ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠭᠠᠨ ᠬᠥᠮᠦᠵᠢᠯ ᠤᠨ ᠠᠵᠢᠯ ᠤᠨ ᠲᠤᠬᠠᠶ ᠨᠠᠮ ᠤᠨ ᠲᠥᠪ | ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ | ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ | ᠤᠳᠤᠷᠢᠳᠤᠯᠭ᠎ᠠ ᠶᠢ ᠬᠦᠯᠢᠶᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠶ | ᠠᠵᠢᠯ ᠢ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠲᠥᠪᠯᠡᠷᠡᠩᠭᠦᠶ | ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ | ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠮᠡᠳᠡᠭᠡ ᠵᠠᠩᠭᠢ | ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠲᠤᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠶᠠᠷ︶ ᠮᠠᠨ ᠤ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠡᠷᠬᠡ | ᠮᠡᠳᠡᠯ ᠤᠨ ᠶᠣᠰᠣᠭᠠᠷ ᠬᠠᠷᠢᠭᠤᠴᠠᠵᠤ᠂ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃ | ︵ᠭᠤᠷᠪᠠ ᠳᠤ᠂ ᠪᠥᠬᠦ ᠬᠤᠰᠢᠭᠤᠨ ᠤ ᠰᠠᠭᠤᠷᠢ ᠰᠤᠷᠭᠠᠨ ᠬᠥᠮᠦᠵᠢᠯ ︵ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠪᠠᠭᠲᠠᠭᠠᠨ᠎ᠠ︶ ᠢ | ᠬᠠᠷᠢᠭᠤᠴᠠᠨ᠎ᠠ᠃︶ ᠣᠨᠴᠠᠭᠠᠢ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠦᠮᠦᠵᠢᠯ᠂ | ᠨᠡᠶᠢᠭᠡᠮ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠦᠮᠦᠵᠢᠯ ᠤᠨ ᠠᠵᠢᠯ᠃ ᠰᠠᠭᠤᠷᠢ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ | ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠶᠢ ᠬᠠᠷᠢᠭᠤᠴᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ | ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠪᠥᠬᠦ | ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠲᠦᠷᠪᠡ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠢᠯᠣᠭᠤᠳᠤᠨ᠎ᠠ᠃ | ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠣᠯᠤᠨ ᠴᠥᠭᠡᠨ ᠲᠣᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠤᠨ᠎ᠠ᠃ | ︵ᠲᠠᠪᠤ︶ ᠡᠷᠬᠡ ᠮᠡᠳᠡᠯ ᠤᠨ ᠶᠣᠰᠣᠭᠠᠷ ᠮᠠᠨ ᠤ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ | ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠢ ᠬᠢᠨᠠᠨ | ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠬᠢᠨᠠᠨ ᠬᠡᠮᠵᠢᠭᠰᠡᠨ ᠮᠡᠳᠡᠭᠦᠯᠦᠯᠲᠡ ᠶᠢ ᠨᠡᠶᠢᠲᠡᠯᠡᠨ᠎ᠡ᠃ | ︵ᠵᠢᠷᠭᠤᠭ᠎ᠠ︶ ᠲᠤᠭᠤᠷᠢᠭ ᠤᠨ ᠲᠤᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠨ᠎ᠠ᠃ | ᠪᠣᠯᠪᠠᠰᠤᠷᠠᠯ ᠤᠨ ᠵᠠᠷᠤᠳᠠᠯ ᠤᠨ ᠵᠢᠯ ᠤᠨ ᠲᠥᠰᠥᠪ ᠪᠣᠯᠤᠨ ᠲᠠᠰᠤᠯᠠᠨ ᠪᠣᠳᠣᠯᠲᠠ ᠶᠢ ᠬᠠᠷᠢᠭᠤᠴᠠᠨ᠎ᠠ᠃ ᠪᠦᠬᠦ ᠣᠷᠣᠨ ᠤ ᠰᠠᠭᠤᠷᠢ ᠰᠤᠷᠭᠠᠨ ᠬᠥᠮᠦᠵᠢᠯ ᠤᠨ | ᠪᠡᠯᠡᠳᠬᠡᠮᠵᠢ ᠶᠢᠨ ᠲᠤᠰᠬᠠᠶ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠣᠷᠣᠨ ᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠵᠢᠯᠣᠭᠤᠳᠤᠨ᠎ᠠ᠃ ᠪᠥᠬᠦ ᠬᠤᠰᠢᠭᠤᠨ ᠤ | ᠰᠤᠷᠭᠠᠨ ᠬᠥᠮᠦᠵᠢᠯ ᠤᠨ ᠦᠢᠯᠡᠰ ᠪᠠ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠤᠭ᠎ᠠ ᠪᠦᠷᠢᠳᠬᠡᠯ᠂ ᠵᠠᠳᠠᠯᠤᠯᠲᠠ ᠶᠢᠨ ᠠᠵᠢᠯ ᠢ ᠬᠠᠷᠢᠭᠤᠴᠠᠨ᠎ᠠ᠃ | ︵ᠳᠤᠯᠤᠭ᠎ᠠ︶ ᠰᠤᠷᠭᠠᠨ ᠬᠥᠮᠦᠵᠢᠯ ᠤᠨ ᠰᠢᠰᠲ᠋ᠧᠮ ᠳᠤ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠨᠠᠮ ᠤᠨ | ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠥᠷᠥ᠂ ᠦᠵᠡᠯ ᠤᠬᠠᠮᠰᠠᠷ ᠤᠨ ᠬᠡᠯᠪᠡᠷᠢ ᠪᠠ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠰᠢᠭᠤᠳ ᠬᠠᠷᠢᠶ᠎ᠠ ᠨᠢᠭᠡᠴᠡ᠂ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠢᠭᠡᠳᠦᠮᠡᠯ ᠹᠷᠣᠨᠲ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ | ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ | ᠵᠢᠯᠣᠭᠤᠳᠤᠨ᠎ᠠ᠃ ᠪᠦᠬᠦ ᠣᠷᠣᠨ ᠤ ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠠᠵᠢᠯ ᠢ ᠵᠤᠬᠢᠶᠡᠨ ᠪᠠᠶᠢᠭᠤᠯᠥᠨ ᠵᠤᠬᠢᠴᠠᠭᠤᠯᠬᠤ᠂ ᠬᠠᠮᠢᠶᠡᠷᠬᠤ ᠪᠠ | ᠵᠢᠯᠥᠭᠤᠳᠬᠤ ᠶᠢ ᠬᠠᠷᠢᠭᠤᠴᠠᠨ᠎ᠠ᠃ | ︵ᠨᠠᠶ᠋ᠮᠠ︶ ᠭᠤᠤᠯᠴᠢᠯᠠᠨ ᠬᠠᠮᠢᠶᠠᠷᠬᠤ ᠲᠣᠭᠤᠷᠢᠭ ᠤᠨ ᠪᠠᠭᠰᠢ ᠶᠢᠨ ᠠᠵᠢᠯ᠃ ᠡᠷᠬᠡ ᠮᠡᠳᠡᠯ ᠤᠨ ᠶᠣᠰᠣᠭᠠᠷ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶︶ ᠡᠩᠨᠡᠭᠡᠨ ᠤ ᠪᠠᠶᠢᠭᠤᠯᠤᠯᠳᠠ ᠶᠢᠨ ᠠᠵᠢᠯ᠃ ᠪᠠᠭᠰᠢ ᠤᠷᠢᠬᠤ᠂ | ᠠᠵᠢᠯ ᠤᠨ ᠪᠠᠶᠢᠷᠢ ᠳᠤ ᠤᠷᠢᠨ ᠲᠣᠮᠢᠯᠠᠬᠤ ᠬᠠᠮᠢᠶᠠᠷᠤᠯᠲᠠ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ | ᠪᠠᠭᠰᠢ ᠶᠢᠨ ᠬᠢᠷᠢ ᠬᠡᠮ ᠤᠨ ᠳᠦᠷᠢᠮ᠂ ᠪᠠᠭᠰᠢ ᠶᠢᠨ ᠪᠣᠯᠪᠠᠰᠤᠷᠠᠭᠤᠯᠤᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠪᠠ ᠰᠤᠷᠭᠠᠭᠤᠯᠢ ᠶᠢᠨ ᠬᠠᠷᠢᠶ᠎ᠠ ᠶᠢᠨ ᠰᠤᠷᠤᠯᠭ᠎ᠠ ᠶᠢᠨ | ᠨᠠᠮᠲᠠᠷ ᠤᠨ ᠬᠠᠮᠢᠶᠠᠷᠤᠯᠲᠠ ᠶᠢᠨ ᠠᠵᠢᠯ ᠢ ᠡᠷᠬᠡ ᠮᠡᠳᠡᠯ ᠤᠨ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤ ᠦ᠊ ᠡᠶ᠎ᠡ ᠶᠢᠨ ᠰᠤᠷᠭᠠᠨ ᠬᠥᠮᠦᠵᠢᠯ ᠤᠨ ᠲᠡᠭᠦᠰᠬᠦ ᠦᠨᠡᠮᠯᠡᠯ ᠢ ᠬᠢᠨᠠᠨ ᠰᠢᠯᠭᠠᠬᠤ ᠪᠠ ᠣᠯᠭᠤᠬᠤ ᠠᠵᠢᠯ ᠢ ᠬᠠᠷᠢᠭᠤᠴᠠᠨ᠎ᠠ᠃ | ︵ᠠᠷᠪᠠ︶ ᠪᠦᠬᠦ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠰᠤᠷᠭᠠᠨ ᠬᠥᠮᠦᠵᠢᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ | ︵ᠠᠷᠪᠠᠨ ᠨᠢᠭᠡ︶ ᠪᠦᠬᠦ ᠣᠷᠣᠨ ᠤ ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ | ᠬᠢᠭᠡᠳ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠰᠤᠷᠭᠠᠨ ᠬᠥᠮᠦᠵᠢᠯ ᠤᠨ ᠲᠠᠯ᠎ᠠ ᠪᠠᠷ ᠬᠢ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢᠴᠢ ᠭᠠᠳᠠᠭᠠᠳᠤ | ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠭᠤᠷᠪᠠ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠤᠰ ᠤᠨ ᠨᠡᠶᠢᠳᠡᠮ ᠬᠡᠷᠡᠭᠯᠡᠬᠦ ᠬᠢᠲᠠᠳ ᠦᠭᠡ ᠬᠡᠯᠡ ᠦᠰᠦᠭ ᠪᠢᠴᠢᠭ ᠤᠨ | ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ | ᠵᠢᠷᠤᠮᠵᠢᠭᠰᠠᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠳᠡᠯᠭᠡᠷᠡᠭᠦᠯᠬᠦ ᠪᠠᠭᠰᠢ ᠶᠢᠨ | ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠎ᠠ᠃ | ︵ᠠᠷᠪᠠᠨ ᠳᠥᠷᠪᠡᠳᠦᠭᠡᠷ︶ ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ | ᠠᠵᠢᠯᠯᠠᠬᠤ ᠬᠠᠶ᠋ᠢᠭ᠄ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠪᠣᠷ ᠰᠢᠷᠣᠶ ᠶᠢᠨ ᠶᠡᠭᠡ ᠵᠡᠭᠡᠯᠢ ᠶᠢᠨ ᠰᠤᠷᠭᠠᠨ ᠬᠥᠮᠦᠵᠢᠯ ᠤᠨ | ᠲᠣᠪᠴᠢᠶ᠎ᠠ ᠶᠢᠨ ᠠᠰᠠᠷ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ︶ ᠥᠷᠯᠥᠭᠡ ᠶᠢᠨ 8᠄ 30 - 12᠄ 00᠂ ᠦᠳᠡ ᠶᠢᠨ ᠬᠤᠶᠢᠨᠠᠬᠢ 14᠄ 30 - 17᠄ 30 | ᠬᠠᠷᠢᠯᠴᠠᠬᠤ ᠠᠷᠭ᠎ᠠ᠄ 0472 - 8515124 | ᠬᠠᠷᠢᠭᠤᠴᠠᠯᠭ᠎ᠠ ᠡᠭᠦᠷᠭᠡᠯᠡᠭᠴᠢ᠄ ᠭᠤᠤ ᠹᠸᠢ ᠫᠧᠩ |