ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/4/1
     3 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ᠃ ᠰᠢ ᠶᠢᠨ ᠫᠢᠩ ᠶᠡᠷᠦᠩᠬᠡᠢ ᠱᠦᠵᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠷᠤᠯᠴᠠᠨ ᠰᠤᠳᠤᠯᠤᠨ ᠶᠠᠷᠢᠯᠴᠠᠪᠠ᠃ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠬᠠᠮᠲᠤ  ᠎ ᠶᠢᠨ ᠰᠤᠷᠤᠯᠴᠠᠯᠭ᠎ᠠ  ᠎ ᠶᠢᠨ ᠬᠤᠷᠠᠯ  ᠎ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
     ᠬᠤᠷᠠᠯ ᠳᠡᠭᠡᠷ᠎ᠡ᠂ ᠰᠦ ᠷᠦᠢ ᠹᠥ᠋ᠩ᠂ ᠵᠠᠩ ᠷᠦᠢ᠂ ᠢᠦᠢ ᠬᠤᠸᠠᠨ ᠳᠡᠰ ᠳᠠᠷᠠᠭ᠎ᠠ ᠲᠠᠢ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠪᠦᠷᠢᠯᠳᠦᠭᠦᠨ ᠪᠢᠴᠢᠭ ᠤᠨ ᠮᠠᠲ᠋ᠧᠷᠢᠶᠠᠯ ᠢᠶᠠᠨ ᠲᠤᠰᠢᠶᠠᠪᠠ᠃      ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠦᠴᠦᠯᠡᠨ ᠠᠬᠢᠭᠤᠯᠬᠤ ᠴᠢᠬᠤᠯᠠ ᠶᠡᠭᠡ ᠢᠨᠵᠧᠨᠧᠷᠢᠩ ᠪᠣᠯᠣᠨ᠎ᠠ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠩ ᠶᠡᠭᠡ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠬᠤ ᠶᠢ ᠠᠳᠬᠤᠬᠤ᠂ ᠦᠨᠡᠨᠴᠢ ᠢᠲᠡᠭᠡᠮᠵᠢᠲᠡᠢ ᠪᠠᠶᠢᠬᠤ ᠶᠢ ᠪᠤᠢ ᠪᠣᠯᠭᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠦᠷᠦᠯ ᠵᠦᠢᠯ ᠢ ᠪᠠᠶᠢᠭᠤᠯᠬᠤ᠂ ᠪᠡᠯᠡ ᠣᠷᠣᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠠᠬᠢᠭᠤᠯᠬᠤ ᠰᠢᠨ᠎ᠡ ᠥᠷᠨᠢᠯᠲᠡ ᠶᠢ ᠲᠦᠷᠭᠡᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳᠥᠷᠪᠡᠨ ᠲᠤᠰᠬᠠᠢ ᠠᠵᠢᠯ ᠤᠨ ᠳᠤᠭᠤᠶᠢᠯᠠᠩ ᠨᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠢᠳᠡᠪᠬᠢᠲᠡᠢ ᠪᠠᠷ ᠨᠡᠪᠲᠡᠷᠡᠯᠴᠡᠨ ᠵᠣᠯᠭᠠᠭᠤᠯᠵᠤ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠳᠠᠪᠠᠭᠤᠯᠢᠭ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠪᠥᠬᠦ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠦᠬᠦᠯᠢ ᠴᠣᠭᠴᠠ ᠪᠠᠷ ᠢᠶᠠᠨ ᠳᠡᠭᠡᠭᠰᠢᠯᠡᠬᠦ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠥᠰᠥᠪ ᠲᠤ ᠣᠷᠣᠭᠤᠯᠵᠤ᠂ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶᠢᠯᠠᠯ ᠤᠨ ᠢᠲᠡᠭᠡᠯ ᠢ ᠨᠡᠮᠡᠭᠳᠡᠭᠦᠯᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠢ ᠤᠷᠢᠵᠤ ᠨᠡᠩ ᠤᠯᠠᠨ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠨᠡᠨᠴᠢ ᠢᠲᠡᠭᠡᠮᠵᠢ ᠶᠢᠨ ᠰᠣᠶᠣᠯ ᠢ ᠶᠡᠬᠡᠪᠡᠷ ᠤᠬᠠᠭᠤᠯᠤᠨ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠱᠠᠭᠠᠷᠳᠠᠯᠭ᠎ᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠬᠤ᠂ ᠠᠵᠢᠯ ᠤᠨ ᠰᠤᠷᠲᠠᠯ ᠢ ᠰᠠᠶᠢᠵᠢᠷᠠᠭᠤᠯᠬᠤ ᠵᠡᠷᠭᠡ ᠠᠵᠢᠯ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠳᠬᠠᠬᠤ᠂ ᠦᠨᠡᠨᠴᠢ ᠢᠲᠡᠭᠡᠮᠵᠢ ᠶᠢᠨ ᠦᠵᠡᠯᠲᠡ ᠶᠢ ᠪᠤᠢ ᠪᠣᠯᠭᠠᠬᠤ᠂ ᠦᠨᠡᠨᠴᠢ ᠢᠲᠡᠭᠡᠮᠵᠢ ᠶᠢᠨ ᠠᠵᠢᠯᠯᠠᠭ᠎ᠠ ᠶᠢ ᠪᠠᠷᠢᠮᠲᠠᠯᠠᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ᠃ ᠡᠭᠦᠨ ᠤ ᠵᠡᠷᠭᠡ ᠳᠤ᠂ ︽ᠳᠥᠷᠪᠡ  ᠎ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠ ︽ᠨᠠᠮ ᠤᠨ ᠠᠴᠢ  ᠎ ᠶᠢ ᠣᠶᠢᠯᠠᠭᠠᠵᠤ᠂ ᠨᠠᠮ ᠤᠨ ᠦᠭᠡ  ᠎ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠎ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠦᠨᠳᠦᠰᠦᠨ ᠱᠠᠲᠤᠨ ᠤ ᠣᠯᠠᠨ ᠲᠦᠮᠡᠨ᠂ ᠠᠵᠤ ᠠᠬᠤᠶᠢᠯᠠᠯ ᠤᠨ ᠡᠵᠡᠩᠨᠡᠭᠴᠢᠳ ᠲᠤ ᠦᠨᠡᠨᠴᠢ ᠢᠲᠡᠭᠡᠮᠵᠢ  ᠎ ᠶᠢᠨ ᠰᠣᠶᠣᠯ  ᠎ ᠢ ᠤᠬᠠᠭᠤᠯᠵᠤ᠂ ᠨᠡᠶᠢᠭᠡᠮ ᠳᠠᠶᠠᠭᠠᠷ ᠲᠤ ᠢᠲᠡᠭᠡᠯ ᠲᠠᠢ ᠪᠠᠶᠢᠬᠤ ᠨᠢ ᠢᠷᠠᠭᠤ ᠠᠯᠳᠠᠷᠲᠠᠢ᠂ ᠢᠲᠡᠭᠡᠯ  ᠎ ᠢᠶᠠᠨ ᠠᠯᠳᠠᠭᠰᠠᠨ ᠨᠢ ᠢᠴᠢᠭᠦᠷᠢᠲᠡᠢ ᠰᠠᠶᠢᠨ ᠰᠠᠶᠢᠬᠠᠨ ᠠᠭᠤᠷ ᠠᠮᠢᠰᠬᠤᠯ  ᠎ ᠢ ᠪᠤᠶ ᠪᠣᠯᠭᠠᠬᠤ ᠬᠡᠷᠡᠭᠲᠡᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号