4 ᠳ᠋ᠦ᠋ᠭᠡᠷ ᠰᠠᠷ᠎ᠠ ᠶᠢᠨ 3 ᠤ ᠡᠳᠦᠷ᠂ ᠪᠤᠭᠤᠲᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠥᠬᠡᠨᠠᠭᠤᠷ ᠤᠨ ᠯᠢ ᠬᠤᠤ ᠬᠠᠭᠠᠰ | ᠳᠠᠮᠵᠢᠭᠤᠯᠤᠭᠴᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠶᠢᠩ ᠹᠠ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠤᠨ ᠲᠢᠶᠠᠨᠵᠢᠨ ᠤ ᠯᠢᠶᠠᠨ ᠱᠧᠩ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 3 ᠠᠵᠤ ᠠᠬᠤᠶᠢᠯᠠᠯ ᠲᠠᠢ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠤᠨ ᠲᠤᠬᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠲᠠ ᠶᠢᠨ ᠵᠠᠰᠠᠭ ᠤᠨ ᠣᠷᠳᠣᠨ ᠬᠥᠬᠡᠨᠠᠭᠤᠷ ᠤᠨ ᠯᠢ ᠬᠤᠤ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠬᠢᠵᠠᠭᠠᠷᠲᠤ | ᠺᠣᠮᠫᠠᠨᠢ ᠳᠤ 250 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠯ ᠳᠤ 20 ᠲᠦᠮᠡᠨ ᠲᠣᠨ ᠴᠡᠪᠡᠷ ᠲᠠᠯᠠᠰᠲᠤ ᠴᠠᠬᠢᠭᠤᠷ ᠤᠨ ᠢᠵᠢ ᠪᠥᠷᠢᠳᠦᠭᠰᠡᠨ 25 ᠲᠦᠮᠡᠨ | ᠲᠣᠨ ᠠᠵᠤ ᠦᠢᠯᠡᠳᠪᠦᠷᠢ ᠶᠢᠨ ᠴᠠᠬᠢᠭᠤᠷ ᠤᠨ ᠲᠥᠷᠥᠯ ᠵᠦᠢᠯ ᠪᠠ ᠶᠢᠩ ᠹᠠ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ 200 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠵᠤ᠂ ᠵᠢᠯ ᠳᠤ 40GW ᠲᠠᠩ ᠲᠠᠯᠠᠰᠲᠤ ᠲᠠᠲᠠᠭᠤᠷ ᠰᠢᠳᠠᠮ᠂ 20GW ᠶᠢᠨ ᠬᠡᠷᠴᠢᠮᠡᠯ᠂ 20GW ᠶᠢᠨ ᠥᠨᠳᠥᠷ ᠪᠦᠲᠦᠮᠵᠢᠲᠡᠶ | ᠲᠠᠯᠠᠰᠲᠤ ᠴᠠᠬᠢᠭᠤᠷ ᠤᠨ ᠴᠡᠨᠡᠭ ᠤᠨ ᠰᠢᠨ᠎ᠡ ᠡᠨᠧᠷᠭᠢ ᠶᠢᠨ ᠲᠥᠷᠥᠯ ᠵᠦᠢᠯ ᠳᠤ ᠭᠡᠷ᠎ᠡ ᠲᠣᠭᠲᠠᠪᠠ᠃ ᠡᠨᠡ ᠨᠢ ᠠᠵᠢᠯ ᠨᠢᠭᠡᠳᠡᠨ ᠤ ᠠᠩᠬᠠᠷᠤᠯ ᠢ ᠥᠷᠭᠡᠨ ᠢᠶᠠᠷ ᠲᠠᠲᠠᠵᠤ | ᠪᠠᠶᠢᠭ᠎ᠠ ᠬᠤᠶᠠᠷ ᠴᠢᠬᠤᠯᠠ ᠶᠡᠭᠡ ᠲᠦᠷᠦᠯ ᠵᠦᠢᠯ ᠵᠢᠩᠬᠢᠨᠢ ᠪᠠᠷ ᠪᠤᠭᠤᠲᠤ ᠶᠢᠨ ᠪᠠᠶ᠋ᠬᠠᠣᠪᠤᠭ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠵᠠᠷ ᠣᠷᠣᠨ ᠳᠤ | ᠨᠤᠲᠤᠭᠰᠢᠵᠤ᠂ ᠪᠤᠭᠤᠲᠤ ᠶᠢᠨ ᠬᠤᠶᠢᠲᠤ ᠠᠭᠤᠯᠠᠨ ᠤ ᠣᠷᠣᠨ ᠪᠦᠰᠡ ᠶᠢᠨ ᠨᠢᠭᠡ ᠴᠤᠬᠴᠠᠵᠢᠭᠤᠯᠤᠬᠰᠠᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠨᠢᠭᠡ | ᠴᠤᠬᠴᠠᠵᠢᠭᠤᠯᠤᠨ ᠠᠬᠢᠭᠤᠯᠬᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠤᠯᠤᠭᠰᠠᠨ ᠢ | ᠬᠠᠷᠠᠭᠤᠯᠵᠤ ᠪᠠᠶᠢᠨ᠎ᠠ᠃ | | | | | | | 2024 ᠣᠨ ᠤ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ︾ ᠶᠢᠨ ᠦᠢᠯᠡ ᠶᠠᠪᠤᠳᠠᠯ ᠡᠭᠦᠰᠦᠭᠰᠡᠨ 60 ᠵᠢᠯ ᠤᠨ ᠤᠢ ᠶᠢᠨ | ᠲᠠᠰᠢᠷᠠᠮ ᠳᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ᠂ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ ᠪᠠᠶ᠋ᠬᠠᠣᠪᠤᠭ᠎ᠠ • ᠲᠠᠯ᠎ᠠ ᠨᠤᠲᠤᠭ ᠤᠨ | ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠶᠠᠪᠤᠳᠠᠯ ᠰᠣᠨᠢᠨ ᠰᠡᠳᠬᠦᠯ ᠢ ᠨᠠᠨᠳᠢᠩᠨᠠᠨ ᠬᠠᠳᠠᠭᠠᠯᠠᠬᠤ ᠦᠵᠡᠰᠬᠦᠯᠡᠩ︾ 4 ᠳ᠋ᠦ᠋ᠭᠡᠷ ᠰᠠᠷ᠎ᠠ ᠶᠢᠨ 9 ᠤ ᠡᠳᠦᠷ | ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠶᠠᠪᠤᠳᠠᠯ ᠤᠨ ᠦᠵᠡᠰᠬᠦᠯᠡᠩ ᠤᠨ ᠣᠷᠳᠣᠨ ᠳᠤ ᠦᠪᠡᠳᠡᠭᠰᠢ ᠶᠡᠭᠡ ᠪᠠᠷ ᠶᠠᠪᠤᠭᠳᠠᠪᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠤᠩᠭᠤᠵᠤ ᠪᠣᠢ ᠪᠣᠯᠭᠠᠬᠤ ᠬᠠᠮᠢᠶᠠᠷᠤᠯᠲᠠ ᠶᠢᠨ | ᠠᠷᠭ᠎ᠠ︾ ᠶᠢ ᠦᠨᠳᠦᠰᠦᠯᠡᠨ ᠂ ᠪᠠᠶ᠋ᠬᠠᠣᠪᠤᠭ᠎ᠠ ᠲᠣᠭᠤᠷᠢᠭ ᠤᠨ ᠬᠢᠨ ᠲᠦᠷᠦ ᠶᠢᠨ ᠪᠤᠳᠤᠯᠭ᠎ᠠ ᠶᠢ ᠢᠳᠡᠪᠬᠢᠲᠡᠢ ᠳᠠᠭᠠᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ 2024 ᠣᠨ ᠤ ᠨᠢᠭᠡᠳᠦᠭᠡᠷ ᠤᠯᠠᠷᠢᠯ ᠳᠤ᠂ ᠪᠠᠶ᠋ᠬᠠᠣᠪᠤᠭ᠎ᠠ ᠲᠣᠭᠤᠷᠢᠭ ᠲᠤ ᠨᠤᠲᠤᠭᠰᠢᠭᠰᠠᠨ ᠥᠪᠥᠷ | ᠮᠣᠩᠭᠤᠯ ᠤᠨ ᠪᠠᠢ ᠶᠦᠨ ᠵᠦᠩ ᠬᠤᠤ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠩ ᠵᠢᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠨᠢᠭᠡᠳᠦᠭᠡᠷ ᠤᠯᠠᠷᠢᠯ ᠤᠨ ︽ᠦᠨᠡᠨᠴᠢ ᠢᠲᠡᠭᠡᠮᠵᠢ ᠶᠢᠨ | ᠵᠢᠱᠢᠶ᠎ᠡ ᠦᠵᠡᠭᠦᠯᠬᠦ ᠠᠵᠤ ᠠᠬᠤᠶᠢᠯᠠᠯ︾ ᠢᠶᠠᠷ ᠦᠨᠡᠯᠡᠭᠳᠡᠪᠡ᠃ | | | | | | | |