ᠰᠢᠩ ᠺᠠᠢ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠵᠢᠭᠠᠪᠤᠷᠢ ᠵᠢ‌ᠤᠯᠠᠮᠵᠢᠯᠠᠨ ᠰᠣᠷᠣᠯᠴᠠᠪᠠ
ᠨᠡᠶᠢᠲᠡᠯᠡᠭᠰᠡᠨ ᠴᠠᠭ᠄
2024/3/8
      3 ᠳ᠋ᠤᠭᠠᠷ ᠰᠠᠷ᠎ᠠ ᠶᠢᠨ 7᠎ ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠬᠤᠷᠠᠯᠳᠤᠵᠤ᠂ ᠣᠶᠢᠷ᠎ᠠ ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠡᠯᠪᠡᠭ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠴᠢᠨᠠᠭᠰᠢᠳᠠ ᠭᠦᠨᠵᠡᠭᠡᠢ ᠲᠠᠨᠢᠨ ᠡᠵᠡᠮᠰᠢᠵᠦ᠂ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠡᠯᠪᠡᠭ ᠪᠠᠶᠠᠯᠢᠭ ᠡᠬᠢ ᠪᠠᠶᠠᠯᠢᠭ ᠲᠤ ᠲᠦᠰᠢᠭᠯᠡᠨ᠂ ᠬᠦᠴᠦᠨ ᠢᠶᠠᠨ ᠲᠥᠪᠯᠡᠷᠡᠭᠦᠯᠦᠨ ᠬᠤᠶᠠᠷ ︽ᠬᠤᠪᠣᠷ ᠰᠢᠷᠣᠢ ᠶᠢᠨ ᠰᠠᠭᠤᠷᠢᠨ ᠭᠠᠵᠠᠷ︾ ᠎ ᠤᠨ ᠪᠦᠲᠦᠭᠡᠨ ᠪᠠᠶᠢᠭᠤᠯᠤᠯᠲᠠ ᠳᠤ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠪᠠᠶᠢᠭᠤᠯᠬᠤ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠠᠶᠠᠨ᠋ᠣ᠋ᠪᠣᠭ᠎ᠠ ᠶᠢ ᠪᠤᠭᠤᠲᠤ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠤᠨ ᠨᠡᠪᠴᠢᠭᠦᠯᠦᠭᠦᠷ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠦᠷᠭᠡᠨ ᠪᠠᠶᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠣᠨᠴᠠᠭᠠᠶᠢᠯᠠᠨ ᠭᠠᠵᠠᠷ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠵᠦ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠶᠢᠷᠢᠰᠢᠭᠤᠯᠵᠤ᠂ ᠲᠡᠳᠬᠦᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠪᠠᠲᠤ ᠪᠠᠬᠢ ᠪᠤᠢ ᠪᠣᠯᠭᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠠᠳ ᠤᠯᠠᠨ ᠤ︽ᠪᠠᠴᠢᠮᠳᠠᠬᠤ ᠶᠢᠨ ᠠᠷᠭ᠎ᠠ ᠦᠭᠡᠢ ᠵᠣᠪᠠᠭ᠋ᠤ ᠶᠢᠨ ᠬᠦᠰᠡᠯ ᠡᠷᠡᠮᠡᠯᠵᠡᠯ︾ ᠎ ᠤᠨ ᠲᠣᠭᠤᠷᠢᠨ ᠳᠤ᠂ ᠰᠡᠳᠬᠢᠯ ᠲᠠᠯᠪᠢᠵᠤ ᠬᠦᠴᠦ ᠣᠷᠣᠭᠤᠯᠤᠨ ᠪᠠᠭ᠎ᠠ ᠪᠠᠭ᠎ᠠ ᠪᠠᠷ ᠰᠢᠢᠳᠪᠦᠷᠢᠯᠡᠵᠦ᠂ ᠨᠢᠭᠡ ᠨᠢᠭᠡ ᠪᠠᠷ ᠪᠦᠲᠦᠭᠡᠬᠦ ᠶᠢᠨ ᠬᠠᠮᠲᠤ ᠥᠷᠭᠡᠨ ᠤᠯᠠᠨ ᠠᠷᠠᠳ ᠲᠦᠮᠡᠨ ᠢ ᠬᠥᠲᠥᠯᠥᠨ ᠵᠢᠯᠤᠭᠤᠳᠴᠤ ᠥᠪᠡᠷ ᠤᠨ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠣᠭᠴᠠᠯᠠᠨ ᠪᠠᠶᠢᠭᠤᠯᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ  ᠎ ᠠᠴᠠ ᠶᠡᠷᠦᠩᠬᠡᠢ ᠱᠦᠵᠢ ᠰᠢ ᠶᠢᠨ ᠫᠢᠩ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠬᠢᠯᠡᠬᠦ ᠦᠶ᠎ᠡ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠦᠨᠵᠡᠭᠡᠢ ᠰᠤᠷᠤᠯᠴᠠᠨ ᠣᠶᠢᠯᠠᠭᠠᠵᠤ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠲᠡᠦᠬᠡ ᠶᠢᠨ ᠡᠭᠦᠷᠭᠡᠲᠦ ᠰᠡᠳᠬᠢᠯᠭᠡ ᠪᠠᠷ ᠵᠠᠯᠭᠠᠮᠵᠢᠯᠠᠭᠴᠢ ᠲᠠᠢ ᠪᠠᠶᠢᠬᠤ ᠡᠨᠡᠬᠦ ᠦᠨᠳᠦᠰᠦᠨ ᠶᠡᠭᠡ ᠪᠣᠳᠣᠯᠭ᠎ᠠ ᠶᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠤᠯᠲᠠ ᠶᠢ ᠣᠨᠣᠪᠴᠢᠲᠠᠢ ᠲᠠᠨᠢᠵᠤ᠂ ᠤᠯᠠᠨ ᠲᠦᠮᠡᠨ ᠤ ᠮᠠᠭᠲᠠᠭᠠᠯ ᠢᠶᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠲᠠᠢ ᠵᠠᠯᠠᠭᠤ ᠺᠠᠳ᠋ᠷ ᠢ ᠴᠠᠭ ᠲᠤᠬᠠᠢ ᠳᠤᠨᠢ ᠵᠣᠷᠢᠭᠲᠠᠢ ᠪᠠᠷ ᠡᠭᠦᠷᠭᠡ ᠪᠠᠨ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃ ᠥᠷᠭᠡᠨ ᠤᠯᠠᠨ ᠵᠠᠯᠠᠭᠤ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠵᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠬᠦᠨᠳᠦ ᠡᠭᠦᠷᠭᠡ ᠶᠢ ᠡᠭᠦᠷᠭᠡᠯᠡᠵᠦ᠂ ᠵᠣᠷᠢᠭᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠦᠨᠡᠨᠬᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠡᠭᠡᠷ᠎ᠡ ᠪᠠᠨ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠢ᠃      ᠬᠤᠷᠠᠯ ᠠᠴᠠ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠬᠤ᠂ ᠵᠠᠰᠠᠭ ᠤᠨ ᠣᠷᠳᠣᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠡᠷᠢᠭᠦᠨ ᠤ ᠬᠢ ᠶᠢ ᠵᠣᠷᠢᠭᠵᠢᠭᠤᠯᠬᠤ᠂ ᠬᠤᠴᠣᠷᠤᠩᠭᠤᠢ ᠶᠢ ᠰᠢᠭᠰᠢᠭᠳᠡᠭᠦᠯᠬᠦ ᠶᠢ ᠪᠠᠷᠢᠮᠲᠠᠯᠠᠵᠤ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠡᠮᠬᠢ ᠵᠢᠷᠤᠮ ᠲᠠᠢ ᠪᠠᠷ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠠᠷᠢᠶ᠎ᠠ ᠣᠷᠣᠨ ᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠰᠤᠳᠤᠯᠵᠤ᠂ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠬᠠᠮᠢᠶᠠᠷᠬᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ 2 ᠰᠠᠷ᠎ᠠ ᠶᠢᠨ 29 ᠎ ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠬᠦ ᠦᠶ᠎ᠡ ᠳᠤ ᠭᠠᠷᠭᠠᠭᠰᠠᠨ ᠴᠢᠬᠤᠯᠠ ᠱᠠᠭᠠᠷᠳᠠᠯᠭ᠎ᠠ ᠳᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号