ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠰᠢᠯᠢᠳᠡᠭᠵᠢᠭᠦᠯᠦᠨ ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2024﹈ 15 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ | ᠰᠠᠨᠠᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠢᠴᠢ ᠨᠡᠶᠢᠭᠡᠮ ᠨᠡᠶᠢᠲᠡ ᠬᠠᠮᠢᠶ᠎ᠠ ᠪᠦᠬᠦᠢ ᠠᠭᠤᠯᠭ᠎ᠠ ᠶᠢ ᠨᠠᠩ ᠰᠠᠶᠢᠨ | ᠣᠶᠢᠯᠠᠭᠠᠬᠤ ᠳᠤ ᠳᠥᠭᠦᠮᠯᠡᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | 2024 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ | ᠵᠠᠰᠠᠭ ᠵᠠᠬᠢᠷᠭᠠᠨ ᠤ ᠴᠢᠳᠠᠮᠵᠢ ᠶᠢ ᠳᠡᠭᠡᠭᠰᠢᠯᠡᠭᠦᠯᠵᠦ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ | ︵ᠲᠥᠷᠥ ᠲᠠᠷᠬᠠᠭᠠᠭᠰᠠᠨ ﹇2024﹈ 3 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 16 ᠵᠤᠷᠪᠤᠰ ᠭᠤᠣᠯᠳᠠᠯᠭ᠎ᠠ ᠲᠠᠢ ᠡᠭᠦᠷᠭᠡ ᠶᠢ ᠳᠤᠷᠠᠳᠴᠤ᠂ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ 13 ᠨᠠᠷᠢᠨ ᠲᠠᠩᠰᠠ ᠶᠢ ᠲᠣᠳᠣᠷᠬᠠᠢ ᠲᠣᠭᠲᠠᠭᠠᠪᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠲᠦᠷᠦᠭᠦᠯᠡᠨ ︽ᠬᠡᠷᠡᠭᠵᠢᠭᠦᠯᠬᠦ ᠰᠠᠨᠠᠯ︾ ᠢ ᠰᠤᠳᠤᠯᠤᠨ ᠲᠤᠭᠤᠷᠪᠢᠪᠠ᠃ ︽ᠬᠡᠷᠡᠭᠵᠢᠭᠦᠯᠬᠦ ᠰᠠᠨᠠᠯ︾ ᠳᠤ ᠤᠷᠢᠳ ᠬᠤᠵᠢᠳ 12 ᠠᠶᠢᠮᠠᠭ ᠬᠤᠲᠠ᠂ ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ 39 ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠬᠠᠤᠯᠢ ᠶᠣᠰᠣᠴᠢ ᠴᠢᠨᠠᠷ ᠢ ᠨᠢ ᠬᠢᠨᠠᠨ ᠪᠠᠶᠢᠴᠠᠭᠠᠵᠤ᠂ 2024 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠤᠯᠪᠠ᠃ | ᠬᠤᠶᠠᠷ᠂ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠳᠤ ᠶᠡᠷᠦᠩᠬᠡᠢ ᠬᠠᠷᠠᠯᠲᠠ᠂ ᠭᠤᠣᠯ ᠡᠭᠦᠷᠭᠡ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ 3 ᠬᠡᠰᠡᠭ ᠢ ᠪᠠᠭᠲᠠᠭᠠᠨ᠎ᠠ᠃ | ︵ᠨᠢᠭᠡ︶ ᠶᠡᠷᠦᠩᠬᠡᠢ ᠬᠠᠷᠠᠯᠲᠠ᠃ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠳᠤᠷᠠᠳᠪᠠ᠄ 2024 ᠣᠨ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ | ᠰᠦᠯᠵᠢᠶ᠎ᠡ᠂ ᠨᠢᠭᠡ ᠰᠠᠯᠠᠭ᠎ᠠ᠂ ᠨᠢᠭᠡ ᠱᠤᠭᠤᠮ︾ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽5 + 8 +3+ N︾ ︽ᠨᠢᠭᠡ ᠠᠵᠢᠯ ᠶᠠᠪᠤᠳᠠᠯ︾ | ︵︽5︾ ᠨᠢ ᠰᠦᠯᠵᠢᠶᠡᠨ ᠳᠤ ᠣᠷᠣᠭᠤᠯᠤᠭᠰᠠᠨ 5 ︽ᠨᠢᠭᠡ ᠠᠵᠢᠯ ᠶᠠᠪᠤᠳᠠᠯ︾ ᠢ ᠳᠡᠰ ᠳᠡᠪᠰᠢᠭᠦᠯᠬᠦ᠂ ︽8︾ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ | ᠨᠡᠮᠡᠭᠰᠡᠨ 8 ︽ᠨᠢᠭᠡ ᠠᠵᠢᠯ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ᠂ ︽3︾ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 3 ᠢᠨᠵᠧᠨᠧᠷᠢᠩ ᠤᠨ | ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠢ ᠬᠦᠴᠦ ᠪᠠᠨ ᠨᠡᠶᠢᠯᠡᠭᠦᠯᠦᠨ ᠰᠠᠶᠢᠲᠤᠷ ᠠᠳᠬᠤᠬᠤ᠂ ︽N︾ ᠨᠢ ᠡᠯ᠎ᠡ ᠭᠠᠵᠠᠷ ᠣᠷᠣᠨ ᠤ ᠣᠷᠣᠨ ᠨᠤᠲᠤᠭ ᠤᠨ | ᠣᠨᠴᠠᠯᠢᠭ ᠲᠠᠢ N ︽ᠨᠢᠭᠡ ᠠᠵᠢᠯ ᠶᠠᠪᠤᠳᠠᠯ︾ ᠢ ᠰᠢᠨ᠎ᠡ ᠶᠢ ᠡᠭᠦᠳᠦᠨ ᠠᠬᠢᠭᠤᠯᠬᠤ ᠶᠢ ᠥᠷᠭᠡᠨ ᠢᠶᠠᠷ ᠳᠠᠶᠢᠴᠢᠯᠠᠬᠤ︶ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤ ᠠᠬᠢᠭᠤᠯᠬᠤ ᠲᠣᠭᠲᠠᠴᠠ ᠶᠢ | ᠪᠦᠷᠢᠨᠰᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠪᠦᠬᠦᠯᠢ ᠴᠣᠭᠴᠠ ᠪᠠᠷ | ᠳᠡᠭᠡᠭᠰᠢᠯᠡᠭᠦᠯᠬᠦ ᠶᠢ ᠠᠬᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮᠯᠡᠬᠦ ᠬᠠᠯᠠᠮᠰᠢᠯ ᠤᠲᠠᠰᠤ ᠶᠢ ᠰᠠᠭᠠᠳ ᠦᠭᠡᠢ ᠪᠥᠭᠡᠳ ᠥᠨᠳᠥᠷ | ᠪᠦᠲᠦᠮᠵᠢᠲᠡᠶ ᠪᠠᠷ ᠨᠠᠪᠲᠠᠷᠡᠭᠦᠯᠵᠦ᠂ ᠡᠷᠴᠢᠮᠵᠢᠭᠦᠯᠦᠨ ᠠᠵᠢᠯ ᠶᠠᠪᠤᠳᠠᠯ ᠭᠦᠢᠴᠡᠳᠬᠡᠬᠦ᠂ ᠣᠶᠤᠨᠲᠤ ᠦᠢᠯᠡᠴᠢᠯᠡᠭᠡᠨ ᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ | 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ ᠣᠶᠤᠨᠲᠤ ᠳᠥᠭᠦᠮ᠂ ᠡᠷᠬᠡ ᠲᠡᠭᠰᠢ ᠨᠡᠶᠢᠳᠡᠮ ᠳᠤ ᠠᠰᠢᠭᠲᠠᠢ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠣᠶ ᠪᠣᠯᠭᠠᠵᠤ᠂ ︽ᠮᠥᠩᠬᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠥᠬᠦ ᠲᠠᠯ᠎ᠠ ᠪᠠᠷ ᠡᠬᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠠᠨᠤᠮᠵᠢ ᠪᠠ ᠬᠦᠷᠲᠡᠮᠵᠢ ᠶᠢᠨ ᠲᠥᠷᠥᠭᠳᠡᠯ ᠢ ᠨᠢ | ᠶᠡᠭᠡ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠣᠯ ᠡᠭᠦᠷᠭᠡ᠃ 3 ᠲᠠᠯ᠎ᠠ ᠶᠢᠨ 11 ᠵᠤᠷᠪᠤᠰ ᠪᠣᠳᠠᠲᠠᠢ ᠡᠭᠦᠷᠭᠡ ᠶᠢ ᠳᠤᠷᠠᠳᠪᠠ᠄ ᠨᠢᠭᠡ ᠳᠤ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ | ᠭᠦᠢᠴᠡᠳᠬᠡᠬᠦ ᠶᠢ ᠬᠦᠴᠦᠲᠡᠢ ᠠᠬᠢᠭᠤᠯᠤᠨ᠎ᠠ᠃ ︽ᠨᠢᠭᠡ ᠠᠵᠢᠯ ᠶᠠᠪᠤᠳᠠᠯ︾ ᠤᠨ ᠥᠭᠡᠷᠡᠴᠢᠯᠡᠯᠲᠡ ᠶᠢ ᠳᠡᠰ ᠳᠡᠪᠰᠢᠭᠦᠯᠵᠦ᠂ ︽ᠨᠢᠭᠡ ᠠᠵᠢᠯ ᠶᠠᠪᠤᠳᠠᠯ︾ ᠤᠨ ᠬᠡᠪᠴᠢᠶ᠎ᠡ ᠶᠢ | ᠥᠷᠭᠡᠳᠬᠡᠵᠦ᠂ ︽ᠨᠢᠭᠡ ᠠᠵᠢᠯ ᠶᠠᠪᠤᠳᠠᠯ︾ ᠢ ᠭᠦᠢᠴᠡᠳᠬᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠬᠤᠯᠪᠣᠭᠳᠠᠯ ᠢᠶᠠᠷ ᠴᠢᠩᠭ᠎ᠠ᠂ ᠠᠵᠢᠯ ᠶᠠᠪᠤᠳᠠᠯ ᠭᠦᠢᠴᠡᠳᠬᠡᠬᠦ | ᠬᠡᠷᠡᠭᠴᠡᠭᠡ ᠪᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢᠶᠠᠷ ᠴᠢᠩᠭ᠎ᠠ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ | ᠠᠯᠤᠰᠯᠠᠭᠰᠠᠨ ᠨᠡᠩ ᠣᠯᠠᠨ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠵᠢᠯ ᠳᠠᠷᠠᠭᠠᠯᠠᠨ ᠪᠦᠯᠦᠭ ᠬᠤᠪᠢᠶᠠᠨ ᠠᠬᠢᠭᠤᠯᠤᠨ᠎ᠠ᠃ ᠬᠤᠶᠠᠷ ᠲᠤ᠂ ᠴᠢᠳᠠᠮᠵᠢ ᠶᠢ ᠳᠡᠭᠡᠭᠰᠢᠯᠡᠭᠦᠯᠬᠦ | ᠰᠢᠪᠲᠤᠯᠤᠯᠲᠠ ᠶᠢ ᠭᠦᠨᠵᠡᠭᠡᠢ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢᠨ ᠶᠠᠰᠤ ᠴᠢᠨᠠᠷ ᠦᠷ᠎ᠡ ᠪᠦᠲᠦᠮᠵᠢ ᠶᠢᠨ ᠰᠢᠪᠲᠤᠯᠤᠯᠲᠠ ᠶᠢ ᠳᠡᠭᠡᠭᠰᠢᠯᠡᠭᠦᠯᠵᠦ᠂ | ᠳᠥᠭᠦᠮ ᠳᠥᠲᠡ᠂ ᠥᠨᠳᠥᠷ ᠪᠦᠲᠦᠮᠵᠢᠲᠡᠢ᠂ ᠵᠢᠷᠤᠮᠵᠢᠯ ᠲᠠᠢ᠂ ᠣᠶᠤᠨᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠢ ᠦᠢᠯᠡᠴᠢᠯᠡᠭᠡ︾ ᠶᠢ ᠪᠣᠶ ᠪᠣᠯᠭᠠᠨ᠎ᠠ᠃ | ᠲᠠᠪᠴᠠᠩ ᠤᠨ ᠲᠤᠰᠠᠯᠠᠬᠤ ᠴᠢᠳᠠᠮᠵᠢ ᠶᠢᠨ ᠰᠢᠪᠲᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠣᠷᠣᠨ ᠤ ᠨᠢᠭᠡᠳᠦᠯᠲᠡᠢ ᠲᠤᠬᠠᠶᠢᠯᠠᠭᠰᠠᠨ ᠠᠵᠢᠯ ᠤᠨ ᠲᠤᠰᠠᠯᠠᠮᠵᠢ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ | ᠳ᠋ᠢᠭᠢᠲ᠋ᠠᠯ ᠮᠡᠷᠭᠡᠵᠢᠯ ᠢᠶᠠᠷ ᠡᠷᠴᠢᠮᠯᠡᠬᠦ ᠰᠢᠪᠲᠤᠯᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠠᠰᠢᠭᠯᠠᠯᠲᠠ ᠶᠢ | ᠠᠬᠢᠭᠤᠯᠤᠨ᠎ᠠ᠃ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠡᠶᠡᠴᠢᠯᠡᠨ ᠥᠩᠭᠡᠷᠡᠭᠦᠯᠬᠦ ᠶᠢᠨ ᠰᠢᠪᠲᠤᠯᠤᠯᠲᠠ ᠶᠢ ᠰᠢᠯᠢᠳᠡᠭᠵᠢᠭᠦᠯᠵᠦ᠂ ᠳᠤᠲᠠᠭᠳᠠᠵᠤ ᠪᠠᠶᠢᠭ᠎ᠠ ᠵᠦᠢᠯᠡᠰ ᠢ | ᠠᠮᠠᠯᠠᠨ ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠬᠤ | ᠦᠭᠡᠢ ᠪᠠᠷ ᠭᠦᠢᠴᠡᠳᠬᠡᠬᠦ ᠶᠢ ᠠᠬᠢᠭᠤᠯᠤᠨ᠎ᠠ᠃ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠰᠢᠪᠲᠤᠯᠤᠯᠲᠠ ᠶᠢ ᠠᠬᠢᠭᠤᠯᠵᠤ᠂ ᠬᠠᠪᠰᠤᠷᠤᠨ | ᠬᠢᠵᠦ ᠣᠷᠣᠯᠠᠨ ᠭᠦᠢᠴᠡᠳᠬᠡᠬᠦ ᠴᠢᠳᠠᠮᠵᠢ ᠶᠢ ᠳᠡᠭᠡᠭᠰᠢᠯᠡᠭᠦᠯᠬᠦ᠂ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ᠂ ᠦᠷᠳᠡᠭ ᠨᠡᠮᠡᠭᠳᠡᠯ ᠤᠨ ᠦᠢᠯᠡᠴᠢᠯᠡᠭᠡᠨ ᠤ | ᠠᠭᠤᠯᠭ᠎ᠠ ᠶᠢ ᠥᠷᠭᠡᠳᠬᠡᠬᠦ ᠵᠡᠷᠭᠡ ᠠᠷᠭ᠎ᠠ ᠬᠡᠮᠵᠢᠶ᠎ᠡ ᠨᠦᠭᠦᠳ ᠢ ᠨᠠᠷᠢᠯᠢᠭᠵᠢᠭᠤᠯᠤᠨ ᠳᠤᠷᠠᠳᠪᠠ᠃ ᠭᠤᠷᠪᠠ ᠳᠤ᠂ ᠳᠦᠷᠢᠮ ᠤᠨ ᠪᠠᠷᠢᠮᠵᠢᠶ᠎ᠠ ᠶᠢᠨ ᠵᠢᠷᠤᠮᠵᠢᠯ ᠤᠨ | ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠢ ᠪᠠᠷᠢᠮᠵᠢᠶ᠎ᠠ ᠶᠢ ᠪᠠᠶᠢᠭᠤᠯᠵᠤ᠂ ᠠᠳᠠᠯᠢ | ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠣᠷᠣᠨ ᠤ ᠬᠡᠪᠴᠢᠶᠡᠨ ᠳᠤ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ | ᠭᠦᠢᠴᠡᠳᠬᠡᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠵᠢᠷᠤᠮᠵᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠯᠡ ᠡᠭᠦᠳᠡ ᠪᠠᠷ ᠣᠷᠣᠬᠤ︾ ᠶᠢ ᠭᠦᠨᠵᠡᠭᠡᠢ ᠠᠬᠢᠭᠤᠯᠵᠤ᠂ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ ᠪᠠ ᠨᠢᠭᠡ ᠯᠡ | ᠥᠷᠲᠡᠭᠡ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠣᠩᠬᠤᠨ ᠤ ᠠᠵᠢᠯᠲᠠᠨ ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠴᠢᠩᠭᠠᠳᠬᠠᠨ᠎ᠠ᠃ | ︵ᠭᠤᠷᠪᠠ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠬᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠳᠤᠷᠠᠳᠪᠠ᠃ | ᠭᠤᠷᠪᠠ᠂ ᠨᠠᠷᠢᠨ ᠳᠠᠩᠰᠠ ᠶᠢ ᠨᠡᠶᠢᠲᠡᠯᠡᠭᠰᠡᠨ ᠨᠢ | ︽ᠬᠡᠷᠡᠭᠵᠢᠭᠦᠯᠬᠦ ᠰᠠᠨᠠᠯ︾ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠢᠳᠡ ︽2024 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ﹀ ᠭᠤᠣᠯᠳᠠᠯᠭ᠎ᠠ ᠲᠠᠢ ᠵᠦᠢᠯᠡᠰ ᠤᠨ ᠨᠠᠷᠢᠨ ᠳᠠᠩᠰᠠ︾ ᠶᠢ ᠢᠵᠢ | ᠪᠦᠷᠢᠳᠦᠭᠦᠯᠦᠨ ᠲᠣᠭᠲᠠᠭᠠᠵᠤ ᠨᠡᠶᠢᠲᠡᠯᠡᠪᠡ᠂ ᠡᠭᠦᠨ ᠳᠤ᠂ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ︾ ᠨᠢ 5 ᠵᠦᠢᠯ ᠪᠣᠶ᠂ ᠡᠭᠦᠨ ᠳᠤ ︽ᠬᠤᠭᠤᠯᠠ ᠤᠮᠳᠠ ᠶᠢᠨ | ᠳᠡᠯᠭᠡᠭᠦᠷ︾ ᠡᠷᠭᠢᠯᠡᠬᠦ᠂ ᠠᠵᠤ ᠠᠬᠤᠶᠢᠯᠠᠯ ᠤᠨ ᠳᠠᠩᠰᠠᠯᠠᠯᠲᠠ ᠶᠢ ᠬᠠᠰᠤᠬᠤ᠂ ᠰᠠᠶ᠋ᠢ ᠲᠥᠷᠥᠭᠰᠡᠨ ᠬᠡᠦᠬᠡᠳ᠂ ᠵᠡᠮᠳᠡᠭᠴᠦᠳ ᠲᠤ ᠦᠢᠯᠡᠴᠢᠯᠡᠬᠦ᠂ ᠠᠵᠢᠯ ᠠᠴᠠ ᠪᠠᠨ ᠠᠮᠠᠷᠠᠬᠤ | ᠵᠡᠷᠭᠡ ︽ᠨᠢᠭᠡ ᠠᠵᠢᠯ ᠶᠠᠪᠤᠳᠠᠯ︾ ᠤᠨ ᠨᠠᠷᠢᠨ ᠳᠠᠩᠰᠠ ᠶᠢ ᠪᠠᠭᠲᠠᠭᠠᠨ᠎ᠠ︔ ᠰᠢᠨ᠎ᠡ ᠪᠠᠷ ᠨᠡᠮᠡᠭᠰᠡᠨ ᠪᠦᠲᠦᠭᠡᠨ ᠪᠠᠶᠢᠭᠤᠯᠤᠯᠲᠠ ᠶᠢᠨ ︽ᠨᠢᠭᠡ ᠠᠵᠢᠯ ᠶᠠᠪᠤᠳᠠᠯ︾ ᠤᠨ ᠨᠠᠷᠢᠨ | ᠳᠠᠩᠰᠠ ᠨᠢ 8 ᠵᠦᠢᠯ ᠪᠣᠯᠣᠨ᠎ᠠ᠂ ᠡᠭᠦᠨ ᠳᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠲᠡᠭᠡᠭᠡᠪᠦᠷᠢ ᠶᠢᠨ ᠠᠵᠤ ᠠᠬᠤᠶᠢᠯᠠᠯ ᠨᠡᠭᠡᠭᠡᠨ ᠡᠷᠭᠢᠯᠡᠬᠦ᠂ ᠤᠰᠤ | ᠴᠠᠬᠢᠯᠭᠠᠨ ᠬᠡᠢ ᠳᠤᠯᠠᠭᠠᠯᠭ᠎ᠠ ᠰᠦᠯᠵᠢᠶ᠎ᠡ ᠶᠢ ᠬᠠᠮᠲᠤᠷᠠᠨ ᠮᠡᠳᠡᠭᠦᠯᠦᠨ ᠤᠭᠰᠠᠷᠠᠬᠤ᠂ ᠢᠲᠡᠭᠡᠮᠵᠢ ᠶᠢ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢᠨ | ᠬᠠᠤᠯᠢ ᠲᠣᠭᠲᠠᠭᠠᠯ ᠳᠤ ᠨᠡᠶᠢᠴᠡᠬᠦ ᠲᠤᠬᠠᠢ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠮᠫᠤᠷᠠᠯ ᠤᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠬᠤ᠂ ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡ ᠵᠡᠷᠭᠡ ᠪᠠᠭᠲᠠᠨ᠎ᠠ︔ | ᠢᠨᠵᠧᠨᠧᠷᠢᠩ ᠤᠨ ᠬᠦᠷᠢᠶᠡᠨ ᠳᠠᠬᠢ ︽ᠨᠢᠭᠡ ᠠᠵᠢᠯ ᠶᠠᠪᠤᠳᠠᠯ︾ ᠤᠨ ᠨᠠᠷᠢᠨ ᠲᠠᠩᠰᠠ ᠨᠢ 3 ᠵᠦᠢᠯ ᠪᠠᠶᠢᠵᠤ᠂ ᠡᠭᠦᠨ ᠳᠤ ᠡᠨᠧᠷᠭᠢ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ | ᠪᠠᠭᠲᠠᠨ᠎ᠠ᠃ ︽ᠨᠢᠭᠡ ᠠᠵᠢᠯ ᠶᠠᠪᠤᠳᠠᠯ︾ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠬᠤ ᠰᠠᠯᠠᠭ᠎ᠠ ᠮᠥᠴᠢᠷ ᠢ ᠤᠯᠠᠮ ᠲᠣᠳᠣᠷᠬᠠᠶᠢᠯᠠᠪᠠ᠃ |