ᠪᠦᠬᠦ ᠲᠠᠯ᠎ᠠ ᠶᠢᠨ ᠬᠥᠭᠵᠢᠯᠲᠡ ᠶᠢᠨ ᠪᠠᠶᠢᠳᠠᠯ ᠨᠢ ᠪᠠᠶᠠᠨ᠋ᠣ᠋ᠪᠣᠭ᠎ᠠ ᠶᠢᠨ ᠳᠠᠬᠢᠨᠲᠠ ᠳᠡᠭᠦᠯᠢᠨ ᠨᠢᠰᠬᠦ ᠶᠢ ᠠᠬᠢᠭᠤᠯᠵᠠᠢ
ᠨᠡᠶᠢᠲᠡᠯᠡᠭᠰᠡᠨ ᠴᠠᠭ᠄
2024/4/9
     ᠳᠥᠷᠪᠡᠨ ᠵᠠᠬ᠎ᠠ  ᠎ ᠶᠢᠨ ᠬᠡᠪᠴᠢᠶ᠎ᠡ  ᠎ ᠶᠢ ᠲᠣᠳᠣᠷᠬᠠᠢ ᠵᠠᠭᠠᠭᠯᠠᠨ ᠲᠣᠭᠲᠠᠭᠠᠵᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠪᠠ ᠁ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠵᠥᠪᠰᠢᠶᠡᠷᠡᠭᠳᠡᠭᠰᠡᠨ ᠠᠴᠠ ᠨᠠᠰᠢ ᠂ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠬᠢᠨ ᠴᠠᠭ ᠮᠥᠴᠡ ᠪᠢᠳᠡᠨ ᠢ ᠬᠦᠯᠢᠶᠡᠬᠦ ᠦᠭᠡᠢ᠂ ᠡᠷᠡᠯᠬᠡᠭᠯᠡᠨ ᠲᠡᠮᠡᠴᠡᠵᠦ᠂ ᠪᠦᠬᠦ ᠲᠠᠯ᠎ᠠ ᠪᠠᠷ ᠬᠥᠭᠵᠢᠨ ᠮᠠᠨᠳᠤᠵᠤ᠂ ︽ᠬᠠᠮᠤᠭ ᠤᠨ ᠳᠠᠯᠳᠠ ᠬᠦᠴᠦᠨ ᠲᠠᠢ᠂ ᠬᠠᠮᠤᠭ ᠤᠨ ᠳᠠᠪᠠᠭᠤᠯᠢᠭ ᠲᠠᠢ᠂ ᠬᠠᠮᠤᠭ ᠤᠨ ᠠᠮᠢᠵᠢᠷᠠᠯ ᠤᠨ ᠬᠦᠴᠦᠨ ᠲᠠᠢ︾ᠣᠳᠣᠬᠢᠴᠢᠯᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠴᠣ᠋ ᠰᠢᠨ᠎ᠡ ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠬᠤ ᠶᠢᠨ ᠬᠠᠮᠲᠤ ᠪᠠᠰᠠ ᠭᠠᠵᠠᠷ ᠣᠷᠣᠨ ᠤ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠪᠠ ᠳᠠᠬᠢᠨᠲᠠ ᠳᠡᠭᠦᠯᠢᠨ ᠨᠢᠰᠬᠦ ᠳᠤ ᠬᠢᠵᠠᠭᠠᠯᠠᠰᠢ ᠦᠭᠡᠢ ᠬᠦᠴᠦᠨ ᠴᠢᠳᠠᠯ ᠢ ᠬᠤᠷᠠᠮᠳᠤᠭᠤᠯᠵᠠᠢ᠃
     ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠠᠵᠤ ᠦᠢᠯᠡᠰ ᠤᠨ ᠬᠦᠷᠢᠶᠡᠯᠡᠩ ᠤᠨ ᠬᠢᠨᠠᠨ ᠲᠣᠭᠲᠠᠭᠠᠭᠰᠠᠨ ᠲᠠᠯᠠᠪᠠᠶ 11.03 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ︽ᠠᠵᠤ ᠠᠬᠤᠶᠢᠯᠠᠯ ᠲᠥᠪᠯᠡᠷᠡᠭᠰᠡᠨ᠂ ᠠᠵᠤ ᠦᠢᠯᠡᠰ ᠲᠥᠪᠯᠡᠷᠡᠭᠰᠡᠨ᠂ ᠬᠥᠭᠵᠢᠯᠲᠡ ᠡᠷᠴᠢᠮᠯᠢᠭ︾ ᠪᠠᠶᠢᠬᠤ ᠰᠡᠳᠬᠢᠮᠵᠢ ᠪᠠᠷ᠂ ᠭᠠᠵᠠᠷ ᠣᠷᠣᠨ ᠤ ᠡᠬᠢ ᠪᠠᠶᠠᠯᠢᠭ ᠵᠢᠴᠢ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢᠨ ᠲᠣᠭᠤᠷᠢᠨ ᠳᠤ᠂ ᠳᠤᠮᠳᠠ ᠬᠡᠰᠡᠭ᠂ ᠪᠠᠷᠠᠭᠤᠨ ᠬᠡᠰᠡᠭ ᠪᠠ ᠡᠮᠦᠨᠡᠲᠦ ᠬᠡᠰᠡᠭ ᠤᠨ ᠭᠤᠷᠪᠠᠨ ᠭᠤᠣᠯ ᠬᠡᠰᠡᠭ ᠣᠷᠣᠨ ᠬᠤᠪᠢᠶᠠᠵᠤ᠂ ᠡᠭᠦᠨ ᠳᠤ ᠳᠤᠮᠳᠠ ᠬᠡᠰᠡᠭ ᠤᠨ ᠣᠷᠣᠨ ᠤ ᠲᠠᠯᠠᠪᠠᠶ 9.11 ᠲᠡᠭᠰᠢ ᠳᠥᠷᠪᠡᠯᠵᠢᠨ ᠺᠢᠯᠣᠮᠧᠲᠷ᠂ ᠪᠠᠷᠠᠭᠤᠨ ᠬᠡᠰᠡᠭ ᠤᠨ ᠣᠷᠣᠨ ᠤ ᠲᠠᠯᠠᠪᠠᠶ 1.5 ᠲᠡᠭᠰᠢ ᠳᠥᠷᠪᠡᠯᠵᠢᠨ ᠺᠢᠯᠣᠮᠧᠲᠷ᠂ ᠡᠮᠦᠨᠡᠲᠦ ᠬᠡᠰᠡᠭ ᠤᠨ ᠣᠷᠣᠨ ᠤ ᠲᠠᠯᠠᠪᠠᠶ 0.42 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠣᠰ ᠲᠣᠰ ᠤᠨ ᠣᠨᠴᠠᠯᠢᠭ ᠲᠠᠢ᠂ ᠴᠢᠳᠠᠮᠵᠢ ᠪᠠᠨ ᠬᠠᠷᠢᠯᠴᠠᠨ ᠨᠥᠬᠦᠪᠦᠷᠢᠯᠡᠨ᠎ᠡ᠃
    ᠠᠵᠤ ᠦᠢᠯᠡᠰ ᠤᠨ ᠲᠥᠯᠦᠪᠵᠢᠭᠦᠯᠭᠡ ᠶᠢᠨ ᠪᠠᠶᠢᠷᠢᠰᠢᠯ ᠤᠨ ᠲᠠᠯ᠎ᠠ  ᠪᠠᠷ᠂ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠵᠤ ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ᠂ ᠡᠵᠡᠮᠳᠡᠯ ᠤᠨ ᠴᠢᠨᠠᠷᠲᠠᠢ ᠨᠠᠷᠢᠨ ᠲᠣᠭᠲᠠᠭᠠᠯ᠂ ᠠᠵᠤ ᠦᠢᠯᠡᠰ ᠤᠨ ᠲᠥᠯᠦᠪᠵᠢᠭᠦᠯᠭᠡ ᠵᠢᠴᠢ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠬᠡᠰᠡᠭ ᠲᠣᠭᠤᠷᠢᠭ ᠤᠨ ᠬᠤᠪᠢᠶᠠᠷᠢᠯᠠᠯ ᠶᠣᠰᠣᠭᠠᠷ᠂ ᠬᠤᠪᠣᠷ ᠰᠢᠷᠣᠢ ᠶᠢᠨ ᠠᠵᠤ ᠦᠢᠯᠡᠰ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠢᠨ᠎ᠡ ᠮᠠᠲ᠋ᠧᠷᠢᠶᠠᠯ ᠵᠡᠷᠭᠡ 3 ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠲᠣᠳᠣᠷᠬᠠᠶᠢᠯᠠᠵᠤ᠂ ᠣᠯᠠᠨ ᠡᠰᠢᠵᠢᠭᠰᠡᠨ᠂ ᠳᠡᠭᠡᠳᠦ ᠦᠵᠦᠭᠦᠷᠵᠢᠭᠰᠡᠨ᠂ ᠪᠦᠯᠦᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠣᠶ ᠪᠣᠯᠭᠠᠪᠠ᠃
     ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠪᠠᠶᠠᠨ᠋ᠣ᠋ᠪᠣᠭ᠎ᠠ ᠲᠡᠮᠦᠷ ᠤᠨ ᠠᠭᠤᠷᠬᠠᠢ᠂ ᠪᠣᠣᠱᠠᠨ ᠤ ᠠᠭᠤᠷᠬᠠᠢ ᠶᠢᠨ ᠦᠢᠯᠡᠰ᠂ ᠬᠤᠩ ᠠᠷᠰᠤᠨ ᠤ ᠰᠢᠨᠵᠢᠯᠡᠬᠦ ᠤᠬᠠᠭᠠᠨ ᠮᠡᠷᠭᠡᠵᠢᠯ᠂ ᠸᠣᠯᠲ ᠠᠭᠤᠷᠬᠠᠢ ᠶᠢᠨ ᠦᠢᠯᠡᠰ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠦᠰᠢᠭᠯᠡᠨ᠂ ᠲᠡᠮᠦᠷ ᠤᠨ ᠬᠦᠳᠡᠷ᠂ ᠬᠤᠪᠣᠷ ᠰᠢᠷᠣᠢ ᠶᠢᠨ ᠳᠠᠭᠠᠯᠲᠠ ᠬᠦᠳᠡᠷ ᠮᠠᠯᠲᠠᠵᠤ ᠰᠢᠯᠢᠬᠦ ᠵᠡᠷᠭᠡ ᠡᠮᠦᠨ᠎ᠡ ᠦᠵᠦᠭᠦᠷ ᠤᠨ ᠠᠵᠤ ᠦᠢᠯᠡᠰ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠴᠢ ᠰᠢᠨ᠎ᠡ ᠬᠡᠯᠪᠡᠷᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ᠣᠷᠴᠢᠯ ᠠᠵᠤ ᠠᠬᠤᠢ ᠶᠢᠨ ᠬᠥᠭᠵᠢᠯᠲᠡ ᠶᠢᠨ ᠰᠢᠰᠲ᠋ᠥᠮ ᠢ ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠪᠠᠶᠢᠭᠤᠯᠤᠭᠳᠠᠭᠰᠠᠨ ᠠᠴᠠ ᠨᠠᠰᠢ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠠᠯᠳᠠᠨ ᠴᠢᠯᠠᠭᠤ᠂ ᠨᠢᠩᠪᠦ᠋ᠸᠧ ᠶᠢᠨ ᠺᠤᠺᠸ᠂ ᠰᠦᠵᠧᠦ ᠶᠢᠨ ᠤᠳᠤᠨ ᠳᠣᠯᠭᠢᠶᠠᠨ ᠤ ᠬᠥᠳᠡᠯᠭᠡᠬᠦ ᠬᠦᠴᠦᠨ᠂ ᠥᠪᠥᠷ ᠮᠣᠩᠭᠤᠯ ᠺᠠᠯᠢ ᠵᠡᠷᠭᠡ ᠤᠯᠠᠨ ᠨᠡᠷᠡᠳᠦ ᠠᠵᠤ ᠠᠬᠤᠶᠢᠯᠠᠯ ᠢ ᠠᠮᠵᠢᠯᠲᠠ ᠲᠠᠢ ᠣᠷᠣᠭᠤᠯᠤᠨ ᠠᠪᠴᠢᠷᠠᠵᠤ᠂ ᠬᠠᠶᠢᠯᠤᠭᠤᠷ ᠵᠤᠩᠰᠢ᠂ ᠪᠠᠶᠠᠨ ᠺᠠᠯᠢᠲᠤ ᠬᠠᠪᠲᠠᠰᠤᠨ ᠴᠢᠯᠠᠭᠤᠯᠢᠭ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠤᠯᠠᠨ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠭᠠᠵᠠᠷ ᠣᠷᠣᠨ ᠤ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠡᠢ᠃ ᠣᠳᠣᠬᠠᠨ ᠳᠤ 25 ᠠᠵᠤ ᠦᠢᠯᠡᠳᠪᠦᠷᠢ ᠶᠢᠨ ᠠᠵᠤ ᠠᠬᠤᠶᠢᠯᠠᠯ ᠬᠦᠷᠢᠶᠡᠯᠡᠩ ᠲᠣᠭᠤᠷᠢᠭ ᠲᠤ ᠰᠠᠭᠤᠷᠢᠰᠢᠪᠠ᠂ ᠡᠭᠦᠨ ᠳᠤ 2023 ᠣᠨ ᠳᠤ ᠲᠤᠭ᠎ᠠ ᠪᠦᠷᠢᠳᠬᠡᠯ ᠤᠨ ᠬᠥᠮᠥᠷᠭᠡ ᠶᠢᠨ ᠬᠡᠪᠴᠢᠶ᠎ᠡ ᠠᠴᠠ ᠳᠡᠭᠡᠭᠰᠢᠬᠢ 11 ᠠᠵᠤ ᠠᠬᠤᠶᠢᠯᠠᠯ ᠳᠤ ᠰᠢᠨ᠎ᠡ ᠪᠠᠷ ᠣᠷᠣᠭᠤᠯᠵᠤ᠂ ᠨᠡᠶᠢᠳᠡ 16 ᠪᠣᠯᠵᠤ᠂ ᠪᠦᠬᠦ ᠵᠢᠯ ᠳᠤ ᠨᠡᠶᠢᠳᠡ 145.3 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 51.2%᠎ ᠢᠶᠠᠷ ᠨᠡᠮᠡᠭᠳᠡᠵᠦ᠂ ᠪᠦᠬᠦ ᠵᠢᠯ ᠳᠤ 15 ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠳᠤ ᠨᠡᠶᠢᠳᠡ 19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ︽ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠤᠨ ᠴᠢᠳᠠᠪᠤᠷᠢ ᠠᠴᠠ ᠠᠪᠴᠤ ᠦᠵᠡᠪᠡᠯ᠂ ᠣᠳᠣᠬᠠᠨ ᠳᠤ ᠨᠢᠭᠡᠨᠲᠡ 200 ᠲᠦᠮᠡᠨ ᠲᠣᠨ ᠲᠡᠮᠦᠷ ᠤᠨ ᠨᠠᠷᠢᠯᠢᠭ ᠨᠤᠨᠳᠠᠭ᠂ 25 ᠲᠦᠮᠡᠨ ᠲᠣᠨ ᠬᠤᠪᠣᠷ ᠰᠢᠷᠣᠢ ᠶᠢᠨ ᠨᠠᠷᠢᠯᠢᠭ ᠬᠦᠳᠡᠷ ᠤᠨ ᠨᠤᠨᠳᠠᠭ᠂ 70 ᠲᠦᠮᠡᠨ ᠲᠣᠨ ᠬᠠᠶᠢᠯᠤᠭᠤᠷ ᠵᠤᠩᠰᠢ ᠶᠢᠨ ᠨᠠᠷᠢᠯᠢᠭ ᠬᠦᠳᠡᠷ ᠤᠨ ᠨᠤᠨᠳᠠᠭ᠂ 30 ᠲᠦᠮᠡᠨ ᠲᠣᠨ ᠤᠰᠤᠲᠥ᠋ᠷᠥᠭᠴᠢ ᠹᠯᠣᠷ ᠬᠦᠴᠢᠯ ᠤᠨ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠪᠡ︔ ᠬᠦᠷᠢᠶᠡᠯᠡᠩ ᠲᠣᠭᠤᠷᠢᠭ ᠤᠨ ᠬᠡᠷᠡᠭᠯᠡᠬᠦ ᠭᠠᠵᠠᠷ ᠰᠢᠷᠣᠢ ᠠᠴᠠ ᠦᠵᠡᠪᠡᠯ᠂ ᠣᠳᠣᠬᠠᠨ ᠳᠤ ᠡᠯ᠎ᠡ ᠬᠡᠰᠡᠭ ᠣᠷᠣᠨ ᠤ ᠭᠠᠵᠠᠷ ᠰᠢᠷᠣᠢ ᠶᠢᠨ ᠬᠠᠩᠭᠠᠯᠭ᠎ᠠ ᠡᠯᠪᠡᠭ ᠳᠡᠯᠪᠡᠭ᠂ ᠲᠥᠪᠯᠡᠷᠡᠨ ᠵᠠᠯᠭᠠᠯᠳᠤᠭᠰᠠᠨ ᠪᠣᠯᠬᠤᠷ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ 5000 ᠭᠠᠷᠤᠢ ᠮᠦ ᠶᠢᠨ ᠬᠡᠷᠡᠭᠴᠡᠭᠡ ᠶᠢ ᠬᠠᠩᠭᠠᠵᠤ᠂ ᠠᠵᠤ ᠠᠬᠤᠶᠢᠯᠠᠯ ᠤᠨ ᠣᠷᠣᠵᠤ ᠰᠠᠭᠤᠬᠤ ᠪᠠ ᠠᠵᠤ ᠦᠢᠯᠡᠰ ᠤᠨ ᠬᠥᠭᠵᠢᠯᠲᠡ ᠳᠤ ᠬᠦᠴᠦᠲᠡᠢ ᠲᠦᠭᠦᠬᠡᠢ ᠮᠠᠲ᠋ᠧᠷᠢᠶᠠᠯ᠂ ᠬᠡᠷᠡᠭᠯᠡᠬᠦ ᠭᠠᠵᠠᠷ ᠵᠡᠷᠭᠡ ᠪᠠᠲᠤᠯᠠᠭ᠎ᠠ ᠬᠠᠩᠭᠠᠵᠤ᠂ ᠬᠥᠭᠵᠢᠯᠲᠡ ᠶᠢᠨ ᠳᠠᠯᠳᠠ ᠬᠦᠴᠦᠨ ᠶᠡᠭᠡ ᠪᠠᠶᠢᠨ᠎ᠠ︾ᠭᠡᠵᠦ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠢᠦᠢ ᠬᠤᠸᠠᠨ ᠬᠡᠯᠡᠪᠡ᠃
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号