ᠪᠠᠶᠠᠨ᠋ᠣ᠋ᠪᠣᠭ᠎ᠠ᠄ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ ᠬᠤᠪᠢᠰᠬᠠᠯ ᠤᠨ ᠴᠢᠰᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠨ᠎ᠠ
ᠨᠡᠶᠢᠲᠡᠯᠡᠭᠰᠡᠨ ᠴᠠᠭ᠄
2024/4/2
     ᠶᠡᠷᠦᠩᠬᠡᠢ ᠱᠦᠵᠢ ᠰᠢ ᠶᠢᠨ ᠫᠢᠩ ᠣᠶᠢᠷ᠎ᠠ ᠶᠢᠨ ᠡᠳᠦᠷ ᠬᠤᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠰᠠᠶᠢᠲᠤᠷ ᠠᠰᠢᠭᠯᠠᠵᠤ᠂ ᠬᠤᠪᠢᠰᠬᠠᠯ ᠤᠨ ᠤᠯᠠᠮᠵᠢᠯᠠᠯ ᠪᠣᠯᠣᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠳᠤ ᠳᠡᠯᠡᠬᠡᠢ ᠶᠢᠨ ᠬᠠᠳᠠᠭᠠᠯᠠᠭᠳᠠᠴᠠ ᠪᠠᠷ ᠨᠢᠭᠡᠳᠦᠭᠡᠷ ᠲᠤ ᠣᠷᠣᠬᠤ ᠬᠤᠪᠣᠷ ᠰᠢᠷᠣᠢ ᠶᠢᠨ ᠡᠬᠢ ᠪᠠᠶᠠᠯᠢᠭ ᠲᠠᠢ ᠪᠠᠶᠢᠬᠤ ᠪᠠᠷ ᠪᠠᠷᠠᠬᠤ ᠦᠭᠡᠢ ᠪᠠᠰᠠ ᠡᠯᠪᠡᠭ ᠪᠠᠶᠠᠯᠢᠭ ᠬᠤᠪᠢᠰᠬᠠᠯ ᠤᠨ ᠡᠬᠢ ᠪᠠᠶᠠᠯᠢᠭ ᠲᠠᠢ ᠶᠤᠮ᠃ ᠠᠳᠡᠬᠢ ᠪᠣᠯ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠦᠲᠦᠭᠡᠨ ᠪᠠᠶᠢᠭᠤᠯᠤᠭᠰᠠᠨ ᠲᠡᠦᠬᠡ ᠶᠢᠨ ᠰᠠᠶᠢᠬᠠᠨ ᠦᠯᠢᠭᠡᠷ ᠤᠨ ᠡᠭᠦᠰᠦᠯᠲᠡ ᠶᠢᠨ ᠭᠠᠵᠠᠷ ᠪᠣᠯᠣᠨ᠎ᠠ᠂ ︽ᠲᠠᠯ᠎ᠠ ᠨᠤᠲᠤᠭ ᠤᠨ ᠥᠷᠯᠥᠭᠡ ᠶᠢᠨ ᠳᠠᠭᠤᠤ︾᠎ ᠶᠢᠨ ᠪᠦᠬᠦ ᠤᠯᠤᠰ ᠲᠤ ᠳᠠᠭᠤᠷᠢᠰᠤᠭᠰᠠᠨ ᠭᠠᠵᠠᠷ ᠪᠣᠯᠣᠨ᠎ᠠ᠂ ᠮᠥᠨᠴᠦ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠡᠭᠦᠰᠦᠯᠲᠡ ᠶᠢᠨ ᠭᠠᠵᠠᠷ ᠪᠣᠯᠣᠨ᠎ᠠ᠃      ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠲᠤᠶᠢᠯ ᠢᠶᠠᠷ ᠴᠢᠬᠤᠯᠠᠴᠢᠯᠠᠵᠤ᠂ ᠠᠭᠤᠷᠬᠠᠢ ᠳᠤ ᠬᠤᠪᠢᠰᠬᠠᠯ ᠤᠨ ᠤᠢ ᠰᠠᠨᠠᠮᠵᠢ ᠶᠢᠨ ᠣᠷᠳᠣᠨ ᠪᠠᠶᠢᠭᠤᠯᠵᠤ᠂ ᠠᠭᠤᠷᠬᠠᠢ ᠶᠢᠨ ᠣᠷᠣᠨ ᠳᠤ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠪᠠᠶᠢᠭᠤᠯᠤᠭᠰᠠᠨ ᠪᠥᠭᠡᠳ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠦᠵᠡᠰᠬᠦᠯᠡᠩ ᠤᠨ ᠠᠭᠤᠯᠭ᠎ᠠ ᠶᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠳᠡᠯᠭᠡᠨ ᠦᠵᠡᠭᠦᠯᠬᠦ ᠲᠦᠪᠰᠢᠨ ᠢ ᠳᠡᠭᠡᠭᠰᠢᠯᠡᠭᠦᠯᠵᠦ᠂ ᠳᠡᠯᠭᠡᠨ ᠦᠵᠡᠭᠦᠯᠬᠦ ᠬᠡᠯᠪᠡᠷᠢ ᠶᠢ ᠥᠷᠭᠡᠳᠬᠡᠵᠦ᠂ ᠰᠢᠨ᠎ᠡ ᠴᠠᠭ ᠦᠶ᠎ᠡ ᠶᠢᠨ ᠰᠢᠨ᠎ᠡ ᠪᠠᠶᠢᠳᠠᠯ ᠤᠨ ᠥᠷᠭᠡᠨ ᠤᠯᠠᠨ ᠦᠵᠡᠭᠴᠢᠳ ᠤᠨ ᠬᠤᠪᠢᠰᠬᠠᠯ ᠤᠨ ᠲᠠᠯᠠᠪᠠᠢ ᠣᠷᠳᠣᠨ ᠤ ᠲᠤᠬᠠᠢ ᠰᠢᠨ᠎ᠡ ᠱᠠᠭᠠᠷᠳᠠᠯᠭ᠎ᠠ ᠳᠤ ᠵᠣᠬᠢᠴᠠᠭᠤᠯᠪᠠ᠃      ᠪᠦᠬᠦ ᠤᠯᠤᠰ ᠤᠨ ᠦᠵᠡᠭᠴᠢᠳ ᠤᠨ ᠡᠮᠦᠨ᠎ᠡ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠥᠪᠡᠷᠮᠢᠴᠡ ᠣᠨᠴᠠᠯᠢᠭ ᠲᠠᠢ ᠪᠥᠭᠡᠳ ᠡᠯᠪᠡᠭ ᠪᠠᠶᠠᠯᠢᠭ ᠬᠤᠪᠢᠰᠬᠠᠯ ᠤᠨ ᠡᠬᠢ ᠪᠠᠶᠠᠯᠢᠭ ᠲᠤ ᠰᠠᠭᠤᠷᠢᠯᠠᠵᠤ᠂ ︽ᠲᠡᠦᠬᠡ ᠶᠢᠨ ᠰᠠᠶᠢᠬᠠᠨ ᠦᠯᠢᠭᠡᠷ ᠢ ᠰᠣᠨᠣᠰᠬᠤ︾᠂︽ᠪᠠᠭᠠᠲᠤᠷ ᠤᠨ ᠦᠯᠢᠭᠡᠷ ᠢ ᠰᠣᠨᠣᠰᠬᠤ︾ᠵᠢᠴᠢ ︽ᠬᠤᠪᠢᠰᠬᠠᠯ ᠤᠨ ᠠᠭᠤᠷᠬᠠᠢ ᠶᠢ ᠬᠠᠶᠢᠬᠤ︾᠂︽ᠬᠤᠪᠢᠰᠬᠠᠯ ᠤᠨ ᠠᠭᠤᠷᠬᠠᠢ ᠶᠢ ᠬᠠᠶᠢᠬᠤ ᠣᠷᠣᠨ︾ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠡᠳᠬᠢᠯ ᠲᠠᠯᠪᠢᠵᠤ ᠬᠦᠴᠦ ᠣᠷᠣᠭᠤᠯᠤᠨ ᠲᠡᠦᠬᠡ ᠶᠢᠨ ᠰᠠᠶᠢᠬᠠᠨ ᠦᠯᠢᠭᠡᠷ ᠢ ᠰᠠᠶᠢᠲᠤᠷ ᠶᠠᠷᠢᠵᠤ᠂ ᠪᠠᠭᠠᠲᠤᠷ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠡᠢ᠃      ᠵᠠᠯᠠᠭᠤ ᠪᠠᠭᠠᠴᠤᠳ ᠲᠤ ᠬᠠᠨᠳᠤᠭᠤᠯᠵᠤ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠤ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠪᠣᠯᠤᠭᠰᠠᠨ ᠤ ᠬᠤᠪᠢ ᠳᠠᠬᠢ ᠯᠤᠲᠤ ᠶᠡᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠪᠢᠴᠢᠬᠠᠨ ᠡᠭᠡᠴᠢ ᠥᠬᠢᠨ ᠳᠡᠭᠦᠦ ᠶᠢᠨ ᠬᠠᠭᠤᠴᠢᠨ ᠰᠠᠭᠤᠴᠠ᠂ ᠭᠠᠯᠲᠤ ᠲᠡᠷᠭᠡᠨ ᠦᠷᠳᠡᠭᠡ ᠵᠡᠷᠭᠡ ᠲᠠᠢ ᠬᠤᠯᠪᠣᠭᠠᠯᠠᠵᠤ ᠪᠠᠶᠢᠭᠠᠳ ︽ᠬᠤᠪᠢᠰᠬᠠᠯ ᠢ ᠣᠶᠢᠯᠠᠭᠠᠬᠤ ᠱᠤᠭᠤᠮ︾ᠪᠣᠯᠭᠠᠨ ᠪᠠᠶᠢᠭᠤᠯᠵᠤ᠂ ︽ᠪᠠᠭᠠᠲᠤᠷ ᠤᠨ ᠦᠯᠢᠭᠡᠷ ᠢ ᠨᠢᠭᠡ ᠤᠳᠠᠭ᠎ᠠ ᠰᠣᠨᠣᠰᠴᠤ᠂ ᠪᠠᠭᠠᠲᠤᠷ ᠤᠨ ᠵᠠᠮ ᠢᠶᠠᠷ ᠲᠠᠬᠢᠨ ᠨᠢᠭᠡ ᠤᠳᠠᠭ᠎ᠠ ᠵᠠᠮᠨᠠᠵᠤ᠂ ︿ᠪᠢᠴᠢᠬᠠᠨ ᠪᠠᠭᠠᠲᠤᠷ﹀ᠪᠣᠯᠬᠤ ᠪᠠᠷ ᠲᠡᠮᠡᠴᠡᠬᠦ︾᠎ ᠪᠠᠷ ᠳᠠᠮᠵᠢᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠢ ᠬᠠᠷᠠᠬᠠᠨ ᠪᠠᠭ᠎ᠠ ᠠᠴᠠ ᠪᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾᠎ ᠪᠠᠷ ᠬᠥᠮᠥᠵᠢᠭᠦᠯᠬᠦ ᠶᠢ ᠤᠯᠠᠮ ᠴᠢᠨᠠᠭᠰᠢᠳᠠ ᠬᠥᠲᠥᠯᠥᠨ ᠳᠠᠭᠠᠭᠤᠯᠤᠨ᠎ᠠ᠃ ᠡᠭᠦᠨ ᠤ ᠬᠠᠮᠲᠤ᠂ ᠰᠤᠷᠭᠠᠨ ᠬᠥᠮᠦᠵᠢᠯ ᠤᠨ ᠰᠢᠰᠲ᠋ᠧᠮ ᠳᠤ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠦᠲᠦᠭᠡᠨ ᠪᠠᠶᠢᠭᠤᠯᠤᠶ᠎ᠠ︾ ᠭᠡᠬᠦ ᠲᠡᠦᠬᠡ ᠶᠢᠨ ᠰᠠᠶᠢᠬᠠᠨ ᠵᠣᠭᠤᠭ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠴᠠᠭ ᠦᠶ᠎ᠡ ᠶᠢᠨ ᠵᠣᠷᠢᠭ ᠰᠠᠨᠠᠭ᠎ᠠ︾ ᠵᠡᠷᠭᠡ ᠰᠤᠷᠭᠠᠭᠤᠯᠢ ᠶᠢᠨ ᠥᠪᠡᠷ ᠤᠨ ᠬᠢᠴᠢᠶᠡᠯ ᠢ ᠲᠥᠯᠥᠪᠯᠡᠵᠦ᠂ ᠢᠯᠡ ᠲᠣᠳᠣ ᠣᠷᠣᠨ ᠨᠤᠲᠤᠭ ᠤᠨ ᠣᠨᠴᠠᠯᠢᠭ ᠲᠠᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠪᠣᠶ ᠪᠣᠯᠭᠠᠵᠤ᠂ ︽ᠠᠭᠤᠷᠬᠠᠢ ᠶᠢᠨ ᠨᠢᠭᠡ ᠦᠶ᠎ᠡ ᠶᠢᠨ ᠬᠢᠨ︾ ︽ᠠᠭᠤᠷᠬᠠᠢ ᠶᠢᠨ ᠬᠤᠶᠠᠳᠤᠭᠠᠷ ᠦᠶ᠎ᠡ ᠶᠢᠨ ᠬᠢᠨ︾ ᠵᠢᠴᠢ ᠯᠦᠩ ᠮᠧᠶ ᠂ ᠢᠦᠢ ᠷᠦᠩ ᠢ ᠴᠠᠭ ᠲᠤᠨᠢ ᠲᠣᠬᠢᠷᠠᠭᠤᠯᠤᠨ ᠤᠷᠢᠵᠤ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠢᠭᠡᠨ ᠠᠮᠢᠳᠤᠯᠢᠭ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠵᠢᠭᠠᠯᠭᠠᠵᠤ᠂ ᠬᠤᠪᠢᠰᠬᠠᠯ ᠤᠨ ᠦᠷ᠎ᠡ ᠶᠢ ᠪᠠᠭ᠎ᠠ  ᠎ ᠠᠴᠠ ᠨᠢ ᠲᠡᠳᠡᠨ ᠤ ᠰᠡᠳᠬᠢᠯ ᠳᠤ ᠰᠣᠶᠣᠭᠠᠯᠠᠵᠤ ᠦᠨᠳᠦᠰᠦᠯᠡᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号