ᠰᠢᠩ ᠺᠠᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ
ᠨᠡᠶᠢᠲᠡᠯᠡᠭᠰᠡᠨ ᠴᠠᠭ᠄
2024/4/1
     3 ᠳ᠋ᠤᠭᠠᠷ ᠰᠠᠷ᠎ᠠ ᠶᠢᠨ 29᠎ ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠰᠢᠩ ᠺᠠᠢ ᠬᠤᠷᠠᠯ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠬᠤᠨᠠᠨ ᠳᠤ ᠰᠢᠨᠵᠢᠯᠡᠨ ᠪᠠᠶᠢᠴᠠᠭᠠᠬᠤ ᠪᠠ ᠰᠢᠨ᠎ᠡ ᠴᠠᠭ ᠦᠶ᠎ᠡ ᠶᠢᠨ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠪᠦᠬᠦ ᠣᠷᠣᠨ ᠢᠶᠠᠷ ᠢᠶᠠᠨ ᠡᠷᠬᠡᠪᠰᠢ︽ᠰᠠᠭᠤᠭᠠᠯᠢ ᠠᠷᠠᠳ ᠤᠨ ᠲᠣᠭᠤᠷᠢᠭ ᠲᠤ ᠴᠤ ᠶᠡᠭᠡ ᠦᠢᠯᠡᠰ ᠪᠦᠲᠦᠭᠡᠬᠦ︾ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠦᠵᠦ ᠲᠥᠯᠥᠪᠯᠡᠭᠡ ᠬᠢᠬᠦ᠂ ᠨᠢᠭᠡ ᠴᠣᠭᠴᠠᠵᠢᠭᠤᠯᠬᠤ ᠲᠥᠯᠦᠪᠵᠢᠭᠦᠯᠭᠡ ᠶᠢ ᠴᠢᠩᠭᠠᠳᠬᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠦᠨᠡᠨᠬᠦ ᠰᠠᠶᠢᠲᠤᠷ ᠡᠷᠬᠢᠯᠡᠬᠦ ᠬᠡᠷᠡᠭᠲᠡᠢ︔ ᠲᠡᠷᠢᠭᠦᠨ ᠤ ᠦᠢᠯᠡᠳᠬᠦ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠢᠳᠡᠪᠬᠢᠲᠡᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠲᠦᠷᠭᠡᠨ ᠪᠠᠶᠢᠭᠤᠯᠬᠤ ᠬᠡᠷᠡᠭᠲᠡᠢ︔ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠨᠡᠩ ᠰᠠᠶᠢᠲᠤᠷ ᠣᠷᠣᠯᠴᠠᠬᠤ ᠬᠡᠷᠡᠭᠲᠡᠢ︔ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠬᠠᠩᠭᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠢᠶᠠᠷ ᠬᠠᠩᠭᠠᠬᠤ ᠶᠢ ᠪᠠᠲᠤᠯᠠᠬᠤ ᠬᠡᠷᠡᠭᠲᠡᠢ︔ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠰᠢᠪᠠᠳᠠᠵᠤ ᠪᠠᠶᠢᠭᠠᠳ ᠡᠷᠬᠡ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠵᠤ᠂ ᠡᠷᠬᠡ ᠪᠠᠨ ᠲᠥᠪ ᠭᠤᠣᠯᠴᠢ ᠪᠠᠷ ᠬᠡᠷᠡᠭᠯᠡᠵᠦ᠂ ᠡᠷᠬᠡ ᠪᠠᠨ ᠬᠠᠤᠯᠢ ᠶᠣᠰᠣᠭᠠᠷ ᠬᠡᠷᠡᠭᠯᠡᠵᠦ᠂ ᠠᠷᠠᠳ ᠤᠨ ᠲᠥᠯᠥᠭᠡ ᠡᠷᠬᠡ ᠪᠠᠨ ᠬᠡᠷᠡᠭᠯᠡᠵᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠪᠣᠯᠭᠠᠬᠤ ᠬᠡᠷᠡᠭᠲᠡᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠦᠢᠯᠡᠳᠦᠯ ᠢ ᠴᠢᠨᠠᠭᠰᠢᠳᠠ ᠨᠡᠩ ᠰᠠᠶᠢᠲᠤᠷ ᠪᠠᠳᠠᠷᠠᠭᠤᠯᠵᠤ᠂ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠶ᠋ᠬᠠᠠᠠᠷᠠᠳ ᠲᠦᠮᠡᠨ ᠤ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠬᠤᠳᠠ ᠶᠢᠨ ᠴᠢᠨᠠᠷ ᠰᠠᠶᠢᠲᠠᠢ ᠵᠠᠰᠠᠯᠲᠠ ᠶᠢ ᠬᠡᠷᠡᠭᠵᠢᠭᠦᠯᠬᠦ ᠲᠠᠯ᠎ᠠ ᠪᠠᠷ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠬᠠᠤᠯᠢ ᠶᠣᠰᠣᠭᠠᠷ ᠪᠣᠬᠢᠷᠲᠤᠯ ᠢ ᠵᠠᠰᠠᠵᠤ᠂ ᠬᠥᠬᠡ ᠣᠭᠲᠠᠷᠭᠤᠢ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾᠎ ᠢ ᠤᠯᠠᠮᠵᠢᠯᠠᠨ ᠰᠤᠷᠤᠯᠴᠠᠵᠤ᠂ ᠪᠦᠬᠦ ᠣᠷᠣᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ᠂ ᠪᠠᠶᠢᠩᠭᠤ ᠠᠳᠬᠤᠵᠤ᠂ ︽ᠳᠦᠷᠢᠮ︾ ᠎ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠪᠣᠯᠣᠨ ᠨᠠᠮ ᠤᠨ ᠲᠡᠦᠬᠡ ᠶᠢᠨ ᠦᠨᠳᠦᠰᠦᠨ ᠠᠭᠤᠯᠭ᠎ᠠ᠂ ᠨᠠᠮ ᠤᠨ ᠲᠡᠦᠬᠡ ᠶᠢᠨ ᠳ᠋ᠦᠩᠨᠡᠯᠲᠡ᠂ ᠨᠠᠮ ᠤᠨ ᠲᠡᠦᠬᠡ ᠶᠢᠨ ᠲᠤᠷᠰᠢᠯᠭ᠎ᠠ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠵᠡᠷᠭᠡ ᠶᠢ ᠰᠤᠷᠤᠯᠴᠠᠬᠤ ᠶᠢ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠢ ᠨᠠᠮ ᠤᠨ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃      ᠬᠤᠷᠠᠯ ᠠᠴᠠ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠪᠣᠯᠣᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠺᠠᠳ᠋ᠷ ᠤᠨ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠢᠳᠠᠪᠤᠷᠢᠲᠠᠨ ᠢ ᠬᠥᠮᠥᠵᠢᠭᠦᠯᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠪᠣᠳᠠᠲᠠᠢ ᠠᠵᠢᠯ ᠢ ᠰᠠᠶᠢᠲᠤᠷ ᠠᠳᠬᠤᠵᠤ᠂ ᠵᠣᠬᠢᠶᠠᠨ ᠪᠠᠶᠢᠭᠤᠯᠬᠤ ᠠᠵᠢᠯ ᠤᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ ᠳᠡᠭᠡᠷ᠎ᠡ ᠭᠤᠷᠪᠠᠨ ᠱᠠᠲᠤᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠬᠡᠯᠲᠡᠰ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠵᠤ᠂ ᠪᠦᠬᠦ ᠣᠷᠣᠨ ᠤ ᠨᠢᠭᠡᠳᠦᠮᠡᠯ ᠹᠷᠣᠨᠲ ᠤᠨ ᠠᠵᠢᠯ ᠤᠨ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠳᠤᠮᠳᠠ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠲᠡᠷᠢᠭᠦᠯᠡᠭᠴᠢ ᠸᠠᠩ ᠯᠢ ᠰᠢᠶᠠ ᠮᠠᠨ ᠤ ᠣᠷᠣᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠤᠭᠤᠳᠬᠤ ᠳᠠᠭᠠᠨ ᠮᠠᠨ ᠤ ᠣᠷᠣᠨ ᠤ ᠠᠵᠢᠯ ᠢ ᠬᠠᠯᠠᠮᠵᠢᠯᠠᠨ ᠬᠠᠶᠢᠷᠠᠯᠠᠵᠤ᠂ ᠮᠠᠨ ᠤ ᠣᠷᠣᠨ ᠤ ᠺᠠᠳ᠋ᠷᠴᠤᠳ ᠲᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠡᠪᠦᠷᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ ᠣᠷᠣᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠨ ᠤ ᠣᠷᠣᠨ ᠤ ᠬᠥᠭᠵᠢᠯᠲᠡ ᠳᠤ ᠲᠠᠯᠪᠢᠭᠰᠠᠨ ᠬᠦᠨᠳᠦ ᠨᠠᠶᠢᠳᠠᠯᠭ᠎ᠠ᠂ ᠮᠠᠨ ᠤ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠣᠲᠣᠨᠣ ᠪᠠᠷ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠠᠢ᠃ ᠪᠦᠬᠦ ᠣᠷᠣᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠲᠤᠰ ᠲᠤᠰ ᠤᠨ ᠪᠣᠳᠠᠲᠠᠶᠢᠵᠢᠭᠰᠠᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠬᠡᠷᠡᠭᠲᠡᠢ︔ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠪᠤᠭᠤᠲᠤ ᠬᠤᠲᠠ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠬᠦ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠰᠠᠶᠢᠲᠤᠷ ᠠᠳᠬᠤᠬᠤ ᠬᠡᠷᠡᠭᠲᠡᠢ︔ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠬᠤ ᠬᠡᠷᠡᠭᠲᠡᠢ︔ ᠰᠢᠲᠠᠮᠠᠬᠠᠢ ᠬᠡᠢ ᠶᠢᠨ ᠬᠤᠭᠤᠯᠠᠢ ᠶᠢ ᠲᠤᠰᠬᠠᠶᠢᠯᠠᠨ ᠵᠠᠰᠠᠬᠤ᠂ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠠᠶᠤᠯ ᠦᠭᠡᠢ ᠦᠢᠯᠡᠳᠪᠦᠷᠢᠯᠡᠬᠦ ᠵᠡᠷᠭᠡ ᠡᠯ᠎ᠡ ᠵᠦᠢᠯ ᠤᠨ ᠴᠢᠬᠤᠯᠠ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ᠃      ᠬᠤᠷᠠᠯ ᠠᠴᠠ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠥᠯ︾᠂︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠣᠭᠲᠠᠴᠠ︾ᠪᠣᠯᠣᠨ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ 2024 ᠣᠨ ᠤ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ︾᠎ ᠶᠢ ᠰᠤᠳᠤᠯᠤᠨ ᠬᠢᠨᠠᠨ ᠵᠥᠪᠯᠡᠪᠡ᠃ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ︵ᠣᠷᠣᠨ ᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ︶᠎ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠤᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号