ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠮᠡᠳᠡᠭᠡ ᠵᠠᠩᠭᠢ᠄ | ︵ᠨᠢᠭᠡ︶ ᠠᠵᠤ ᠦᠢᠯᠡᠰ ᠤᠨ ᠬᠦᠷᠢᠶᠡᠯᠡᠩ ᠤᠨ ᠳᠣᠲᠣᠷᠠᠬᠢ ᠠᠵᠤ ᠠᠬᠤᠶᠢᠯᠠᠯ ᠳᠤ ᠦᠢᠯᠡᠴᠢᠯᠡᠭᠡ᠂ ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔ | ︵ᠬᠤᠶᠠᠷ︶ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠢᠯᠯᠠᠭᠠᠨ᠂ ᠲᠤᠭ᠎ᠠ ᠪᠠᠷᠢᠮᠲᠠ ᠴᠤᠭᠯᠠᠭᠤᠯᠬᠤ᠂ ᠮᠠᠲ᠋ᠧᠷᠢᠶᠠᠯ | ᠲᠤᠭᠤᠷᠪᠢᠵᠤ ᠳᠡᠭᠡᠭᠰᠢ ᠮᠡᠳᠡᠭᠦᠯᠬᠦ᠂ ᠰᠢᠯᠭᠠᠨ ᠬᠢᠨᠠᠬᠤ᠂ ᠡᠯ᠎ᠡ ᠵᠦᠢᠯ ᠤᠨ ᠬᠤᠷᠠᠯ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ | ︵ᠭᠤᠷᠪᠠ︶ ᠴᠡᠴᠡᠷᠯᠢᠭ ᠲᠤ ᠣᠷᠣᠬᠤ ᠲᠥᠷᠥᠯ ᠵᠦᠢᠯ ︵ᠥᠮᠴᠢᠲᠡᠨ︶ ᠳᠤ ᠲᠥᠷᠥᠯ ᠵᠦᠢᠯ ᠲᠣᠭᠲᠠᠭᠠᠬᠤ᠂ ᠲᠥᠯᠥᠪᠵᠢᠭᠦᠯᠬᠦ᠂ ᠤᠯᠤᠰ ᠤᠨ | ᠭᠠᠵᠠᠷ ᠰᠢᠷᠣᠢ᠂ ᠪᠦᠲᠦᠭᠡᠨ ᠪᠠᠶᠢᠭᠤᠯᠤᠯᠲᠠ᠂ ᠠᠵᠤ ᠦᠢᠯᠡᠳᠪᠦᠷᠢ ᠬᠤᠳᠠᠯᠳᠤᠭ᠎ᠠ᠂ ᠭᠠᠶᠢᠯᠢ ᠶᠢᠨ ᠶᠠᠪᠤᠳᠠᠯ ᠵᠡᠷᠭᠡ ᠡᠯ᠎ᠡ ᠵᠦᠢᠯ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠭᠠᠷᠳᠠᠮ ᠢ ᠵᠣᠬᠢᠴᠠᠭᠤᠯᠤᠨ ᠭᠦᠢᠴᠡᠳᠬᠡᠬᠦ ᠶᠢ ᠬᠠᠷᠢᠭᠤᠴᠠᠨ᠎ᠠ︔ | ︵ᠳᠥᠷᠪᠡ︶ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ ᠲᠥᠯᠦᠪᠵᠢᠭᠦᠯᠭᠡ ᠪᠠ ᠨᠠᠷᠢᠨ ᠲᠥᠯᠦᠪᠵᠢᠭᠦᠯᠭᠡ ᠵᠡᠷᠭᠡ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ ᠪᠤᠶᠤ ᠮᠡᠳᠡᠭᠦᠯᠦᠨ | ᠵᠥᠪᠰᠢᠶᠡᠷᠡᠭᠦᠯᠵᠦ᠂ ᠵᠥᠪᠰᠢᠶᠡᠷᠡᠭᠦᠯᠦᠭᠰᠡᠨ ᠤ ᠳᠠᠷᠠᠭᠠᠬᠢ ᠠᠵᠤ ᠦᠢᠯᠡᠰ ᠤᠨ ᠬᠦᠷᠢᠶᠡᠯᠡᠩ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠪᠠ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ | ︵ᠲᠠᠪᠤ︶ ᠴᠡᠴᠡᠷᠯᠢᠭ ᠲᠤ ᠣᠷᠣᠭᠤᠯᠬᠤ ᠲᠥᠷᠥᠯ ᠵᠦᠢᠯ ᠤᠨ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ᠂ ᠴᠢᠮᠡᠭᠡ ᠬᠤᠯᠪᠣᠭ᠎ᠠ ᠵᠡᠷᠭᠡ ᠲᠥᠬᠦᠷ | ᠪᠡᠯᠡᠳᠬᠡᠮᠵᠢ ᠶᠢ ᠵᠠᠯᠭᠠᠨ ᠣᠷᠣᠭᠤᠯᠬᠤ ᠲᠥᠯᠦᠪᠵᠢᠭᠦᠯᠭᠡ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ | ︵ᠵᠢᠷᠭᠤᠭ᠎ᠠ︶ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠬᠠᠷᠢᠭᠤᠴᠠᠨ ᠣᠶᠢᠯᠠᠭᠠᠵᠤ᠂ ᠠᠵᠤ | ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ ᠥᠭᠭᠦᠨ᠎ᠡ | ︵ᠲᠤᠯᠤᠭ᠎ᠠ︶ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠲᠤ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ᠂ | ᠮᠡᠳᠡᠭᠡ ᠵᠠᠩᠭᠢ ᠶᠢᠨ ᠯᠠᠪᠯᠠᠯᠭ᠎ᠠ ᠬᠠᠩᠭᠠᠬᠤ ᠶᠢ ᠬᠠᠷᠢᠭᠤᠴᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠷᠮᠠᠶᠢᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ | (ᠨᠠᠢᠮᠠ) ᠬᠤᠯᠪᠣᠭᠳᠠᠯ ᠪᠦᠬᠦᠢ ᠠᠵᠤ ᠠᠬᠤᠢ ᠶᠢᠨ ᠲᠤᠶᠢᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ ᠬᠠᠮᠠᠭᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠪᠡᠯᠡ ᠣᠷᠣᠭᠤᠯᠤᠭᠴᠢᠳ ᠪᠠ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ | ︵ᠶᠢᠰᠦ︶ ᠠᠵᠤ ᠦᠢᠯᠡᠰ ᠤᠨ ᠬᠦᠷᠢᠶᠡᠯᠡᠩ ᠤᠨ ᠳᠣᠲᠣᠷᠠᠬᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠠᠳᠠᠭᠠᠳᠤ ᠲᠠᠢ ᠠᠵᠤ ᠠᠬᠤᠢ | ᠮᠡᠷᠭᠡᠵᠢᠯ ᠤᠨ ᠰᠣᠯᠢᠯᠴᠠᠭ᠎ᠠ ᠬᠢᠬᠦ ᠪᠠ ᠬᠤᠷᠰᠢᠯᠴᠠᠬᠤ ᠶᠢ ᠬᠠᠷᠢᠭᠤᠴᠠᠨ᠎ᠠ︔ | ︵ᠠᠷᠪᠠ︶ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠬᠦ ᠶᠢ ᠬᠠᠷᠢᠭᠤᠴᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠳᠤ ᠦᠨᠳᠦᠰᠦᠯᠡᠯ ᠬᠠᠩᠭᠠᠨ᠎ᠠ︔ | ︵ᠠᠷᠪᠠᠨ ᠨᠢᠭᠡ︶ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠢ ᠬᠠᠮᠵᠢᠨ ᠬᠦᠷᠢᠶᠡᠯᠡᠩ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ︵ᠠᠶᠤᠯ ᠦᠭᠡᠢ ᠦᠢᠯᠡᠳᠪᠦᠷᠢᠯᠡᠯ︶᠂ ᠠᠮᠢ ᠠᠬᠤᠢ ᠶᠢᠨ ᠣᠷᠴᠢᠨ ᠲᠣᠭᠤᠷᠢᠨ ᠵᠢᠴᠢ ᠠᠯᠪᠠᠨ ᠭᠡᠷ ᠤᠨ ᠡᠳᠦᠷ | ᠲᠤᠲᠤᠮ ᠤᠨ ᠠᠵᠢᠯ ᠢ ᠰᠠᠶᠢᠲᠤᠷ ᠬᠢᠨ᠎ᠡ︔ | ︵ᠠᠷᠪᠠᠨ ᠬᠤᠶᠠᠷ︶ ᠣᠷᠣᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ᠂ ᠬᠦᠷᠢᠶᠡᠯᠡᠩ ᠲᠣᠭᠤᠷᠢᠭ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠲᠤ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃ | ᠠᠵᠢᠯᠯᠠᠬᠤ ᠬᠠᠶ᠋ᠢᠭ᠄ ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠭᠤᠷᠬᠠᠢ ᠶᠢᠨ ᠵᠠᠮ ᠤᠨ ᠪᠠᠶᠠᠨ᠋ᠣ᠋ᠪᠣᠭ᠎ᠠ ᠠᠵᠤ ᠦᠢᠯᠡᠰ ᠤᠨ ᠬᠦᠷᠢᠶᠡᠯᠡᠩ ︵ | ᠤᠤᠯ ᠤᠨ ᠲᠡᠮᠦᠷ ᠤᠨ ᠠᠭᠤᠷᠬᠠᠢ ᠶᠢᠨ ᠨᠠᠰᠤᠲᠠᠶᠢᠴᠤᠳ ᠤᠨ ᠠᠵᠢᠯᠯᠠᠭᠠᠨ ᠤ ᠲᠥᠪ︶ ᠤᠨ ᠨᠢᠭᠡᠳᠦᠭᠡᠷ ᠳᠠᠪᠬᠤᠷᠭ᠎ᠠ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ︶ ᠥᠷᠯᠥᠭᠡ ᠶᠢᠨ 8᠄ 30 ︱ 12᠄ 00᠂ ᠦᠳᠡ ᠶᠢᠨ ᠬᠤᠶᠢᠨᠠᠬᠢ 14᠄ 30 ︱ 17᠄ 30᠃ | ᠬᠠᠷᠢᠯᠴᠠᠬᠤ ᠠᠷᠭ᠎ᠠ᠄ 0472 ︱ 8511109 | ᠬᠠᠷᠢᠭᠤᠴᠠᠯᠭᠠᠲᠠᠨ᠄ ᠶᠠᠩ ᠯᠢ ᠵᠢᠶᠦ᠋ᠨ | | |