ᠪᠠᠶ᠋ᠬᠠᠣᠪᠤᠭ᠎ᠠ ᠶᠢᠨ ᠠᠵᠤ ᠦᠢᠯᠡᠰ ᠤᠨ ᠬᠡᠯᠬᠢᠶ᠎ᠡ᠂ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠵᠦ᠂ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/8
     ᠰᠢ  ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠵᠦ᠂ ᠪᠠᠶᠠᠨ᠋ᠣ᠋ᠪᠣᠭ᠎ᠠ ᠭᠠᠵᠠᠷ ᠣᠷᠣᠨ ᠣ ᠤᠯᠠᠨ ᠠᠴᠠ ᠬᠡᠲᠦᠶᠢᠳᠦᠭᠰᠡᠨ ᠬᠤᠪᠣᠷ ᠰᠢᠷᠣᠢ ᠶᠢᠨ ᠡᠬᠢ ᠪᠠᠶᠠᠯᠢᠭ ᠣᠨ ᠳᠠᠪᠠᠭᠤᠯᠢᠭ ᠲᠠᠭᠠᠨ ᠲᠦᠰᠢᠭᠯᠡᠨ᠂︽ᠠᠵᠤ ᠠᠬᠤᠶᠢᠯᠠᠯ ᠴᠤᠭᠯᠠᠷᠠᠬᠤ᠂ ᠠᠵᠤ ᠦᠢᠯᠡᠰ ᠴᠤᠭᠯᠠᠷᠠᠬᠤ᠂ ᠬᠥᠭᠵᠢᠯᠲᠡ ᠶᠢ ᠡᠷᠴᠢᠮᠵᠢᠭᠦᠯᠬᠦ︾ ᠵᠠᠷᠴᠢᠮ ᠣᠨ ᠶᠣᠰᠣᠭᠠᠷ᠂ ᠬᠤᠪᠣᠷ ᠰᠢᠷᠣᠢ ᠶᠢᠨ ᠠᠵᠤ ᠦᠢᠯᠡᠰ ᠣᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠣᠨ ᠪᠦᠲᠦᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠣᠷᠣᠯᠴᠠᠵᠤ᠂ ᠥᠷᠢᠰᠦᠯᠳᠦᠬᠦ ᠬᠦᠴᠦᠨ ᠲᠠᠢ ᠥᠪᠡᠷᠮᠢᠴᠡ ᠣᠨᠴᠠᠯᠢᠭ ᠲᠠᠢ ᠬᠤᠪᠣᠷ ᠰᠢᠷᠣᠢ ᠶᠢᠨ ᠰᠢᠨ᠎ᠡ ᠮᠠ‌ᠧᠷᠢᠶᠠᠯ ᠣᠨ ᠠᠵᠤ ᠦᠢᠯᠡᠰ ᠣᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠬᠤ ᠪᠠ ᠪᠦᠲᠦᠭᠡᠨ ᠪᠠᠶᠢᠭᠤᠯᠤᠨ᠎ᠠ᠃
     ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾᠎ ᠤᠨ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠷ ᠲᠦᠰᠢᠭ ᠪᠣᠯᠭᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠬᠦ ᠪᠠᠷ ᠭᠤᠣᠯ ᠱᠤᠭᠤᠮ ᠪᠠᠶᠠᠨ᠋ᠣ᠋ᠪᠣᠭ᠎ᠠ ᠠᠵᠤ ᠦᠢᠯᠡᠰ ᠤᠨ ᠪᠦᠯᠦᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ︽ᠡᠮᠬᠢᠯᠡᠨ ᠨᠡᠶᠢᠯᠡᠭᠦᠯᠬᠦ᠂ ᠳᠡᠭᠡᠭᠰᠢᠯᠡᠭᠦᠯᠬᠦ᠂ ᠵᠢᠷᠤᠮᠵᠢᠭᠤᠯᠬᠤ︾ ᠰᠡᠳᠬᠢᠴᠡ ᠢᠢᠨ ᠲᠣᠭᠤᠷᠢᠨ ᠲᠤ᠂ ᠤᠳᠤ ᠪᠠᠶᠢᠭ᠎ᠠ ᠬᠤᠪᠣᠷ ᠰᠢᠷᠣᠢ ᠢᠢᠨ ᠡᠬᠢ ᠪᠠᠶᠠᠯᠢᠭ ᠢ ᠮᠠᠯᠲᠠᠵᠤ ᠰᠣᠩᠭᠤᠬᠤ ᠦᠢᠯᠡᠰ ᠣᠨ ᠰᠠᠭᠤᠷᠢᠨ ᠳᠡᠭᠡᠷ᠎ᠡ᠂ ᠬᠡᠷᠡᠭᠯᠡᠬᠦ ᠭᠠᠵᠠᠷ ᠢ 22 ᠾᠧᠺᠲ᠋ᠠᠷ ᠲᠥᠯᠥᠪᠵᠢᠭᠦᠯᠵᠦ᠂ ᠶᠡᠷᠦᠩᠬᠡᠢ ᠲᠠᠯᠠᠪᠠᠢ ᠨᠢ 15 ᠲᠦᠮᠡᠨ ᠲᠡᠭᠰᠢ ᠳᠥᠷᠪᠡᠯᠵᠢᠨ ᠮᠧᠲ ᠣᠨ ᠬᠦᠷᠢᠶᠡᠯᠡᠩ ᠲᠣᠭᠤᠷᠢᠭ ᠣᠨ ᠬᠤᠪᠣᠷ ᠰᠢᠷᠣᠢ ᠢᠢᠨ ᠲᠡᠮᠦᠷᠯᠢᠭ᠂ ᠡᠭᠦᠰᠭᠡᠭᠦᠷ᠂ ᠰᠣᠷᠢᠨᠵᠢᠨ ᠮᠠ‌ᠧᠷᠢᠶᠠᠯ᠂ ᠣᠨᠴᠠ ᠲᠥᠷᠥᠯ ᠣᠨ ᠬᠠᠶᠢᠯᠤᠰᠢ᠂ ᠡᠯᠧᠺ‌‍ᠷᠤᠨ ᠲᠤᠨᠤᠭ ᠰᠡᠯᠪᠢᠭᠡᠰᠦ ᠪᠣᠯᠣᠨ ᠳᠣᠣᠷᠠᠳᠤ ᠤᠷᠤᠰᠬᠠᠯ ᠣᠨ ᠬᠡᠷᠡᠭᠯᠡᠭᠡᠨ ᠣ ᠦᠢᠯᠡᠳᠬᠦᠨ ᠢ ᠬᠥᠭᠵᠢᠭᠦᠯᠬᠦ ᠲᠤ ᠬᠡᠷᠡᠭᠯᠡᠬᠦ ᠬᠤᠪᠣᠷ ᠴᠤᠬᠠᠭ ᠰᠢᠨ᠎ᠡ ᠮᠠ‌ᠧᠷᠢᠶᠠᠯ ᠵᠢᠴᠢ ᠬᠡᠷᠡᠭᠯᠡᠭᠡᠨ ᠣ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠤᠪᠣᠷ ᠰᠢᠷᠣᠢ ᠢᠶ ᠭᠦᠨᠵᠡᠭᠡᠢ ᠪᠣᠯᠪᠠᠰᠤᠷᠠᠭᠤᠯᠬᠤ ᠪᠠ ᠦᠢᠯᠡᠳᠬᠦᠨ ᠣ ᠬᠡᠷᠡᠭᠯᠡᠭᠡᠨ ᠣ ᠰᠢᠨ᠎ᠡ ᠢᠶ ᠡᠭᠦᠳᠬᠦ ᠪᠠ ᠬᠥᠭᠵᠢᠭᠦᠯᠬᠦ ᠢᠶ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃
     2023 ᠣᠨ ᠳᠤ᠂ ᠤᠯᠠᠨ ᠠᠵᠤ ᠠᠬᠤᠶᠢᠯᠠᠯ ᠬᠤᠪᠣᠷ ᠰᠢᠷᠣᠢ ᠶᠢᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠬᠦᠷᠢᠶᠡᠯᠡᠩ ᠲᠣᠭᠤᠷᠢᠭ ᠲᠤ ᠴᠤᠭᠯᠠᠷᠠᠨ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠦᠷᠳᠡᠭ ᠤᠨ ᠰᠢᠪᠲᠤᠯᠤᠯᠲᠠ ᠶᠢ ᠪᠡᠶᠡᠯᠡᠭᠦᠯᠵᠡᠢ᠃ ᠺᠤᠺᠧ ︵ᠪᠤᠭᠤᠲᠤ︶ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 6000 ᠲᠣᠨ ᠥᠨᠳᠥᠷ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠣᠷᠴᠢᠮ ᠬᠦᠷᠴᠦ᠂ 200 ᠰᠢᠬᠠᠮ ᠬᠥᠮᠥᠨ ᠤ ᠠᠵᠢᠯ ᠣᠯᠭᠤᠯᠲᠠ ᠶᠢ ᠳᠠᠶᠢᠴᠢᠯᠠᠪᠠ᠃ ᠪᠤᠭᠤᠲᠤ ᠬᠤᠲᠠ ᠶᠢᠨ ᠬᠤᠸᠠᠨ ᠢᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠲᠡᠮᠦᠷ ᠪᠤᠷ ᠤᠨ ᠲᠡᠮᠦᠷᠯᠢᠭ᠂ ᠡᠯᠧᠺᠲᠷᠣᠨ ᠲᠣᠨᠤᠭ ᠰᠡᠯᠪᠢᠭᠡᠰᠦ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠦᠢᠯᠡᠳᠪᠦᠷᠢᠯᠡᠯ ᠤᠨ ᠱᠤᠭᠤᠮ ᠢ ᠪᠦᠲᠦᠭᠡᠨ ᠪᠠᠶᠢᠭᠤᠯᠵᠤ᠂ ᠺᠧ ᠺᠧ ᠺᠣᠮᠫᠠᠨᠢ ᠯᠤᠭ᠎ᠠ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠢᠵᠢ ᠪᠦᠷᠢᠳᠦᠭᠦᠯᠬᠦ ᠶᠢ ᠪᠦᠷᠢᠯᠳᠦᠭᠦᠯᠵᠦ᠂ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ᠰᠢᠩ ᠪᠥᠸᠧ ᠰᠢᠩᠭᠡᠨ ᠮᠠᠲ᠋ᠧᠷᠢᠶᠠᠯ ᠤᠨ ᠰᠢᠨ᠎ᠡ ᠮᠠᠲᠧᠷᠢᠶᠠᠯ︵ᠪᠤᠭᠤᠲᠤ︶᠎ ᠤᠨ ᠬᠢᠵᠠᠭᠠᠷᠲᠤ ᠺᠣᠮᠫᠠᠨᠢ ᠪᠣᠯ ᠣᠳᠣᠬᠠᠨ ᠤ ᠪᠦᠬᠦ ᠤᠯᠤᠰ ᠤᠨ ᠬᠠᠮᠤᠭ ᠤᠨ ᠲᠡᠷᠢᠭᠦᠨ ᠤ᠂ ᠦᠢᠯᠡᠳᠪᠦᠷᠢᠯᠡᠯ ᠤᠨ ᠴᠢᠳᠠᠪᠤᠷᠢ ᠪᠠᠷ ᠬᠠᠮᠤᠭ ᠤᠨ ᠶᠡᠭᠡ ᠬᠤᠪᠣᠷ ᠰᠢᠷᠣᠢ ᠶᠢᠨ ᠬᠥᠩᠭᠡᠨ ᠴᠠᠭᠠᠨ ᠤ ᠬᠠᠶᠢᠯᠤᠰᠢ ᠶᠢᠨ ᠰᠢᠨ᠎ᠡ ᠮᠠᠲᠧᠷᠢᠶᠠᠯ ᠤᠨ ᠲᠤᠰᠬᠠᠢ ᠦᠢᠯᠡᠳᠪᠦᠷᠢᠯᠡᠯ ᠤᠨ ᠦᠢᠯᠡᠳᠪᠦᠷᠢ ᠪᠣᠯᠣᠨ᠎ᠠ᠃ ᠡᠭᠦᠨ ᠤ ᠵᠡᠷᠭᠡᠪᠡᠷ᠂ ᠲᠤᠰ ᠠᠵᠤ ᠠᠬᠤᠶᠢᠯᠠᠯ ᠨᠢ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠲᠠᠢ ᠬᠠᠮᠲᠤᠷᠠᠨ ᠥᠨᠳᠥᠷ ᠴᠡᠪᠡᠷᠴᠡ ᠲᠠᠢ ᠰᠺᠠᠨᠳᠢ ᠢᠰᠦᠯᠳᠦᠭᠦᠯᠬᠦ ᠮᠡᠷᠭᠡᠵᠢᠯ ᠢ ᠬᠠᠮᠲᠤᠪᠠᠷ ᠰᠢᠪᠲᠤᠯᠵᠤ᠂ ᠮᠡᠷᠭᠡᠵᠢᠯ ᠤᠨ ᠪᠣᠭᠤᠮᠲᠠ ᠰᠢᠪᠲᠤᠯᠤᠭᠰᠠᠨ ᠤ ᠳᠠᠷᠠᠭ᠎ᠠ᠂ ᠬᠤᠪᠣᠷ ᠰᠢᠷᠣᠢ ᠶᠢᠨ ᠰᠺᠠᠨᠳᠢ ᠡᠯᠧᠮᠧᠨ᠋ᠲ ᠢ ᠰᠣᠩᠭᠤᠨ ᠮᠠᠯᠲᠠᠬᠤ ᠠᠴᠠ ᠬᠡᠷᠡᠭᠯᠡᠭᠡᠨ ᠳᠤ ᠣᠷᠣᠭᠤᠯᠬᠤ ᠪᠦᠬᠦ ᠬᠡᠯᠬᠢᠶ᠎ᠡ ᠶᠢᠨ ᠰᠢᠪᠲᠤᠯᠤᠯᠲᠠ ᠶᠢ ᠦᠨᠡᠨᠬᠦ ᠪᠡᠶᠡᠯᠡᠭᠦᠯᠵᠦ᠂ ᠪᠤᠭᠤᠲᠤ ᠬᠤᠳᠠ ᠶᠢᠨ ︽ᠬᠤᠶᠠᠷ ᠬᠤᠪᠣᠷ ᠰᠢᠷᠣᠢ ᠶᠢᠨ ᠰᠠᠭᠤᠷᠢᠨ︾᠎ ᠢ ᠪᠦᠲᠦᠭᠡᠨ ᠪᠠᠶᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠬᠤ ᠪᠣᠯᠣᠨ᠎ᠠ᠃ ᠥᠪᠥᠷ ᠮᠣᠩᠭᠤᠯ ᠤᠨ ᠮᠥ᠋ᠩ ᠺᠠᠯᠢ ᠶᠢᠨ ᠡᠷᠦᠳᠡᠰᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ ᠶᠢᠨ ᠦᠯᠡᠳᠡᠭᠳᠡᠯ ᠬᠦᠳᠡᠷ ᠤᠨ ᠪᠠᠶᠠᠨ ᠺᠠᠯᠢ ᠶᠢᠨ ᠬᠠᠪᠲᠠᠰᠤᠨ ᠴᠢᠯᠠᠭᠤᠯᠢᠭ ᠢᠶᠠᠷ ᠲᠦᠭᠦᠬᠡᠢ ᠮᠠᠲ᠋ᠧᠷᠢᠶᠠᠯ ᠪᠣᠯᠭᠠᠵᠤ᠂ ᠰᠢᠨ᠎ᠡ ᠬᠡᠯᠪᠡᠷᠢ ᠶᠢᠨ ᠡᠷᠦᠳᠡᠰᠦ ᠶᠢᠨ ᠺᠠᠯᠢ ᠶᠢᠨ ᠪᠣᠷᠳᠣᠭᠤᠷ ᠢ ᠦᠢᠯᠡᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠺᠠᠯᠢ ᠶᠢᠨ ᠪᠣᠷᠳᠣᠭᠤᠷ ᠤᠨ ᠲᠦᠭᠦᠬᠡᠢ ᠮᠠᠲ᠋ᠧᠷᠢᠶᠠᠯ ᠤᠨ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠦ᠂ ᠮᠠᠨ ᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠺᠠᠯᠢ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ ᠳᠤ ᠰᠢᠨ᠎ᠡ ᠲᠥᠰᠥᠯ ᠪᠣᠯᠣᠨ ᠠᠷᠭ᠎ᠠ ᠵᠠᠮ ᠬᠠᠩᠭᠠᠵᠠᠢ᠃ ᠵᠢᠱᠢᠯᠲᠡ ᠪᠠᠷ 2024 ᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠣᠯᠣᠮᠵᠢ ᠲᠠᠢ᠃
     ᠣᠶᠢᠯᠠᠭᠠᠭᠰᠠᠨ ᠢᠶᠠᠷ᠂ ᠺᠧ ᠺᠧ ︵ᠪᠤᠭᠤᠲᠤ︶᠎ ᠶᠢᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠣᠲᠣ ᠶᠠᠭ ᠬᠤᠪᠣᠷ ᠰᠢᠷᠣᠢ ᠶᠢ ᠨᠠᠷᠢᠯᠢᠭ ᠪᠣᠯᠪᠠᠰᠤᠷᠠᠭᠤᠯᠬᠤ ᠵᠡᠷᠭᠡ ᠳᠣᠣᠷᠠᠳᠤ ᠤᠷᠤᠰᠬᠠᠯ ᠤᠨ ᠦᠢᠯᠡᠳᠬᠦᠨ ᠢ ᠬᠠᠶᠢᠨ ᠰᠦᠪᠡᠭᠴᠢᠯᠡᠵᠦ᠂ ᠭᠤᠷᠪᠠᠨ ᠵᠢᠯ ᠤᠨ ᠳᠣᠲᠣᠷ᠎ᠠ ᠤᠮᠠᠷᠠᠲᠤ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ ᠭᠠᠷᠭᠠᠬᠤ ᠪᠠᠷ ᠲᠥᠯᠥᠪᠯᠡᠵᠦ ᠪᠠᠶᠢᠨ᠎ᠠ᠃ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠨᠢ ᠲᠡᠮᠦᠷ ᠪᠤᠷ ᠤᠨ ᠰᠣᠷᠢᠨᠵᠢᠨ ᠴᠢᠨᠠᠷ ᠲᠠᠢ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠣᠯᠪᠠᠰᠤᠷᠠᠭᠤᠯᠤᠨ ᠬᠡᠷᠡᠭᠯᠡᠬᠦ ᠪᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠵᠦ ᠬᠡᠷᠡᠭᠯᠡᠬᠦ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠦᠨ᠎ᠡ᠃ ᠠᠵᠢᠯ ᠲᠥᠷᠥᠯ ᠤᠨ ᠬᠦᠷᠢᠶᠡᠨ ᠤ ᠲᠡᠷᠢᠭᠦᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠪᠦᠷᠢᠯᠡᠯ ᠤᠨ ᠭᠤᠣᠯ ᠰᠠᠭᠤᠷᠢᠨ ᠭᠠᠵᠠᠷ ᠢ ᠪᠤᠭᠤᠲᠤ ᠬᠤᠳᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠣ ᠰᠢᠨ᠎ᠡ ᠠᠵᠤ ᠠᠬᠤᠢ ᠶᠢᠨ ᠨᠡᠮᠡᠭᠳᠡᠯ ᠣᠨ ᠲᠤᠶᠢᠯ ᠣᠨ ᠨᠡᠪᠴᠢᠭᠦᠯᠦᠭᠦᠷ ᠪᠣᠯᠬᠤ ᠳᠤ ᠰᠠᠭᠤᠷᠢᠯᠠᠨ᠂ ︽ᠵᠠᠭᠤᠨ ᠳᠦᠢᠩᠰᠢᠭᠤᠷ ᠲᠡᠰ︾ ᠣᠨ ᠬᠤᠪᠣᠷ ᠰᠢᠷᠣᠢ ᠶᠢᠨ ᠰᠢᠨ᠎ᠡ ᠮᠠ‌ᠧᠷᠢᠶᠠᠯ ᠣᠨ ᠠᠵᠤ ᠦᠢᠯᠡᠰ ᠣᠨ ᠬᠥᠭᠵᠢᠯᠲᠡ ᠶᠢᠨ ᠥᠨᠳᠦᠷᠯᠢᠭ ᠭᠠᠵᠠᠷ ᠢ ᠬᠦᠴᠦ ᠪᠠᠨ ᠲᠥᠪᠯᠡᠷᠡᠭᠦᠯᠦᠨ ᠪᠤᠢ ᠪᠣᠯᠭᠠᠵᠤ᠂ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᠣᠨ ᠡᠬᠢ ᠪᠠᠶᠠᠯᠢᠭ ᠣᠨ ᠳᠠᠪᠠᠭᠤᠯᠢᠭ ᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠠᠵᠤ ᠦᠢᠯᠡᠰ ᠣᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠪᠣᠯᠣᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号