ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠮᠡᠳᠡᠭᠡ ᠵᠠᠩᠭᠢ | ︵ᠨᠢᠭᠡ︶ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ | ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ | ᠵᠠᠳᠠᠯᠤᠨ ᠲᠥᠰᠦᠭᠡᠯᠡᠵᠦ᠂ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ ᠠᠵᠤ ᠠᠬᠤᠶ ᠶᠢ ᠲᠣᠬᠢᠷᠠᠭᠤᠯᠬᠤ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ | ᠰᠠᠨᠠᠭᠤᠯᠭ᠎ᠠ ᠶᠢ ᠳᠤᠷᠠᠳᠤᠨ᠎ᠠ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠠᠬᠢᠭᠤᠯᠤᠨ᠎ᠠ᠃ | ︵ᠬᠤᠶᠠᠷ︶ ᠪᠦᠬᠦ ᠣᠷᠣᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠪᠠ ᠵᠢᠷᠤᠮᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠭᠤᠷᠪᠠ ᠳᠤ᠂ ᠲᠣᠭᠤᠷᠢᠭ ᠤᠨ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠣᠨ ᠤ ᠲᠣᠭᠤᠷᠢᠭ ᠤᠨ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠵᠣᠬᠢᠶᠠᠨ | ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠣᠷᠣᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ | ᠵᠣᠬᠢᠶᠠᠨ ᠪᠠᠶᠢᠭᠤᠯᠤᠨ ᠲᠣᠭᠲᠠᠭᠠᠵᠤ᠂ ᠬᠢᠨᠠᠨ ᠬᠠᠷᠭᠤᠭᠤᠯᠵᠤ ᠴᠣᠬᠤᠯᠪᠣᠷᠢᠯᠠᠬᠤ ᠰᠠᠯᠠᠭ᠎ᠠ ᠮᠥᠴᠢᠷ ︵ᠨᠢᠭᠡᠴᠡ︶︶ ᠣᠨ ᠤ ᠲᠥᠰᠥᠪ ᠪᠠ ᠲᠥᠰᠥᠪ ᠤᠨ | ᠭᠦᠢᠴᠡᠳᠭᠡᠯ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠬᠡᠷᠡᠭᠵᠢᠭᠦᠯᠦᠯᠲᠡ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ | ᠮᠡᠳᠡᠭᠦᠯᠦᠨ᠎ᠡ᠃ ᠲᠤᠭᠤᠷᠢᠭ ᠤᠨ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠲᠣᠭᠤᠷᠢᠭ ᠤᠨ | ᠡᠳ᠋ ᠤᠨ ᠵᠠᠰᠠᠭ ᠬᠢᠭᠡᠳ ᠪᠤᠭᠤᠲᠤ ᠬᠤᠲᠠ ᠶᠢᠨ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠤᠳᠤᠬᠤ ᠶᠠᠪᠤᠳᠠᠯ ᠢ ᠭᠦᠢᠴᠡᠳᠬᠡᠨ᠎ᠡ᠃ ᠣᠷᠣᠨ | ᠨᠤᠲᠤᠭ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ︵ᠲᠦᠷᠪᠡ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ᠂ ᠱᠠᠩᠨᠠᠯᠲᠤ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ | ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ | ︵ᠲᠠᠪᠤ︶ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠰᠠᠯᠭᠠᠨ ᠥᠭᠬᠦ ᠬᠢᠭᠡᠳ ᠬᠠᠮᠢᠶᠠᠷᠬᠤ ᠶᠢ ᠬᠠᠷᠢᠭᠤᠴᠠᠵᠤ᠂ ᠶᠡᠷᠦᠩᠬᠡᠶ | ᠲᠥᠰᠦᠪ ᠤᠨ ᠨᠢᠭᠲᠠᠯᠠᠨ ᠪᠣᠳᠣᠯᠲᠠ ᠶᠢᠨ ᠲᠣᠭᠠᠴᠠᠭ᠎ᠠ ᠬᠢᠬᠦ ᠶᠢ ᠬᠠᠷᠢᠭᠤᠴᠠᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ | ᠠᠵᠢᠯ ᠢ ᠥᠷᠨᠢᠭᠦᠯᠦᠨ᠎ᠡ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠨᠢᠭᠲᠠᠯᠠᠨ ᠪᠣᠳᠣᠬᠤ ᠳᠦᠷᠢᠮ ᠤᠨ ᠬᠠᠮᠢᠶᠠᠷᠤᠯᠲᠠ ᠪᠣᠯᠤᠨ ᠪᠠᠩᠬᠢ ᠶᠢᠨ | ᠳᠠᠩᠰᠠ ᠡᠷᠦᠬᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ | ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠤᠯᠤᠰ ᠤᠨ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠶ ᠳᠦᠷᠢᠮ ᠪᠠ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ | ᠬᠠᠮᠢᠶᠠᠷᠤᠯᠲᠠ ᠶᠢᠨ ᠲᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠥᠷᠢ ᠰᠢᠷᠢ ᠶᠢᠨ ᠬᠢᠵᠠᠭᠠᠷ ᠲᠤᠭ᠎ᠠ ᠶᠢᠨ ᠶᠣᠰᠣᠭᠠᠷ ᠥᠷᠢ ᠰᠢᠷᠢ ᠶᠢᠨ | ᠬᠡᠪᠴᠢᠶ᠎ᠡ ᠶᠢ ᠬᠢᠵᠠᠭᠠᠷᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠰᠢᠷᠢ ᠶᠢᠨ ᠲᠦᠭᠰᠢᠭᠦᠷᠢ ᠶᠢ ᠢᠳᠡᠪᠬᠢᠲᠡᠶ ᠪᠠᠷ ᠰᠡᠷᠭᠡᠶᠢᠯᠡᠬᠦ ᠬᠡᠷᠡᠭᠲᠡᠶ᠃ | ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ | ︵ᠳᠤᠯᠤᠭ᠎ᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ | ᠵᠣᠬᠢᠶᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠣᠯᠣᠰ ᠤᠨ ᠦᠮᠴᠢᠯᠡᠯᠳᠣ ᠡᠳ᠋ ᠬᠦᠷᠦᠩᠭᠡ ᠶᠢᠨ ᠬᠠᠮᠢᠶᠠᠷᠣᠯᠳᠠ ᠶᠢᠨ ᠲᠦᠷᠢᠮ | ᠲᠣᠭᠳᠠᠭᠠᠯ ᠢ ᠲᠤᠭᠤᠷᠪᠢᠨ ᠲᠤᠭᠳᠠᠭᠠᠬᠤ ᠪᠦᠬᠡᠳ ᠵᠣᠬᠢᠶᠠᠨ ᠪᠠᠶᠢᠭᠤᠯᠣᠨ ᠬᠡᠷᠡᠭᠵᠢᠬᠦᠯᠵᠣ᠂ ᠲᠣᠭᠳᠠᠭᠠᠯ ᠶᠣᠰᠣᠭᠠᠷ ᠬᠠᠮᠢᠶᠠᠷᠣᠯᠳᠠ ᠶᠢᠨ ᠣᠷᠣᠨ ᠤ ᠲᠣᠰ | ᠱᠠᠳᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ ᠶᠢᠨ ᠣᠯᠣᠰ ᠤᠨ ᠦᠮᠴᠢᠯᠡᠯᠳᠣ ᠡᠳ᠋ ᠬᠦᠷᠦᠩᠬᠡ᠃ ᠪᠦᠬᠦ ᠣᠷᠣᠨ ᠤ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ | ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢ ᠡᠵᠡᠩᠨᠡᠬᠦ ᠲᠥᠰᠦᠪ ᠤᠨ ᠳᠦᠷᠢᠮ ᠪᠣᠯᠤᠨ ᠠᠷᠭ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠣᠷᠣᠨ ᠤ ᠲᠤᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ | ᠬᠤᠷᠢᠶᠠᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠨᠠᠶ᠋ᠮᠠ᠂ ᠪᠦᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ | ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ ᠶᠢ | ᠲᠤᠤᠱᠯᠠᠭᠤᠯᠤᠨ ᠬᠡᠷᠡᠭᠵᠢᠭᠦᠯᠦᠨ᠎ᠡ︶︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ | ᠡᠳ᠋ ᠤᠨ ᠵᠠᠰᠠᠭ ᠤᠨ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ︵ᠶᠢᠰᠦ︶ ᠲᠣᠭᠤᠷᠢᠭ ᠤᠨ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠵᠣᠭᠤᠰ | ᠰᠠᠯᠭᠠᠨ ᠥᠭᠬᠦ ᠶᠢ ᠬᠠᠷᠢᠭᠤᠴᠠᠨ ᠭᠦᠢᠴᠡᠳᠬᠡᠵᠦ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ | ᠣᠷᠣᠭᠤᠯᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ | ᠲᠣᠭᠲᠠᠭᠠᠬᠤ ᠳᠤ ᠣᠷᠣᠯᠴᠠᠨ᠎ᠠ᠃ | ︵ᠠᠷᠪᠠ︶ ᠪᠦᠬᠦ ᠣᠷᠣᠨ ᠤ ᠨᠢᠭᠲᠠᠯᠠᠨ ᠪᠣᠳᠣᠬᠤ ᠠᠵᠢᠯ ᠢ ᠬᠠᠷᠢᠭᠤᠴᠠᠨ ᠬᠠᠮᠢᠶᠠᠷᠴᠤ᠂ ᠨᠢᠭᠲᠠᠯᠠᠨ ᠪᠣᠳᠣᠬᠤ ᠠᠵᠢᠯᠯᠠᠭ᠎ᠠ ᠳᠤ ᠬᠢᠨᠠᠯᠲᠠ ᠲᠠᠯᠪᠢᠬᠤ | ᠪᠠ ᠵᠢᠷᠤᠮᠵᠢᠭᠤᠯᠤᠨ᠎ᠠ᠃ ᠣᠷᠣᠯᠠᠨ ᠳᠠᠩᠰᠠ ᠲᠡᠮᠳᠡᠭᠯᠡᠬᠦ ᠪᠠᠶᠢᠭᠤᠯᠤᠮᠵᠢ ᠶᠢᠨ ᠬᠢᠨᠠᠯᠲᠠ ᠲᠠᠯᠪᠢᠬᠤ᠂ ᠪᠠᠶᠢᠴᠠᠭᠠᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ | ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠵᠤ᠂ | ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠥᠷᠥ ᠶᠢᠨ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠤᠲᠤᠬᠠᠳᠤ ᠡᠵᠡᠮᠰᠢᠯ ᠢ ᠬᠢᠨ᠋ᠠᠨ ᠵᠢᠯᠤᠬᠤᠳᠬᠤ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃ | ︵ᠠᠷᠪᠠᠨ ᠬᠤᠶᠠᠷ︶ ᠲᠤᠰ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡᠡ ᠶᠢ | ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | ︵ᠠᠷᠪᠠᠨ ᠭᠤᠷᠪᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠤᠮ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠳᠤ | ᠵᠣᠬᠢᠴᠠᠭᠤᠯᠤᠨ ᠦᠢᠯᠡᠴᠢᠯᠡᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ | ᠬᠥᠭᠵᠢᠯᠲᠡ ᠶᠢ ᠵᠢᠯᠣᠭᠤᠳᠤᠨ᠎ᠠ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢᠨ ᠴᠢᠳᠠᠮᠵᠢ ᠶᠢ ᠴᠢᠩᠭᠠᠷᠠᠭᠤᠯᠤᠨ᠎ᠠ᠃ | ᠮᠥᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ︵ᠠᠷᠪᠠᠨ ᠳᠥᠷᠪᠡᠳᠦᠭᠡᠷ︶ ᠣᠯᠠᠨ ᠳᠡᠰ ᠳᠠᠪᠬᠤᠷᠭ᠎ᠠ ᠪᠦᠬᠦᠢ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ᠣᠷᠣᠨ ᠤ ᠳᠣᠲᠣᠷᠠᠬᠢ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠵᠢᠯ ᠢ ᠵᠣᠬᠢᠴᠠᠭᠤᠯᠤᠨ ᠬᠠᠪᠰᠤᠷᠴᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠬᠤ ᠪᠠ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ᠂ | ᠳᠠᠬᠢᠨ ᠪᠡᠯᠡ ᠲᠣᠬᠢᠷᠠᠭᠤᠯᠬᠤ ᠠᠵᠢᠯ ᠢ ᠵᠣᠬᠢᠴᠠᠭᠤᠯᠤᠨ ᠬᠠᠪᠰᠤᠷᠬᠤ ᠬᠡᠷᠡᠭᠲᠡᠶ᠃ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠵᠢᠷᠤᠮᠵᠢᠭᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠤᠨ᠎ᠠ᠃ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠶ ᠪᠡᠯᠡ | ᠮᠥᠩᠭᠦ ᠶᠢ ᠬᠠᠮᠢᠶᠠᠷᠬᠤ ᠪᠠ ᠬᠡᠷᠡᠭᠯᠡᠬᠦ ᠰᠠᠨᠠᠯ ᠳᠤᠷᠠᠳᠬᠤ ᠶᠢ ᠬᠠᠷᠢᠭᠤᠴᠠᠨ᠎ᠠ᠃ | ︵ᠠᠷᠪᠠᠨ ᠲᠠᠪᠤ︶ ᠪᠦᠬᠦ ᠣᠷᠣᠨ ᠤ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ᠂ ᠣᠷᠣᠨ | ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ᠂ ᠳᠡᠨᠵᠢ ᠶᠢᠨ ᠪᠠᠩᠬᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ | ᠬᠤᠳᠠᠯᠳᠤᠭᠠᠨ ᠤ ᠪᠠᠲᠤᠯᠠᠵᠤ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠡᠯ᠎ᠡ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠵᠢᠴᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠶ᠃ | ︵ᠠᠷᠪᠠᠨ ᠵᠢᠷᠭᠤᠭ᠎ᠠ︶ ᠡᠷᠬᠡ ᠠᠰᠢᠭ ᠤᠨ ᠲᠥᠷᠥᠯ᠂ ᠰᠦᠯᠵᠢᠶᠡᠨ ᠤ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ᠂ ᠪᠡᠯᠡ | ᠣᠷᠣᠭᠤᠯᠤᠯᠲᠠ ᠶᠢᠨ ᠺᠣᠮᠫᠠᠨᠢ᠂ ᠨᠡᠶᠢᠭᠡᠮ ᠤᠨ ᠣᠯᠠᠨ ᠢᠶᠠᠷ ᠢᠶᠠᠨ ᠪᠡᠯᠡᠳᠬᠡᠭᠰᠡᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠶ ᠤᠯᠤᠰ ᠤᠨ᠂ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠠᠷᠪᠠᠨ ᠳᠣᠯᠤᠭ᠎ᠠ︶ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠵᠤ᠂ ᠮᠥᠩᠭᠦᠨ | ᠭᠦᠢᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠪᠦᠬᠦ ᠣᠷᠣᠨ ᠤ | ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠨᠠᠶᠢᠮᠠ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠲᠣᠭᠲᠠᠭᠤᠨ ᠬᠢᠭᠡᠳ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ | ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ | ᠪᠠᠷᠢᠮᠲᠠ ᠶᠢ ᠪᠦᠷᠢᠳᠬᠡᠨ ᠵᠠᠳᠠᠯᠬᠤ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠ ᠶᠢᠰᠦ︶ ᠳᠡᠭᠡᠳᠦ ᠱᠠᠲᠤᠨ ᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠶᠢ ᠵᠣᠬᠢᠴᠠᠭᠤᠯᠤᠨ ᠬᠠᠮᠵᠢᠯᠴᠠᠨ᠎ᠠ᠃ ᠣᠷᠣᠨ | ᠨᠤᠲᠤᠭ ᠤᠨ ᠬᠠᠷᠢᠶ᠎ᠠ ᠭᠠᠵᠠᠷ ᠤᠨ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠠᠮᠢᠶ᠎ᠠ ᠪᠦᠬᠦᠢ ᠠᠵᠢᠯ ᠢ ᠬᠠᠤᠯᠢ ᠲᠣᠭᠲᠠᠭᠠᠯ ᠶᠣᠰᠣᠭᠠᠷ | ᠵᠣᠬᠢᠴᠠᠭᠤᠯᠤᠨ ᠵᠢᠯᠣᠭᠤᠳᠤᠨ᠎ᠠ᠃ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ | ᠪᠠ ᠵᠠᠭᠤᠴᠢ ᠪᠠᠶᠢᠭᠤᠯᠤᠮᠵᠢ ᠶᠢᠨ ᠵᠢᠷᠤᠮᠵᠢᠭᠤᠯᠤᠨ ᠬᠥᠭᠵᠢᠬᠦ ᠶᠢ ᠵᠣᠬᠢᠴᠠᠭᠤᠯᠤᠨ ᠵᠢᠯᠣᠭᠤᠳᠤᠨ᠎ᠠ᠃ | ︵ᠬᠤᠷᠢᠨ︶ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠢ ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠵᠦ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠷᠢᠳᠬᠡᠬᠦ᠂ ᠬᠢᠨᠠᠨ ᠪᠠᠶᠢᠴᠠᠭᠠᠬᠤ ᠪᠠᠷ ᠳᠠᠮᠵᠢᠭᠤᠯᠤᠨ ᠬᠢᠨᠠᠨ | ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠵᠦ ᠪᠠᠶᠢᠭ᠎ᠠ | ᠪᠠᠶᠢᠳᠠᠯ ᠳᠤ ᠬᠢᠨᠠᠨ ᠬᠠᠮᠢᠶᠠᠷᠤᠨ᠎ᠠ᠃ | ︵ᠬᠤᠷᠢᠨ ᠬᠤᠶᠠᠷ︶ ᠬᠢᠨᠠᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠪᠠ ᠳᠠᠬᠢᠨ ᠵᠣᠬᠢᠶᠠᠨ | ᠪᠠᠶᠢᠭᠤᠯᠬᠤ ᠶᠢ ᠵᠢᠯᠣᠭᠤᠳᠤᠨ ᠠᠬᠢᠭᠤᠯᠵᠤ᠂ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠺᠣᠮᠫᠠᠨᠢ ᠶᠢ ᠵᠠᠰᠠᠬᠤ | ᠪᠦᠲᠦᠴᠡ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ | ᠃ | ︵ᠬᠤᠷᠢᠨ ᠭᠤᠷᠪᠠᠨ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ | ᠲᠤᠰᠢᠶᠠᠬᠤ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ | ᠭᠦᠢᠴᠡᠳᠬᠡᠯ ᠢ ᠪᠦᠷᠢᠳᠬᠡᠵᠦ ᠨᠠᠶᠢᠷᠠᠭᠤᠯᠤᠨ ᠮᠡᠳᠡᠭᠦᠯᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠦᠨ᠎ᠡ᠃ | ︵ᠬᠤᠷᠢᠨ ᠳᠥᠷᠪᠡᠨ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ | ᠬᠤᠪᠢᠷᠠᠭᠤᠯᠤᠨ ᠰᠢᠶ᠋ᠳᠪᠦᠷᠢᠯᠡᠬᠦ ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠶ᠃ | ︵ᠬᠤᠷᠢᠨ ᠲᠠᠪᠤᠨ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠵᠢᠭᠠᠨ | ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠬᠤᠷᠢᠨ ᠵᠢᠷᠭᠤᠭᠠᠨ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠢ | ᠪᠡᠶᠡᠯᠡᠭᠦᠯᠦᠨ᠎ᠡ᠃ | ︵ᠬᠤᠷᠢᠨ ᠳᠣᠯᠤᠭ᠎ᠠ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ | 1. ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠯ ᠡᠵᠡᠮᠳᠡᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ | ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ | ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ ᠬᠢᠨᠠᠨ ᠬᠡᠮᠵᠢᠯᠲᠡ ᠶᠢᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠦᠷᠦ ᠶᠢᠨ ᠪᠤᠳᠤᠯᠭ᠎ᠠ ᠶᠢᠨ ᠨᠥᠭᠡᠴᠡᠯᠡᠬᠦ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ | ᠴᠢᠩᠭᠠᠳᠬᠠᠨ᠎ᠠ᠃ | 2. ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠳᠣ ᠦ᠊ ᠡᠶ᠎ᠡ ᠶᠢᠨ ᠡᠳ᠋ ᠤᠨ ᠵᠠᠰᠠᠭ ᠤᠨ ᠳᠦᠷᠢᠮ ᠢ | ᠲᠦᠷᠭᠡᠳᠬᠡᠨ ᠪᠠᠶᠢᠭᠤᠯᠬᠤ ᠬᠡᠷᠡᠭᠲᠡᠶ᠃ ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠲᠠᠯ᠎ᠠ ᠪᠠᠷ ᠵᠢᠷᠤᠮᠵᠢᠭᠰᠠᠨ ᠪᠥᠭᠡᠳ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ | ᠬᠢᠵᠠᠭᠠᠷᠯᠠᠯ ᠨᠢ ᠬᠦᠴᠦᠨ ᠲᠡᠭᠦᠯᠳᠡᠷ ᠲᠥᠰᠦᠪ ᠤᠨ ᠳᠦᠷᠢᠮ ᠢ ᠪᠠᠶᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠪᠣᠯᠤᠨ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ | ᠲᠠᠯᠪᠢᠬᠤ ᠳᠦᠷᠢᠮ ᠢ ᠲᠡᠭᠦᠯᠳᠡᠷᠵᠢᠭᠦᠯᠦᠨ᠎ᠡ᠃ | 3. ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠡᠯᠡ | ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠲᠡᠭᠦᠦ ᠴᠠᠭᠠᠷᠢᠭ︾ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠠᠤᠯᠢ ᠪᠠᠷ | ᠲᠣᠭᠲᠠᠭᠠᠭᠰᠠᠨ ᠬᠢᠵᠠᠭᠠᠷᠯᠠᠯ ᠤᠨ ᠳᠣᠲᠣᠷᠠᠬᠢ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠳᠠᠯᠳᠠ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ | ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠣᠷᠤᠨ ᠤ ᠡᠳ᠋ ᠤᠨ ᠵᠠᠰᠠᠭ ᠤᠨ ᠲᠤᠪᠴᠢᠶ᠎ᠠ ᠳᠤᠲᠤᠬᠠᠳᠤ ᠶᠢᠨ ᠪᠠᠶᠢᠬᠤᠯᠤᠮᠵᠢ ᠪᠠᠶᠢᠬᠤᠯᠬᠤ ᠦᠭᠡᠢ᠃ | ᠠᠵᠢᠯᠯᠠᠬᠤ ᠬᠠᠶ᠋ᠢᠭ᠄ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠲᠦᠡᠭ ᠶᠠᠩ ᠳ᠋ᠤᠤ ᠶᠢᠨ ᠡᠮᠦᠨ᠎ᠡ ᠡᠳ᠋ ᠤᠨ ᠵᠠᠰᠠᠭ ᠤᠨ ᠲᠤᠪᠴᠢᠶ᠎ᠠ ᠶᠢᠨ ᠠᠰᠠᠷ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ︶ ᠥᠷᠯᠥᠭᠡ ᠶᠢᠨ 8᠄ 30 - 12᠄ 00᠂ ᠦᠳᠡ ᠶᠢᠨ ᠬᠤᠶᠢᠨᠠᠬᠢ 14᠄ 30 - 17᠄ 30 | ᠬᠠᠷᠢᠯᠴᠠᠬᠤ ᠠᠷᠭ᠎ᠠ᠄ 0472 - 8515233 | ᠬᠠᠷᠢᠭᠤᠴᠠᠯᠭ᠎ᠠ ᠡᠭᠦᠷᠭᠡᠯᠡᠭᠴᠢ᠄ ᠵᠠᠩ ᠶᠦᠨ ᠰᠢ |