ᠪᠠᠶᠠᠨ᠋ᠣ᠋ᠪᠣᠭ᠎ᠠ᠄ ᠪᠠᠶᠠᠨ ᠠᠭᠤᠷᠬᠠᠢ ᠶᠢ ᠬᠦᠷᠢᠶᠡᠯᠡᠨ ᠰᠠᠭᠤᠵᠤ ᠠᠮᠠᠯᠠᠭᠰᠠᠨ ᠢᠶᠠᠨ ᠪᠦᠬᠦᠨ ᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/4/3
     ᠰᠢ ᠶᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ ᠳᠠᠭᠠᠨ᠂ ︽ᠬᠠᠤᠯᠢ ᠪᠠᠷ ᠵᠠᠰᠠᠬᠤ ᠤᠬᠠᠮᠰᠠᠷ᠂ ᠭᠡᠷ᠎ᠡ ᠶᠢᠨ ᠵᠣᠷᠢᠭ ᠰᠠᠨᠠᠭ᠎ᠠ᠂ ᠭᠡᠷ᠎ᠡ ᠶᠢ ᠰᠠᠬᠢᠬᠤ ᠦᠵᠡᠯᠲᠡ ᠪᠣᠯ ᠣᠲᠣ ᠦᠶ᠎ᠡ ᠶᠢᠨ ᠠᠵᠤ ᠠᠬᠤᠢ ᠶᠢᠨ ᠠᠵᠢᠯᠯᠠᠭ᠎ᠠ ᠶᠢᠨ ᠴᠢᠬᠤᠯᠠ ᠦᠵᠡᠯ ᠤᠬᠠᠮᠰᠠᠷ ᠤᠨ ᠵᠢᠷᠤᠮᠵᠢᠯ ᠮᠥᠨ᠂ ᠪᠠᠰᠠ ᠴᠤ ᠢᠲᠡᠭᠡᠮᠵᠢ ᠶᠢᠨ ᠠᠵᠤ ᠠᠬᠤᠢ᠂ ᠬᠠᠤᠯᠢ ᠪᠠᠷ ᠵᠠᠰᠠᠬᠤ ᠠᠵᠤ ᠠᠬᠤᠢ ᠶᠢᠨ ᠴᠢᠬᠤᠯᠠ ᠱᠠᠭᠠᠷᠳᠠᠯᠭ᠎ᠠ ᠮᠥᠨ︾ ︽ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠷᠭᠢᠯᠡᠬᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ︾ ᠭᠡᠵᠡᠢ᠃
     ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾᠎ ᠤᠨ ᠲᠢᠲᠢᠮ ᠵᠡᠭᠦᠭᠰᠡᠨ ᠪᠠᠶᠠᠨ᠋ᠣ᠋ᠪᠣᠭ᠎ᠠ ᠪᠦᠬᠦ ᠪᠥᠮᠪᠥᠷᠴᠡᠭ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠪᠠᠶᠠᠨ ᠠᠭᠤᠷᠬᠠᠢ ᠶᠢ ᠬᠦᠷᠢᠶᠡᠯᠡᠵᠦ ᠪᠤᠢ᠃ ᠡᠯᠪᠡᠭ ᠪᠠᠶᠠᠯᠢᠭ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠠᠶᠠᠨ᠋ᠣ᠋ᠪᠣᠭ᠎ᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠶᠡᠬᠡᠪᠡᠷ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠡᠭᠦᠨ ᠤ ᠵᠡᠷᠭᠡᠪᠡᠷ᠂ ᠪᠠᠶᠠᠨ᠋ᠣ᠋ᠪᠣᠭ᠎ᠠ ᠲᠡᠷᠢᠭᠦᠨ ᠵᠡᠷᠭᠡ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠠᠶᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠤᠯᠠᠨ ᠢ ᠢᠲᠡᠭᠡᠭᠦᠯᠬᠦ ᠬᠦᠴᠦᠨ ᠪᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ ᠢ ᠰᠢᠭᠤᠳ ᠨᠥᠯᠥᠭᠡᠯᠡᠬᠦ ᠠᠰᠠᠭᠤᠳᠠᠯ ᠳᠤ ᠴᠢᠭᠯᠡᠭᠦᠯᠦᠨ᠂ ᠤᠯᠠᠨ ᠨᠡᠶᠢᠲᠡ ᠶᠢᠨ ᠲᠦᠷᠦ ᠶᠢᠨ ᠪᠣᠳᠣᠯᠭ᠎ᠠ ᠶᠢ ᠪᠡᠶᠡᠯᠡᠭᠦᠯᠬᠦ ᠪᠠ ᠵᠠᠰᠠᠭ ᠤᠨ ᠣᠷᠳᠣᠨ ᠤ ᠭᠡᠷ᠎ᠡ ᠶᠢ ᠭᠦᠢᠴᠡᠳᠬᠡᠬᠦ ᠳᠤ ᠬᠢᠮᠳᠠ ᠠᠮᠠᠯᠠᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠬᠡᠯᠡᠪᠡᠯ ᠢᠲᠡᠭᠡᠮᠵᠢᠲᠡᠢ᠂ ᠬᠢᠪᠡᠯ ᠦᠷ᠎ᠡ ᠳ᠋ᠦᠩ ᠲᠠᠢ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠠᠶᠢᠭᠤᠯᠪᠠ᠃      ᠵᠠᠰᠠᠭ ᠤᠨ ᠣᠷᠳᠣᠨ ᠤ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠬᠠᠤᠯᠢ ᠪᠠᠷ ᠵᠠᠰᠠᠬᠤ ᠶᠢ ᠪᠠᠶᠠᠨ᠋ᠣ᠋ᠪᠣᠭ᠎ᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠢᠯᠡ ᠲᠣᠳᠣ ᠣᠨᠴᠠᠯᠢᠭ ᠪᠣᠯᠭᠠᠵᠤ᠂ ᠬᠥᠮᠥᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠬᠤᠯᠠᠴᠢᠯᠠᠬᠤ᠂ ᠬᠥᠮᠥᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ᠂ ᠴᠠᠭ ᠢᠮᠠᠭᠲᠠ ᠭᠠᠵᠠᠷ ᠪᠣᠯᠭᠠᠨ ᠳᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠷᠬᠢᠮᠯᠡᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠣᠯᠭᠠᠬᠤ ᠶᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ︽ᠬᠠᠤᠯᠢᠵᠢᠯ ᠤᠨ ᠦᠨ᠎ᠡ ᠴᠠᠨ᠎ᠠ︾᠎ ᠶᠢ ᠪᠦᠲᠦᠮᠵᠢᠲᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠵᠤ ᠦᠢᠯᠡᠰ ᠪᠣᠰᠬᠠᠬᠤ ᠳᠤ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠲᠥᠰᠥᠭᠡᠯᠡᠵᠦ ᠪᠣᠯᠬᠤᠶᠢᠴᠠ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ ᠳᠡᠯᠭᠡᠭᠦᠷ ᠤᠨ ᠢᠲᠡᠭᠡᠯ ᠢ ᠪᠦᠲᠦᠮᠵᠢᠲᠡᠢ ᠨᠡᠮᠡᠭᠳᠡᠭᠦᠯᠦᠨ᠎ᠡ᠃      ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠠᠤᠯᠢ ᠶᠣᠰᠣᠭᠠᠷ ᠭᠠᠷᠭᠠᠭᠰᠠᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠ ᠭᠠᠷ ᠤᠨ ᠥᠰᠥᠭ ᠵᠢᠷᠤᠭᠰᠠᠨ ᠡᠯ᠎ᠡ ᠲᠥᠷᠥᠯ ᠤᠨ ᠭᠡᠷ᠎ᠡ᠂ ᠵᠥᠪᠯᠡᠯᠴᠡᠭᠡᠷ ᠢ ᠬᠢᠨᠠᠮᠠᠭᠠᠢ ᠭᠦᠢᠴᠡᠳᠬᠡᠵᠦ᠂ ᠬᠤᠭᠤᠴᠠᠭ᠎ᠠ ᠰᠣᠯᠢᠬᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠣᠯᠢᠬᠤ ᠵᠡᠷᠭᠡ ᠠᠴᠠ ᠪᠣᠯᠵᠤ ᠭᠡᠷ᠎ᠡ ᠶᠢ ᠡᠪᠳᠡᠬᠦ ᠪᠠᠶᠢᠳᠠᠯ ᠭᠠᠷᠬᠤ  ᠎ ᠠᠴᠠ ᠵᠠᠶᠢᠯᠠᠰᠬᠢᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠷᠢᠶ᠎ᠡ ᠴᠠᠷᠠᠭ᠎ᠠ ᠳᠠᠬᠢ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠨ ᠡᠬᠡ ᠲᠠᠩᠰᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠰᠢᠢᠳᠪᠦᠷᠢᠯᠡᠭᠦᠯᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃      ᠨᠠᠮ ᠤᠨ ᠭᠡᠰᠢᠭᠦᠨ ᠺᠠᠳ᠋ᠷᠴᠤᠳ ᠤᠨ ᠦᠨᠡᠨᠴᠢ ᠢᠲᠡᠭᠡᠮᠵᠢ ᠶᠢᠨ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠨ᠂ ᠦᠨᠡᠨᠴᠢ ᠢᠲᠡᠭᠡᠮᠵᠢᠲᠡᠢ᠂ ᠬᠠᠤᠯᠢ ᠶᠢ ᠰᠠᠬᠢᠬᠤ ᠪᠠ ᠶᠣᠰᠣ ᠮᠣᠷᠠᠯ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠦᠨᠡᠨᠴᠢ ᠢᠲᠡᠭᠡᠮᠵᠢ ᠶᠢᠨ ᠭᠠᠷ ᠳᠡᠪᠲᠡᠷ ᠢ ᠨᠠᠶᠢᠷᠠᠭᠤᠯᠤᠨ ᠵᠣᠬᠢᠶᠠᠵᠤ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠳᠤᠷᠢᠳᠬᠤ ᠺᠠᠳ᠋ᠷᠴᠤᠳ ᠤᠨ ᠪᠣᠯᠪᠠᠰᠤᠷᠠᠭᠤᠯᠤᠯ ᠪᠠ ᠳᠠᠪᠲᠠᠨ ᠪᠣᠯᠪᠠᠰᠤᠷᠠᠬᠤ ᠬᠢᠴᠢᠶᠡᠯ ᠳᠤ ᠣᠷᠣᠭᠤᠯᠵᠤ᠂ ᠢᠲᠡᠭᠡᠮᠵᠢ ᠶᠢᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠦᠨ᠎ᠡ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠭᠠᠵᠠᠷ ᠪᠣᠯᠭᠠᠨ ᠳᠤ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠬᠥᠮᠥᠨ ᠪᠣᠯᠭᠠᠨ ᠴᠥᠮ ᠳᠦᠷᠢ ᠲᠥᠷᠬᠦ ᠶᠢᠨ ᠡᠯᠴᠢ︾ ᠪᠠᠶᠢᠬᠤ ᠠᠭᠤᠷ ᠠᠮᠢᠰᠬᠤᠯ ᠢ ᠦᠷᠭᠦᠯᠵᠢᠯᠡᠨ ᠬᠦᠴᠦᠯᠡᠨ ᠪᠣᠶ ᠪᠣᠯᠭᠠᠵᠤ᠂ ︽ᠰᠡᠳᠬᠢᠯ ᠬᠠᠨᠤᠮᠵᠢᠲᠠᠶ ᠪᠠᠶᠢᠬᠤ ᠶᠢ ᠴᠢᠨᠢ ᠳᠠᠭᠠᠭᠠᠨ᠎ᠠ︾ ︽ᠰᠠᠨᠠᠭ᠎ᠠ ᠠᠮᠤᠷ ᠪᠠᠶᠢᠬᠤ ᠶᠢ ᠴᠢᠨᠢ ᠳᠠᠭᠠᠭᠠᠨ᠎ᠠ︾ ᠭᠡᠬᠦ ᠶᠢᠨ ᠬᠠᠮᠲᠤ᠂ ︽ᠴᠠᠭᠠᠨ ᠡᠭᠦᠯᠡᠨ ᠤ ᠬᠤᠷᠳᠤᠴᠠ︾ ︽ᠴᠠᠭᠠᠨ ᠡᠭᠦᠯᠡᠨ ᠤ ᠬᠠᠯᠠᠭᠤᠨ ᠳᠤᠯᠠᠭᠠᠨ︾᠎ ᠢ ᠢᠯᠡᠷᠡᠭᠦᠯᠵᠦ᠂ ︽ᠵᠢᠵᠢᠭ ᠳᠡᠯᠭᠡᠭᠦᠷ︾ ᠮᠠᠶ᠋ᠢᠭ ᠤᠨ ᠦᠢᠯᠡᠴᠢᠯᠡᠭᠡ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠢ ᠠᠵᠢᠯ ᠶᠠᠪᠤᠳᠠᠯ ᠪᠦᠲᠦᠭᠡᠵᠦ ᠳᠡᠶᠢᠯᠬᠦ᠂ ᠲᠦᠷᠭᠡᠨ ᠠᠵᠢᠯ ᠶᠠᠪᠤᠳᠠᠯ ᠪᠦᠲᠦᠭᠡᠵᠦ ᠳᠡᠶᠢᠯᠬᠦ᠂ ᠠᠵᠢᠯ ᠶᠠᠪᠤᠳᠠᠯ ᠪᠦᠲᠦᠭᠡᠬᠦ ᠳᠤ ᠠᠮᠠᠷ ᠪᠣᠯᠭᠠᠬᠤ ᠬᠡᠷᠡᠭᠲᠡᠢ᠃      ᠲᠦᠷᠦ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠪᠡᠶᠡᠯᠡᠭᠦᠯᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ ᠪᠡᠶᠡᠯᠡᠭᠦᠯᠬᠦ ᠬᠤᠷᠳᠤᠴᠠ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠭᠤᠶᠤᠴᠢᠯᠠᠬᠤ ᠦᠭᠡᠢ ᠪᠠᠷ ᠡᠳ᠋ᠯᠡᠬᠦ︾᠎ ᠶᠢ ᠪᠡᠶᠡᠯᠡᠭᠦᠯᠦᠨ᠎ᠡ᠃ ᠬᠢᠵᠦ ᠳᠡᠶᠢᠯᠬᠦ ᠦᠭᠡᠢ ᠵᠦᠢᠯ ᠢ ᠠᠮᠠᠨ ᠲᠠᠪᠠ ᠪᠠᠷ ᠢᠶᠠᠨ ᠶᠠᠷᠢᠵᠤ᠂ ᠳᠤᠷ᠎ᠠ ᠪᠠᠷ ᠢᠶᠠᠨ ᠵᠥᠪᠰᠢᠶᠡᠷᠡᠵᠦ ᠪᠣᠯᠬᠤ ᠦᠭᠡᠢ᠂ ᠵᠥᠪᠰᠢᠶᠡᠷᠡᠭᠰᠡᠨ ᠵᠦᠢᠯ ᠢ ᠵᠠᠪᠠᠯ ᠪᠡᠶᠡᠯᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠶᠢᠯᠠᠯ ᠳᠤ︽ᠶᠠᠪᠤᠳᠠᠯ ᠪᠦᠬᠦᠨ ᠢ ᠬᠠᠷᠰᠢᠯᠠᠬᠤ ᠦᠭᠡᠢ᠂ ᠱᠠᠭᠠᠷᠳᠠᠯᠭ᠎ᠠ ᠶᠢ ᠵᠠᠪᠠᠯ ᠭᠦᠢᠴᠡᠳᠬᠡᠬᠦ︾᠎ ᠶᠢ ᠪᠡᠶᠡᠯᠡᠭᠦᠯᠵᠦ᠂ ᠨᠡᠩ ᠤᠯᠠᠨ ᠠᠵᠤ ᠠᠬᠤᠶᠢᠯᠠᠯ ᠪᠠ ᠤᠯᠠᠨ ᠲᠦᠮᠡᠨ ᠢ ᠴᠠᠭᠠᠨ ᠡᠭᠦᠯᠡ ᠶᠢ ᠰᠣᠩᠭᠤᠵᠤ᠂ ᠴᠠᠭᠠᠨ ᠡᠭᠦᠯᠡᠨ ᠳᠤ ᠦᠨᠳᠦᠰᠦᠯᠡᠭᠦᠯᠵᠦ᠂ ᠠᠵᠤ ᠠᠬᠤᠶᠢᠯᠠᠯ ᠢ ᠰᠡᠳᠬᠢᠯ ᠲᠠᠯᠪᠢᠨ ᠦᠢᠯᠡᠰ ᠪᠣᠰᠬᠠᠵᠤ᠂ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠬᠥᠭᠵᠢᠭᠦᠯᠦᠨ᠎ᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号