ᠦᠨᠡᠨᠴᠢ ᠰᠢᠳᠤᠷᠭᠤ ᠪᠠᠷ ᠶᠣᠰᠣ ᠰᠤᠷᠲᠠᠬᠤᠨ ᠢ ᠲᠡᠵᠢᠭᠡᠵᠦ ᠢᠲᠡᠭᠡᠯ ᠢ ᠡᠷᠬᠢᠮᠯᠡᠨ ᠪᠡᠶ᠎ᠡ ᠪᠠᠨ ᠴᠣᠭᠴᠠᠯᠠᠨ᠎ᠠ ︱ ᠪᠠᠶ᠋ᠬᠤᠪᠤᠭ᠎ᠠ ᠠᠭᠤᠷᠬᠠᠢ ᠶᠢᠨ ᠣᠷᠣᠨ ᠤ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2024/4/9
     ᠳᠤᠮᠳᠠᠳᠤ ᠶᠢᠨ ᠦᠨᠳᠦᠰᠦᠲᠡᠨ ᠡᠷᠲᠡᠨ ᠠᠴᠠ ᠪᠠᠨ ᠠᠪᠤᠭᠠᠳ ᠦᠨᠡᠨᠴᠢ ᠪᠠᠷ ᠦᠨᠳᠦᠰᠦ ᠪᠣᠯᠭᠠᠬᠤ᠂ ᠢᠲᠡᠭᠡᠯ ᠢ ᠲᠡᠷᠢᠭᠦᠨ ᠳᠤ ᠲᠠᠯᠪᠢᠬᠤ ᠰᠣᠶᠣᠯ ᠤᠨ ᠤᠯᠠᠮᠵᠢᠯᠠᠯ ᠲᠠᠢ ᠶᠤᠮ᠃ ᠦᠨᠡᠨᠴᠢ ᠢᠲᠡᠭᠡᠮᠵᠢ ᠨᠢ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠬᠤ᠂ ᠨᠡᠶᠢᠭᠡᠮ ᠤᠨ ᠡᠮᠬᠢ ᠳᠢᠭᠯᠢᠮ ᠢ ᠵᠢᠷᠤᠮᠵᠢᠭᠤᠯᠬᠤ ᠳᠤ ᠴᠥᠮ ᠣᠷᠣᠯᠠᠭᠤᠯᠵᠤ ᠪᠣᠯᠣᠰᠢ ᠦᠭᠡᠢ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠠᠶᠢᠷᠢᠯᠠᠭᠤᠯᠤᠭᠰᠠᠨ ︽ᠵᠢᠷᠭᠤᠭᠠᠨ ᠶᠡᠭᠡ ᠢᠨᠵᠧᠨᠧᠷᠢᠩ︾᠎ ᠤᠨ ᠨᠢᠭᠡ ᠪᠠᠶᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠴᠢᠬᠤᠯᠠ ᠴᠢᠨᠠᠷ ᠨᠢ ᠮᠡᠳᠡᠭᠡᠵᠢ ᠶᠢᠨ ᠬᠡᠷᠡᠭ ᠶᠤᠮ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠎ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠭᠠᠷᠳᠠᠴᠠ ᠪᠣᠯᠭᠠᠬᠤ᠂ ᠦᠷ᠎ᠡ ᠳ᠋ᠦᠩ ᠢᠶᠠᠷ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠬᠦ᠂ ᠳᠤᠮᠳᠠ ᠤᠷᠤᠰᠬᠠᠯ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃       ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠤᠨ ᠠᠬᠢᠭᠤᠯᠤᠨ᠎ᠠ᠃ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠲᠦᠷᠦᠭᠦᠯᠡᠨ ᠶᠡᠷᠦᠩᠬᠡᠶᠢᠯᠡᠨ ᠠᠳᠬᠤᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯ︾᠎ ᠤᠨ ᠶᠣᠰᠣᠭᠠᠷ᠂ ᠬᠤᠷᠠᠯ ᠬᠢᠬᠦ᠂ ᠲᠣᠬᠢᠷᠠᠭᠤᠯᠬᠤ᠂ ᠰᠢᠮᠳᠠᠭᠤᠯᠤᠨ ᠪᠠᠶᠢᠴᠠᠭᠠᠬᠤ᠂ ᠮᠡᠳᠡᠭᠡᠯᠡᠬᠦ ᠵᠡᠷᠭᠡ ᠬᠠᠮᠢᠶ᠎ᠠ ᠪᠦᠬᠦᠢ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠶᠢᠨ ᠬᠤᠷᠠᠯ ᠢ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠬᠦᠷᠢᠶᠡᠨ ᠤ ᠲᠦᠷᠦᠭᠦᠯᠡᠬᠦ ᠰᠠᠯᠠᠭ᠎ᠠ ᠮᠥᠴᠢᠷ ᠨᠢ ᠳᠡᠭᠡᠳᠦ ᠱᠠᠲᠤᠨ ᠤ ᠨᠢᠭᠡᠴᠡ ᠯᠦᠭᠡ ᠠᠵᠢᠯ ᠢᠶᠠᠨ ᠵᠣᠯᠭᠠᠭᠤᠯᠬᠤ ᠶᠢ ᠢᠳᠡᠪᠬᠢᠲᠡᠢ ᠰᠠᠶᠢᠲᠤᠷ ᠬᠢᠬᠦ ᠶᠢᠨ ᠬᠠᠮᠲᠤ ᠡᠭᠦᠷᠭᠡ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠤᠨ᠂ ᠪᠡᠶᠡᠯᠡᠭᠦᠯᠬᠦ ᠴᠠᠭ ᠤᠨ ᠬᠢᠵᠠᠭᠠᠷ ᠢ ᠦᠨᠳᠦᠰᠦᠯᠡᠨ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠵᠠᠰᠠᠭ ᠤᠨ ᠶᠠᠪᠤᠳᠠᠯ ᠤᠨ ᠪᠠᠶᠢᠷᠢᠰᠢᠯ ᠢ ᠪᠠᠶᠢᠭᠤᠯᠵᠤ᠂ ᠬᠤᠳᠠᠯᠳᠤᠭ᠎ᠠ ᠡᠷᠬᠢᠯᠡᠬᠦ ᠳᠦᠷᠢ ᠲᠥᠷᠬᠦ ᠶᠢ ᠪᠤᠢ ᠪᠣᠯᠭᠠᠨ᠎ᠠ᠃ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠢᠲᠡᠭᠡᠮᠵᠢ ᠶᠢ ᠰᠡᠷᠭᠦᠭᠡᠬᠦ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠠᠵᠤ ᠠᠬᠤᠶᠢᠯᠠᠯ 1 ᠡᠷᠦᠬᠡ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ 1 ᠡᠷᠦᠬᠡ ᠶᠢ ᠰᠢᠯᠵᠢᠭᠦᠯᠦᠨ ᠭᠠᠷᠭᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠪᠦᠲᠦᠭᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠤᠷᠭᠠᠭᠤᠯᠢ ᠳᠤ ᠣᠷᠣᠭᠤᠯᠬᠤ ᠪᠠ ᠰᠤᠷᠬᠤ ᠨᠠᠰᠤᠨ  ᠎ ᠠᠴᠠ ᠡᠮᠦᠨᠡᠬᠢ ᠰᠤᠷᠭᠠᠨ ᠬᠥᠮᠦᠵᠢᠯ ᠢ ᠴᠡᠴᠡᠷᠯᠢᠭ ᠲᠤ ᠣᠷᠣᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ ᠠᠰᠢᠭ ᠭᠥᠷᠳᠡᠭᠰᠡᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠪᠠ ᠰᠢᠭᠦᠬᠦ ᠬᠤᠷᠢᠶ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠶᠢ ᠲᠡᠪᠴᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠢ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠤᠯᠵᠤ᠂ ᠨᠠᠮ ᠵᠠᠰᠠᠭ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠡᠯ᠎ᠡ ᠠᠷᠠᠳ ᠤᠨ ᠪᠦᠯᠬᠦᠮ ᠤᠨ ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠠᠷ ᠵᠢᠭᠰᠠᠭᠠᠭᠳᠠᠭᠰᠠᠨ ᠬᠡᠷᠡᠭ ᠢ ︽ᠬᠥᠳᠡᠯᠦᠩᠭᠦᠢ ᠪᠠᠷ ᠴᠡᠪᠡᠷᠯᠡᠬᠦ︾᠎ ᠶᠢ ᠪᠠᠲᠤᠯᠠᠪᠠ᠃      ᠦᠨᠡᠨᠴᠢ ᠢᠲᠡᠭᠡᠮᠵᠢ ᠪᠠᠷ ᠰᠠᠭᠤᠷᠢ ᠪᠣᠯᠭᠠᠵᠤ᠂ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠣᠰ ᠪᠡᠶ᠎ᠡ ᠶᠢᠨ ᠠᠵᠢᠯ ᠤᠨ ᠠᠭᠤᠯᠭ᠎ᠠ ᠶᠢᠨ ᠲᠣᠭᠤᠷᠢᠨ ᠳᠤ᠂ ᠢᠲᠡᠭᠡᠮᠵᠢ ᠶᠢᠨ ᠠᠮᠠᠯᠠᠯᠲᠠ ᠶᠢᠨ ᠠᠵᠢᠯ ᠢ ᠢᠳᠡᠪᠬᠢᠲᠡᠢ ᠥᠷᠨᠢᠭᠦᠯᠬᠦ ᠶᠢᠨ ᠬᠠᠮᠲᠤ᠂ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠶᠢᠨ ᠭᠡᠷ᠎ᠡ ᠶᠢ ᠭᠦᠢᠴᠡᠳᠬᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ ᠲᠡᠮᠳᠡᠭᠯᠡᠨ ᠣᠷᠣᠭᠤᠯᠵᠤ᠂ ᠢᠲᠡᠭᠡᠮᠵᠢ ᠶᠢᠨ ᠲᠠᠪᠴᠠᠩ ᠳᠤ ᠬᠦᠷᠭᠡᠨ ᠨᠡᠶᠢᠲᠡᠯᠡᠨ᠎ᠡ᠃ ᠮᠠᠨ ᠤ ᠣᠷᠣᠨ ᠤ ᠣᠲᠣ ᠶᠢᠨ ᠪᠣᠯᠵᠤᠭ᠎ᠠ ᠪᠠᠨ ᠭᠦᠢᠴᠡᠳᠬᠡᠵᠦ ᠠᠮᠠᠯᠠᠯᠲᠠ ᠪᠠᠨ ᠭᠦᠢᠴᠡᠳᠬᠡᠭᠰᠡᠨ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ 2433 ᠵᠤᠷᠪᠤᠰ ᠲᠤ ᠬᠦᠷᠴᠦ᠂ ᠦᠷᠭᠦᠯᠵᠢᠯᠡᠨ ᠬᠠᠳᠠᠭᠠᠯᠠᠵᠤ ᠪᠠᠶᠢᠭ᠎ᠠ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ 118.5%᠎ ᠶᠢ ᠡᠵᠡᠯᠡᠪᠡ᠃ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠢᠲᠡᠭᠡᠮᠵᠢ ᠶᠢᠨ ᠲᠠᠰ ᠤᠨ ᠦᠨᠡᠯᠡᠯᠲᠡ ᠵᠢᠴᠢ ᠬᠢᠨᠠᠯᠲᠠ ᠬᠠᠮᠢᠶᠠᠷᠤᠯᠲᠠ ᠶᠢ ᠥᠷᠨᠢᠭᠦᠯᠵᠦ᠂ ᠣᠳᠣᠬᠠᠨ ᠳᠤ ᠮᠠᠨ ᠤ ᠣᠷᠣᠨ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤᠮᠳᠠᠭᠠᠨ ᠤ ᠦᠢᠯᠡᠴᠢᠯᠡᠭᠡ᠂ ᠬᠥᠳᠡᠯᠮᠦᠷᠢ ᠶᠢᠨ ᠪᠠᠲᠤᠯᠠᠭ᠎ᠠ᠂ ᠠᠳᠠᠯ ᠠᠬᠤᠢ ᠶᠢᠨ ᠦᠢᠯᠡᠴᠢᠯᠡᠭᠡ ᠵᠡᠷᠭᠡ 10 ᠬᠦᠷᠢᠶᠡᠨ ᠳᠤ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠢᠲᠡᠭᠡᠮᠵᠢ ᠶᠢᠨ ᠪᠡᠯᠡ ᠲᠣᠬᠢᠷᠠᠭᠤᠯᠭ᠎ᠠ ᠪᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠳᠤ ᠦᠨᠡᠨᠬᠦ ᠬᠦᠴᠦᠨ ᠨᠡᠮᠡᠷᠢᠯᠡᠪᠡ᠃      ᠦᠨᠡᠨᠴᠢ ᠢᠲᠡᠭᠡᠮᠵᠢ ᠲᠠᠢ ᠪᠠᠶᠢᠬᠤ ᠲᠤᠬᠠᠢ ᠤᠬᠠᠭᠤᠯᠭ᠎ᠠ ᠶᠢ ᠴᠢᠬᠤᠯᠠᠴᠢᠯᠠᠵᠤ᠂ ᠢᠲᠡᠭᠡᠮᠵᠢ ᠲᠠᠢ ᠪᠠᠶᠢᠬᠤ ᠲᠤᠬᠠᠢ ᠬᠥᠮᠦᠵᠢᠯ ᠢ ᠥᠷᠨᠢᠭᠦᠯᠦᠨ᠎ᠡ᠃ ᠰᠦᠯᠵᠢᠶᠡᠨ ᠳᠡᠭᠡᠷ᠎ᠡ ︽ᠪᠠᠶᠠᠨ᠋ᠣ᠋ᠪᠣᠭ᠎ᠠ ᠨᠡᠶᠢᠲᠡᠯᠡᠬᠦ︾ ᠸᠢᠴᠠᠲ ᠤᠨ ᠨᠡᠶᠢᠲᠡ ᠶᠢᠨ ᠳ᠋ᠤᠭᠠᠷ ᠲᠤ ᠲᠦᠰᠢᠭᠯᠡᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ 1 ᠬᠤᠪᠢ᠂ ᠪᠣᠯᠪᠠᠰᠤᠨ ᠬᠤᠲᠠ ᠶᠢᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠵᠠᠷᠯᠠᠯ 4 ᠬᠤᠭᠤᠴᠠᠭ᠎ᠠ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠨ ᠨᠡᠪᠲᠡᠷᠡᠭᠦᠯᠦᠭᠰᠡᠨ ︽ᠦᠨᠡᠨᠴᠢ ᠢᠲᠡᠭᠡᠮᠵᠢ︾ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ᠵᠢᠴᠢ ᠳᠡᠭᠡᠷ᠎ᠡ ᠭᠤᠷᠪᠠᠨ ᠱᠠᠲᠤᠨ ᠤ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠲᠤᠬᠠᠢ ᠵᠢᠷᠤᠭ ᠥᠰᠥᠭ ᠤᠨ ᠮᠡᠳᠡᠭᠡ ᠵᠠᠩᠭᠢ ᠶᠢ 12 ᠬᠤᠪᠢ ᠰᠢᠯᠵᠢᠭᠦᠯᠦᠨ ᠨᠡᠶᠢᠲᠡᠯᠡᠵᠦ᠂ ᠮᠠᠨ ᠤ ᠣᠷᠣᠨ ᠤ ᠡᠯ᠎ᠡ ᠰᠠᠯᠠᠭ᠎ᠠ ᠮᠥᠴᠢᠷ ᠤᠨ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠲᠤᠰᠬᠠᠭᠰᠠᠨ 5 ᠬᠤᠪᠢ ᠨᠡᠶᠢᠲᠡᠯᠡᠪᠡ᠃ ᠰᠦᠯᠵᠢᠶᠡᠨ ᠠᠴᠠ ᠭᠠᠳᠠᠨ᠎ᠠ ᠬᠥᠮᠥᠨ ᠤ ᠦᠶᠯᠡ ᠠᠵᠢᠯᠯᠠᠭ᠎ᠠ ᠶᠢᠨ ᠤᠬᠠᠭᠤᠯᠭ᠎ᠠ ᠶᠢᠨ ᠵᠠᠷᠯᠠᠯ ᠢ ᠴᠡᠴᠡᠷᠯᠢᠭ᠂ ᠠᠭᠤᠳᠠᠮ ᠲᠠᠯᠠᠪᠠᠶ ᠵᠡᠷᠭᠡ ᠭᠠᠵᠠᠷ ᠲᠤ ᠡᠯᠭᠦᠵᠦ᠂ ᠪᠥᠬᠦ ᠣᠷᠣᠨ ᠤ ᠣᠯᠠᠨ ᠨᠡᠶᠢᠲᠡ ᠶᠢᠨ ᠲᠠᠯᠠᠪᠤᠷ ᠲᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠰᠠᠮᠪᠠᠷ᠎ᠠ ᠶᠢ 3 ᠰᠢᠨ᠎ᠡ ᠪᠠᠷ ᠨᠡᠮᠡᠪᠡ᠃ ᠦᠨᠡᠨᠴᠢ ᠢᠲᠡᠭᠡᠮᠵᠢ ᠶᠢᠨ ᠬᠥᠮᠦᠵᠢᠯ ᠢ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠰᠢᠰᠲ᠋ᠧᠮ ᠳᠤ ᠣᠷᠣᠭᠤᠯᠵᠤ᠂ ︽ᠬᠥᠮᠥᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠨ᠎ᠠ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ 2 ᠰᠣᠷᠣᠭᠴᠢ ᠣᠷᠣᠨ ᠤ ᠲᠠᠰ ᠤᠨ ︽ᠦᠨᠡᠨᠴᠢ ᠢᠲᠡᠭᠡᠮᠵᠢᠲᠡᠢ︾ ᠰᠠᠶᠢᠬᠠᠨ ᠮᠣᠷᠠᠯ ᠲᠠᠢ ᠪᠠᠭᠠᠴᠤᠳ ᠢᠶᠠᠷ ᠦᠨᠡᠯᠡᠭᠳᠡᠪᠡ᠃      ᠬᠠᠤᠯᠢ ᠬᠡᠷᠡᠭᠵᠢᠭᠦᠯᠬᠦ ᠵᠢᠷᠤᠮᠵᠢᠯ ᠢ ᠴᠢᠩᠭᠠᠳᠬᠠᠵᠤ᠂ ᠬᠠᠤᠯᠢ ᠪᠠᠷᠢᠬᠤ ᠤᠯᠠᠨ ᠨᠡᠶᠢᠲᠡ ᠶᠢᠨ ᠢᠲᠡᠭᠡᠮᠵᠢ ᠶᠢ ᠳᠡᠭᠡᠭᠰᠢᠯᠡᠭᠦᠯᠦᠨ᠎ᠡ᠃ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠪᠥᠬᠦ ᠣᠷᠣᠨ ᠤ 2024 ᠣᠨ ᠤ ᠠᠮᠤᠷ ᠲᠦᠪᠰᠢᠨ ᠤ ᠪᠠᠶᠢᠭᠤᠯᠤᠯᠲᠠ ᠶᠢᠨ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠠᠵᠢᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠵᠠᠷᠯᠠᠨ ᠮᠡᠳᠡᠭᠳᠡᠨ᠎ᠡ᠃ ᠬᠠᠤᠯᠢ ᠪᠠᠷᠢᠬᠤ ᠳᠤ ᠭᠠᠷ ᠲᠦᠷᠦᠭᠦ ᠶᠢ ᠰᠡᠷᠭᠡᠶᠢᠯᠡᠬᠦ ᠲᠤᠬᠠᠢ ᠲᠥᠪ ᠬᠤᠷᠢᠶᠠᠨ ᠤ ︽ᠭᠤᠷᠪᠠᠨ ᠲᠣᠭᠲᠠᠭᠠᠯ︾᠎ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷ ᠪᠠ ᠺᠠᠳ᠋ᠷ ᠴᠠᠭᠳᠠᠭ᠎ᠠ ᠶᠢᠨ ᠬᠡᠷᠡᠭ ᠢ ᠰᠢᠢᠳᠪᠦᠷᠢᠯᠡᠬᠦ ᠳᠤ ᠭᠠᠷ ᠲᠦᠷᠦᠭᠦ᠂ ᠠᠰᠠᠭᠤᠵᠤ ᠯᠠᠪᠯᠠᠬᠤ ᠪᠠ ᠭᠠᠷ ᠲᠦᠷᠦᠭᠦ ᠦᠢᠯᠡ ᠠᠵᠢᠯᠯᠠᠭ᠎ᠠ ᠳᠤ ᠤᠯᠠᠭᠠᠨ ᠱᠤᠭᠤᠮ ᠲᠣᠭᠲᠠᠭᠠᠵᠤ᠂ ᠬᠤᠷᠢᠭᠠᠲᠤ ᠣᠷᠣᠨ ᠭᠠᠷᠭᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤᠮᠳᠠ ᠬᠢᠵᠠᠭᠠᠷ ᠱᠤᠭᠤᠮ ᠢ ᠰᠠᠬᠢᠬᠤ ᠶᠢ ᠦᠨᠡᠨ ᠬᠦ ᠪᠠᠲᠤᠯᠠᠨ᠎ᠠ᠃ ︽ᠪᠠᠶᠢᠴᠠᠭᠠᠬᠤ ᠪᠠ ᠠᠵᠤ ᠠᠬᠤᠶᠢᠯᠠᠯ ᠢ ᠬᠠᠮᠠᠭᠠᠯᠠᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠣᠷᠣᠨ ᠤ ᠠᠵᠤ ᠠᠬᠤᠶᠢᠯᠠᠯ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠬᠡᠷᠡᠭ ᠲᠤ ᠬᠡᠷᠡᠭ ᠪᠣᠯᠭᠠᠨ ᠳᠠᠩᠰᠠᠯᠠᠬᠤ᠂ ᠬᠡᠷᠡᠭ ᠢ ᠬᠦᠴᠦᠨ ᠦᠭᠡᠢ ᠪᠣᠯᠭᠠᠬᠤ ᠲᠤᠰᠬᠠᠢ ᠬᠢᠨᠠᠯᠲᠠ ᠲᠠᠯᠪᠢᠯᠲᠠ ᠶᠢ ᠦᠷᠭᠦᠯᠵᠢᠯᠡᠨ ᠥᠷᠨᠢᠭᠦᠯᠵᠦ ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ ᠪᠤᠷᠤᠭᠤ ᠬᠡᠷᠡᠭ ᠢ ᠬᠠᠤᠯᠢ ᠶᠣᠰᠣᠭᠠᠷ ᠢᠯᠭᠠᠨ ᠲᠣᠳᠣᠯᠠᠵᠤ ᠵᠠᠯᠠᠷᠠᠭᠤᠯᠤᠨ᠎ᠠ᠃      ᠦᠨᠡᠨᠴᠢ ᠢᠲᠡᠭᠡᠮᠵᠢᠲᠡᠢ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠠᠶᠢᠬᠠᠨ ᠵᠠᠩ ᠰᠤᠷᠲᠠᠯ ᠮᠥᠨ᠂ ᠣᠷᠣᠰᠢᠨ ᠲᠣᠭᠲᠠᠨᠢᠬᠤ ᠶᠢᠨ ᠦᠨᠳᠦᠰᠦ ᠮᠥᠨ᠃ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠎ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠢ ᠡᠳᠦᠷ ᠲᠤᠳᠤᠮ ᠤᠨ ᠠᠵᠢᠯ ᠠᠮᠢᠳᠤᠷᠠᠯ ᠤᠨ ᠠᠬᠤᠢ ᠪᠠᠶᠢᠳᠠᠯ ᠳᠤ ᠠᠭᠤᠰᠤᠯᠴᠠᠭᠤᠯᠵᠤ᠂ ᠪᠦᠬᠦ ᠨᠡᠶᠢᠭᠡᠮ ᠢᠶᠠᠷ ᠢᠶᠠᠨ ᠬᠠᠮᠲᠤᠪᠠᠷ ᠣᠷᠣᠯᠴᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠳᠡᠷᠭᠡᠳᠡᠬᠢ ᠬᠥᠮᠥᠰ᠂ ᠳᠡᠷᠭᠡᠳᠡᠬᠢ ᠶᠠᠪᠤᠳᠠᠯ ᠢᠶᠠᠷ ᠢᠶᠠᠨ ᠺᠠᠳ᠋ᠷ ᠤᠯᠠᠨ ᠲᠦᠮᠡᠨ ᠢ ᠬᠥᠮᠥᠵᠢᠭᠦᠯᠵᠦ᠂ ᠢᠲᠡᠭᠡᠯ ᠢ ᠮᠡᠳᠡᠵᠦ᠂ ᠢᠲᠡᠭᠡᠯ ᠢ ᠴᠢᠬᠤᠯᠠᠴᠢᠯᠠᠵᠤ᠂ ᠢᠲᠡᠭᠡᠯ ᠢ ᠰᠠᠬᠢᠵᠤ᠂ ᠠᠵᠤ ᠠᠬᠤᠶᠢᠯᠠᠯ᠂ ᠤᠯᠠᠨ ᠲᠦᠮᠡᠨ ᠢ ᠦᠨᠡᠨᠬᠦ ᠣᠷᠣᠯᠴᠠᠭᠴᠢ᠂ ᠬᠢᠨᠠᠯᠲᠠ ᠲᠠᠯᠪᠢᠭᠴᠢ ᠪᠣᠯᠭᠠᠵᠤ᠂ ᠡᠴᠦᠰ ᠲᠡᠭᠡᠨ ᠠᠰᠢᠭ ᠬᠦᠷᠳᠡᠭᠴᠢ ᠪᠣᠯᠭᠠᠨ᠎ᠠ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号