠᠷᠬᠤ ᠡ᠊ᠨᠳᠡᠭᠦᠷᠡᠯ ᠢ ᠲᠣᠳᠣᠷᠬᠠᠶᠢᠯᠠᠨ ᠥᠭᠦᠯᠡᠵᠦ᠂ ᠠᠵᠤ ᠠᠬᠤᠶᠢᠯᠠᠯ ᠬᠠᠮᠲᠤ ᠶᠢᠨ ᠭᠡᠷ᠎ᠡ ᠲᠣᠭᠲᠠᠭᠠᠬᠤ ᠳᠠᠭᠠᠨ ᠬᠠᠮᠲᠤ ᠪᠠᠷ ᠵᠥᠪᠳᠡᠯᠴᠡᠬᠦ ᠶᠠᠪᠤᠴᠠ ᠶᠢᠨ ᠶᠣᠰᠣᠭᠠᠷ ︽ᠲᠦᠷᠪᠡᠨ ᠵᠠᠪᠠᠯ ᠶᠠᠷᠢᠯᠴᠠᠬᠤ︾᠎ ᠶᠢ ᠡᠷᠬᠡᠪᠰᠢ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠤᠬᠠᠢ ᠶᠢᠨ ᠲᠠᠯᠠᠪᠤᠷ ᠲᠤ ︽ᠠᠵᠤ ᠠᠬᠤᠶᠢᠯᠠᠯ ᠤᠨ ᠴᠠᠯᠢᠩ ᠢ ᠬᠠᠮᠲᠤ ᠪᠠᠷ ᠵᠥᠪᠳᠡᠯᠴᠡᠬᠦ ᠳᠦᠷᠢᠮ︾᠂︽ᠠᠵᠤ ᠠᠬᠤᠶᠢᠯᠠᠯ ᠤᠨ ᠬᠠᠮᠲᠤ ᠶᠢᠨ ᠭᠡᠷ᠎ᠡ ᠶᠢᠨ ᠳᠦᠷᠢᠮ︾᠂︽ᠠᠵᠢᠯᠴᠢᠨ ᠤ ᠡᠪᠯᠡᠯ ᠤᠨ ᠬᠠᠤᠯᠢ︾᠂︽ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠳᠦᠷᠢᠮ︾ ᠵᠡᠷᠭᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 50 ᠭᠠᠷᠤᠢ ᠬᠤᠪᠢ ᠲᠠᠷᠬᠠᠭᠠᠬᠤ ᠪᠠᠷ ᠳᠠᠮᠵᠢᠭᠤᠯᠤᠨ᠂ ᠬᠠᠮᠲᠤ ᠪᠠᠷ ᠵᠥᠪᠳᠡᠯᠴᠡᠬᠦ ᠶᠢᠨ ᠴᠢᠬᠤᠯᠠ ᠴᠢᠨᠠᠷ ᠤᠨ ᠲᠤᠬᠠᠢ ᠬᠥᠳᠡᠯᠮᠦᠷᠢᠴᠢᠨ ᠬᠥᠷᠥᠩᠭᠡᠲᠡᠨ ᠬᠤᠶᠠᠷ ᠲᠠᠯ᠎ᠠ ᠶᠢᠨ ᠲᠠᠨᠢᠯᠲᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠥᠷᠨᠢᠭᠦᠯᠬᠦ ᠬᠠᠮᠲᠤ ᠪᠠᠷ ᠵᠥᠪᠳᠡᠯᠴᠡᠬᠦ ᠠᠵᠢᠯ ᠤᠨ ᠰᠡᠳᠬᠢᠴᠡ ᠶᠢ ᠲᠣᠳᠣᠷᠬᠠᠢ ᠪᠣᠯᠭᠠᠵᠤ᠂ ᠴᠢᠭᠯᠡᠯ ᠢ ᠲᠣᠳᠣᠷᠬᠠᠢ ᠵᠢᠭᠠᠵᠤ ᠥᠭᠴᠡᠢ᠃      ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠵᠢᠯᠲᠠᠨ ᠠᠵᠢᠯᠴᠢᠨ ᠳᠤ ᠦᠢᠯᠡᠴᠢᠯᠡᠬᠦ ᠪᠠᠷ ᠭᠤᠣᠯᠳᠠᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠬᠥᠳᠡᠯᠮᠦᠷᠢ ᠶᠢᠨ ᠬᠠᠷᠢᠴᠠᠭ᠎ᠠ ᠶᠢᠨ ︽ᠭᠤᠷᠪᠠᠨ ᠲᠠᠯ᠎ᠠ︾᠎ ᠶᠢᠨ ᠺᠣᠮᠢᠰ ᠤᠨ ᠪᠦᠷᠢᠯᠳᠦᠭᠦᠨ ᠨᠢᠭᠡᠴᠡ ᠲᠠᠢ ᠬᠠᠮᠵᠢᠯᠴᠠᠨ ᠲᠤᠰ ᠲᠤᠰ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠠᠮᠲᠤ ᠪᠠᠷ ᠳᠣᠷᠣᠭᠰᠢ ᠰᠠᠭᠤᠭᠰᠠᠨ ᠠᠵᠤ ᠠᠬᠤᠶᠢᠯᠠᠯ ᠤᠳ ᠬᠠᠮᠲᠤ ᠪᠠᠷ ᠵᠥᠪᠳᠡᠯᠴᠡᠬᠦ᠂ ᠠᠵᠢᠯᠴᠢᠨ ᠬᠡᠷᠡᠭᠯᠡᠬᠦ ᠶᠢ ᠵᠢᠯᠤᠭᠤᠳᠬᠤ᠂ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠨ ᠵᠢᠱᠢᠬᠦ᠂ ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠦᠶᠯᠡ ᠠᠵᠢᠯᠯᠠᠭ᠎ᠠ᠂ ᠠᠵᠢᠯᠲᠠᠨ ᠠᠵᠢᠯᠴᠢᠨ ᠤ ᠪᠤᠳᠤᠵᠤ ᠪᠠᠶᠢᠭ᠎ᠠ ᠵᠦᠢᠯ ᠢ ᠣᠶᠢᠯᠠᠭᠠᠵᠤ᠂ ᠬᠥᠳᠡᠯᠮᠦᠷᠢ ᠶᠢᠨ ᠬᠠᠷᠢᠴᠠᠭ᠎ᠠ ᠶᠢᠨ ᠵᠥᠷᠢᠴᠡᠯ ᠢ ᠢᠳᠡᠪᠬᠢᠲᠡᠢ ᠪᠠᠷ ᠤᠷᠢᠳᠴᠢᠯᠠᠨ ᠰᠡᠷᠭᠡᠶᠢᠯᠡᠵᠦ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠨ᠂ ᠠᠵᠤ ᠠᠬᠤᠶᠢᠯᠠᠯ ᠬᠢᠭᠡᠳ ᠠᠵᠢᠯᠲᠠᠨ ᠠᠵᠢᠯᠴᠢᠨ ᠬᠠᠮᠲᠤ ᠪᠠᠷ ᠵᠥᠪᠳᠡᠯᠴᠡᠵᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ ᠬᠠᠮᠲᠤ ᠪᠠᠷ ᠰᠠᠶᠢᠨ ᠰᠠᠶᠢᠬᠠᠨ ᠪᠠᠶᠢᠳᠠᠯ ᠢ ᠡᠭᠦᠳᠬᠦ ᠶᠢ ᠪᠡᠶᠡᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号