ᠤᠯᠤᠰ ᠤᠨ ᠲᠤᠭ᠎ᠠ ᠪᠠᠷᠢᠮᠲᠠ ᠶᠢᠨ ᠨᠡᠶᠢᠲᠡᠯᠡᠯ — 4 ᠳ᠋ᠦ᠋ᠭᠡᠷ ᠰᠠᠷ᠎ᠠ ᠳᠤ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠬᠤ ᠬᠠᠨᠲᠤᠰᠢ ᠭᠠᠷᠪᠠ
ᠨᠡᠶᠢᠲᠡᠯᠡᠭᠰᠡᠨ ᠴᠠᠭ᠄
2024/5/22
    4 ᠳ᠋ᠦ᠋ᠭᠡᠷ ᠰᠠᠷ᠎ᠠ ᠳᠤ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠬᠤ ᠬᠠᠨᠲᠤᠰᠢ ᠭᠠᠷᠪᠠ    ︵2024 ᠣᠨ ᠤ 5 ᠳ᠋ᠤᠭᠠᠷ ᠰᠠᠷ᠎ᠠ ᠶᠢᠨ 17 ᠤ ᠡᠳᠦᠷ︶ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ     4 ᠳ᠋ᠦ᠋ᠭᠡᠷ ᠰᠠᠷ᠎ᠠ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠡᠷᠴᠢᠮᠵᠢᠭᠦᠯᠵᠦ᠂ ᠦᠢᠯᠡᠳᠪᠦᠷᠢᠯᠡᠯ ᠤᠨ ᠬᠡᠷᠡᠭᠴᠡᠭᠡ ᠲᠣᠭᠲᠠᠭᠤᠨ ᠢᠶᠠᠷ ᠨᠡᠮᠡᠭᠳᠡᠵᠦ᠂ ᠠᠵᠢᠯ ᠣᠯᠣᠯᠲᠠ ᠶᠢᠨ ᠪᠠᠷᠠᠭᠠᠨ ᠤ ᠦᠨ᠎ᠡ ᠶᠡᠷᠦᠩᠬᠡᠢ ᠳᠤ ᠪᠠᠨ ᠰᠠᠶᠢᠵᠢᠷᠠᠵᠤ᠂ ᠨᠡᠶᠢᠭᠡᠮ ᠤᠨ ᠵᠢᠱᠢᠯᠲᠡ ᠦᠷᠭᠦᠯᠵᠢᠯᠡᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠪᠤᠷᠢᠵᠢᠵᠤ᠂ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃    ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠭᠡᠳᠴᠦ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠨᠡᠯᠢᠶᠡᠳ ᠲᠦᠷᠭᠡᠨ ᠨᠡᠮᠡᠭᠳᠡᠪᠡ4 ᠳ᠋ᠤᠭᠡᠷ ᠰᠠᠷ᠎ᠠ ᠳᠤ᠂ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 2.2 ᠵᠠᠭᠤᠨ ᠤ ᠨᠢᠭᠡᠴᠢ ᠲᠦᠷᠭᠡᠳᠪᠡ︔ ᠲᠦᠷᠦᠭᠦᠤ ᠰᠠᠷ᠎ᠠ ᠶᠢᠨ ᠬᠢ ᠠᠴᠠ 0.97% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠬᠡᠯᠪᠡᠷᠢ ᠪᠠᠷ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.0% ᠢᠶᠠᠷ ᠨᠡᠮᠡᠭᠳᠡᠵᠦ᠂ ᠦᠢᠯᠡᠳᠬᠦ ᠦᠢᠯᠡᠰ 7.5% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 5.8% ᠪᠠᠷ ᠨᠡᠮᠡᠭᠳᠡᠪᠡ᠃ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ 9.9% ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 3.9 ᠵᠠᠭᠤᠨ ᠤ ᠨᠢᠭᠡᠴᠢ ᠲᠦᠷᠭᠡᠳᠪᠡ︔ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 11.3% ᠪᠠᠷ ᠨᠡᠮᠡᠭᠳᠡᠵᠦ᠂ 3.7 ᠵᠠᠭᠤᠨ ᠤ ᠨᠢᠭᠡᠴᠢ ᠲᠦᠷᠭᠡᠳᠪᠡ᠃ ᠠᠵᠤ ᠠᠬᠤᠶ ᠶᠢᠨ ᠲᠦᠷᠦᠯ ᠬᠡᠯᠪᠡᠷᠢ ᠪᠠᠷ ᠦᠵᠡᠪᠡᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ 5.4% ᠪᠠᠷ ᠨᠡᠮᠡᠭᠳᠡᠪᠡ︔ ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶᠢᠯᠠᠯ 6.9% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 6.2% ᠢᠶᠠᠷ ᠨᠡᠮᠡᠭᠳᠡᠪᠡ︔ ᠬᠤᠪᠢ ᠶᠢᠨ ᠡᠵᠡᠩᠨᠡᠭᠰᠡᠨ ᠠᠵᠤ ᠠᠬᠤᠶᠢᠯᠠᠯ 6.3% ᠪᠠᠷ ᠨᠡᠮᠡᠭᠳᠡᠪᠡ᠃ ᠦᠢᠯᠡᠳᠬᠦᠨ ᠢᠶᠠᠷ ᠦᠵᠡᠪᠡᠯ᠂ 3D ᠳᠠᠷᠤᠮᠠᠯᠯᠠᠬᠤ ᠲᠥᠬᠦᠭᠡᠷᠦᠮᠵᠢ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠦᠢᠯᠡᠳᠬᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 55.0%᠂ 39.2%᠂ 31.9% ᠪᠠᠷ ᠨᠡᠮᠡᠭᠳᠡᠪᠡ᠃ 1 — 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠵᠦ᠂ 1 — 3 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠲᠦᠷᠭᠡᠳᠪᠡ᠃ 4 ᠳ᠋ᠦ᠋ᠭᠡᠷ ᠰᠠᠷ᠎ᠠ ᠳᠤ᠂ ᠦᠢᠯᠡᠳᠬᠡᠯ ᠤᠨ ᠦᠢᠯᠡᠰ ᠤᠨ ᠬᠤᠳᠠᠯᠳᠤᠨ ᠠᠪᠬᠤ ᠳᠠᠭᠠᠭᠠᠮᠠᠯ ᠤᠨ ᠵᠢᠭᠠᠯᠲᠠ ᠲᠤᠭ᠎ᠠ 50.4%᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠵᠢᠱᠢᠭᠰᠡᠨ ᠵᠢᠭᠠᠯᠲᠠ ᠲᠤᠭ᠎ᠠ 55.2% ᠪᠣᠯᠤᠨ᠎ᠠ᠃ 1 — 3 ᠳ᠋ᠤᠭᠠᠷ ᠰᠠᠷ᠎ᠠ ᠳᠤ᠂ ᠪᠦᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠦᠬᠦ ᠲᠤᠭ᠎ᠠ 15055 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ᠃    ᠬᠤᠶᠠᠷ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠤᠳᠤ ᠦᠶ᠎ᠡ ᠶᠢᠨ         ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠡᠯᠢᠶᠡᠳ ᠰᠠᠶᠢᠨ ᠪᠠᠶᠢᠨ᠎ᠠ4 ᠳ᠋ᠦ᠋ᠭᠡᠷ ᠰᠠᠷ᠎ᠠ ᠳᠤ ᠪᠥᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠡᠶ᠃ ᠠᠵᠢᠯ ᠲᠥᠷᠥᠯ ᠢᠶᠠᠷ ᠬᠤᠪᠢᠶᠠᠪᠠᠯ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 10.8%᠂ 6.1%᠂ 5.4%᠂ 4.3% ᠪᠠᠷ ᠨᠡᠮᠡᠭᠳᠡᠵᠦ᠂ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠴᠠ ᠲᠤᠰ ᠲᠤᠰ 7.3᠂ 2.6᠂ 1.9᠂ 0.8 ᠵᠠᠭᠤᠨ ᠤ ᠴᠡᠭ ᠲᠦᠷᠭᠡᠰᠪᠡ᠃ 1 — 4 ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠃ 1 — 3 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃ 4 ᠳ᠋ᠦ᠋ᠭᠡᠷ ᠰᠠᠷ᠎ᠠ ᠳᠤ᠂ ᠦᠢᠯᠡᠴᠢᠯᠡᠭᠡᠨ ᠤ ᠦᠢᠯᠡᠰ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ ᠲᠤᠭ᠎ᠠ 50.3% ᠪᠠᠶᠢᠪᠠ︔ ᠦᠢᠯᠡᠴᠢᠯᠡᠭᠡᠨ ᠤ ᠦᠢᠯᠡᠰ ᠤᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢᠨ ᠵᠢᠱᠢᠭᠰᠡᠨ ᠵᠢᠭᠠᠯᠲᠠ ᠲᠤᠭ᠎ᠠ 57.4% ᠪᠠᠶᠢᠪᠠ᠃ ᠡᠭᠦᠨ ᠳᠤ᠂ ᠲᠡᠮᠦᠷ ᠵᠠᠮ ᠤᠨ ᠲᠡᠭᠡᠭᠡᠪᠦᠷᠢ᠂ ᠵᠠᠮ ᠲᠡᠭᠡᠭᠡᠪᠦᠷᠢ᠂ ᠰᠢᠦᠳᠠᠨ ᠬᠤᠯᠪᠣᠭ᠎ᠠ᠂ ᠴᠠᠬᠢᠯᠭᠠᠨ ᠬᠤᠯᠪᠣᠭ᠎ᠠ ᠷᠠᠳᠢᠣ᠋ ᠲᠧᠯᠸᠢᠰ ᠵᠢᠴᠢ ᠳᠠᠭᠠᠭᠤᠯᠢ ᠣᠳᠣᠨ ᠤ ᠳᠠᠮᠵᠢᠭᠤᠯᠭ᠎ᠠ ᠶᠢᠨ ᠦᠢᠯᠡᠴᠢᠯᠡᠭᠡ ᠵᠡᠷᠭᠡ ᠠᠵᠢᠯ ᠲᠥᠷᠥᠯ ᠤᠨ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢᠨ ᠵᠢᠭᠠᠯᠲᠠ ᠲᠤᠭ᠎ᠠ 55.0% ᠠᠴᠠ ᠳᠡᠭᠡᠭᠰᠢ ᠨᠡᠯᠢᠶᠡᠳ ᠥᠨᠳᠥᠷ ᠣᠷᠣᠨ ᠳᠤ ᠪᠠᠶᠢᠷᠢᠯᠠᠵᠤ ᠪᠠᠶᠢᠪᠠ᠃    ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠨᠡᠮᠡᠭᠳᠡᠯ ᠢᠶᠠᠨ ᠪᠠᠲᠤᠯᠠᠵᠤ᠂ ᠦᠢᠯᠡᠴᠢᠯᠡᠭᠡᠨ ᠤ ᠬᠡᠷᠡᠭᠯᠡᠭᠡᠨ ᠤ ᠨᠡᠮᠡᠭᠳᠡᠯ ᠰᠠᠶᠢᠨ ᠪᠠᠶᠢᠨ᠎ᠠ    4 ᠳ᠋ᠦ᠋ᠭᠡᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 35699 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠪᠡ︔ ᠲᠦᠷᠦᠭᠦᠤ ᠵᠢᠯ ᠤᠨ ᠬᠢ ᠠᠴᠠ 0.03% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 31026 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 4673 ᠳ᠋ᠦᠩᠰᠢᠭᠤᠷ ᠲᠥᠭᠦᠷᠢᠭ ᠪᠠᠶᠢᠵᠤ᠂ 3.5% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠨᠢ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 31784 ᠳ᠋ᠦᠩᠰᠢᠭᠤᠷ ᠲᠥᠭᠦᠷᠢᠭ ᠪᠠᠶᠢᠵᠤ᠂ 2.0% ᠢᠶᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ 3915 ᠳ᠋ᠦᠩᠰᠢᠭᠤᠷ ᠲᠥᠭᠦᠷᠢᠭ ᠪᠠᠶᠢᠵᠤ᠂ 4.4% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠦᠷᠦᠯ ᠪᠠ ᠳᠡᠰ ᠳᠡᠪᠰᠢᠭᠦᠯᠬᠦ ᠲᠦᠷᠦᠯ ᠤᠨ ᠨᠢᠭᠡ ᠪᠦᠯᠦᠭ ᠲᠠᠸᠠᠷ ᠤᠨ ᠪᠤᠷᠤᠯᠠᠭᠤᠯᠭ᠎ᠠ ᠶᠢᠨ ᠨᠡᠮᠡᠭᠳᠡᠯ ᠨᠢ ᠨᠡᠯᠢᠶᠡᠳ ᠲᠦᠷᠭᠡᠨ ᠪᠠᠶᠢᠵᠤ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠨᠢᠭᠡᠴᠢ ᠶᠢᠨ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠦᠷᠦᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠯᠡᠭᠡᠨ ᠤ ᠵᠦᠢᠯ ᠤᠨ ᠲᠦᠷᠦᠯ᠂ ᠠᠮᠤ ᠲᠤᠰᠤ᠂ ᠢᠳᠡᠭᠡᠨ ᠤ ᠲᠦᠷᠦᠯ᠂ ᠤᠮᠳᠠᠭᠠᠨ ᠤ ᠲᠦᠷᠦᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠨᠢ ᠲᠤᠰ ᠲᠤᠰ 13.3%᠂ 12.7%᠂ 8.5% ᠪᠠ 6.4% ᠪᠠᠷ ᠨᠡᠮᠡᠭᠳᠡᠪᠡ᠃ 1 — 4  ᠳ᠋ᠦ᠋ᠭᠡᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 156026 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠪᠥᠬᠦ ᠤᠯᠤᠰ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ 44110 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠵᠡᠢ᠃ ᠡᠭᠦᠨ ᠳᠤ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ 37356 ᠳ᠋ᠦᠩᠰᠢᠭᠤᠷ ᠲᠥᠭᠦᠷᠢᠭ ᠪᠠᠶᠢᠵᠤ᠂ 11.1% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ 23.9% ᠶᠢ ᠡᠵᠡᠯᠡᠪᠡ᠃ 1 — 4 ᠳ᠋ᠦ᠋ᠭᠡᠷ ᠰᠠᠷ᠎ᠠ ᠳᠤ᠂ ᠦᠢᠯᠡᠴᠢᠯᠡᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ᠃    ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠥᠷᠭᠡᠳᠴᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠨᠡᠯᠢᠶᠡᠳ ᠲᠦᠷᠭᠡᠨ ᠪᠠᠶᠢᠨ᠎ᠠ    1 — 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ 143401 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠶᠢ ᠬᠠᠰᠤᠭᠠᠳ᠂ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 8.9% ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠪᠠᠷ ᠬᠤᠪᠢᠶᠠᠪᠠᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 6.0% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 9.7% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 9.8% ᠪᠠᠷ ᠪᠠᠭᠤᠷᠠᠪᠠ᠃ ᠪᠦᠬᠦ ᠤᠯᠤᠰ ᠤᠨ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠢ 29252 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 20.2% ᠢᠶᠠᠷ ᠪᠠᠭᠤᠷᠠᠪᠠ︔ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 28067 ᠳ᠋ᠦᠩᠰᠢᠭᠤᠷ ᠲᠥᠭᠦᠷᠢᠭ ᠪᠠᠶᠢᠵᠤ᠂ 28.3% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.9% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 13.0% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 0.3% ᠪᠠᠷ ᠨᠡᠮᠡᠭᠳᠡᠪᠡ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ 0.3% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠶᠢ ᠬᠠᠰᠤᠭᠠᠳ ᠠᠷᠠᠳ ᠤᠨ ᠳᠤᠮᠳᠠᠬᠢ ᠪᠡᠯᠡ ᠣᠷᠣᠭᠤᠯᠤᠯᠲᠠ 7.2% ᠢᠶᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.1% ᠪᠠᠷ ᠨᠡᠮᠡᠭᠳᠡᠵᠦ᠂ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠪᠠ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠲᠣᠰ ᠲᠣᠰ 9.7%᠂ 14.5% ᠪᠠᠷ ᠨᠡᠮᠡᠭᠳᠡᠪᠡ᠃ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠲᠤ᠂ ᠠᠭᠠᠷ ᠤᠨ ᠠᠶᠠᠯᠠᠯ᠂ ᠰᠠᠨᠰᠠᠷ ᠤᠨ ᠠᠶᠠᠯᠠᠯ ᠤᠨ ᠪᠠᠭᠠᠵᠢ ᠵᠢᠴᠢ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠲᠣᠰ ᠲᠣᠰ 49.6%᠂ 10.2% ᠢᠶᠠᠷ ᠨᠡᠮᠡᠭᠳᠡᠪᠡ︔ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠲᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠲᠣᠰ ᠲᠣᠰ 27.6%᠂ 19.9% ᠪᠠᠷ ᠨᠡᠮᠡᠭᠳᠡᠪᠡ᠃ 4 ᠳ᠋ᠦ᠋ᠭᠡᠷ ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠦᠭᠡᠢ︶ ᠶᠢᠨ ᠬᠠᠷᠢᠴᠠᠭᠤᠯᠤᠭᠰᠠᠨ ᠬᠡᠮᠵᠢᠶ᠎ᠡ 0.03% ᠪᠠᠷ ᠪᠠᠭᠤᠷᠠᠪᠠ᠃    ᠲᠠᠪᠤ᠂ ᠡᠳ᠋ ᠪᠠᠷᠠᠭᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠨᠡᠯᠢᠶᠡᠳ ᠲᠦᠷᠭᠡᠨ ᠢᠶᠠᠷ ᠨᠡᠮᠡᠭᠳᠡᠵᠦ᠂ ᠠᠷᠠᠯᠵᠢᠶᠠᠨ ᠤ ᠪᠦᠲᠦᠴᠡ ᠦᠷᠭᠦᠯᠵᠢᠯᠡᠨ ᠰᠢᠯᠢᠳᠡᠭᠵᠢᠪᠡ    4 ᠳ᠋ᠦ᠋ᠭᠡᠷ ᠰᠠᠷ᠎ᠠ ᠳᠤ᠂ ᠡᠳ᠋ ᠪᠠᠷᠠᠭᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ 36389 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.0% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ 20762 ᠳ᠋ᠦᠩᠰᠢᠭᠤᠷ ᠲᠥᠭᠦᠷᠢᠭ ᠪᠠᠶᠢᠵᠤ᠂ 5.1% ᠪᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ 15627 ᠳ᠋ᠦᠩᠰᠢᠭᠤᠷ ᠲᠥᠭᠦᠷᠢᠭ ᠪᠠᠶᠢᠵᠤ᠂ 12.2% ᠢᠶᠠᠷ ᠨᠡᠮᠡᠭᠳᠡᠪᠡ᠃ ᠭᠠᠲᠠᠭᠠᠲᠦ ᠤᠷᠤᠭᠤᠯᠤᠯᠲᠠ ᠭᠠᠷᠭᠠᠯᠲᠠ ᠶᠢᠨ ᠬᠠᠷᠢᠴᠠᠯ ᠳᠣᠣᠷ᠎ᠠ ᠪᠠᠶᠢᠵᠤ᠂ ᠠᠷᠠᠯᠵᠢᠶᠠᠨ ᠤ ᠡᠶᠡᠷᠭᠦ ᠵᠦᠷᠢᠶ᠎ᠡ 5135 ᠳ᠋ᠦᠩᠰᠢᠭᠤᠷ ᠳᠦᠭᠦᠷᠢᠭ ᠲᠤ ᠬᠦᠷᠴᠡᠢ᠃ 1 — 4 ᠳ᠋ᠦ᠋ᠭᠡᠷ ᠰᠠᠷ᠎ᠠ ᠳᠤ᠂ ᠪᠠᠷᠠᠭᠠᠨ ᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 138053 ᠳ᠋ᠦᠩᠰᠢᠭᠤᠷ ᠲᠥᠭᠦᠷᠢᠭ ᠪᠠᠶᠢᠵᠤ᠂ 5.7% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ 78113 ᠳ᠋ᠦᠩᠰᠢᠭᠤᠷ ᠲᠥᠭᠦᠷᠢᠭ ᠪᠠᠶᠢᠵᠤ᠂ 4.9% ᠪᠠᠷ ᠨᠡᠮᠡᠭᠳᠡᠪᠡ︔ ᠭᠠᠳᠠᠭᠠᠳᠤ ᠣᠷᠣᠭᠤᠯᠤᠯᠲᠠ 59940 ᠳ᠋ᠦᠩᠰᠢᠭᠤᠷ ᠲᠥᠭᠦᠷᠢᠭ ᠪᠠᠶᠢᠵᠤ᠂ 6.8% ᠪᠠᠷ ᠨᠡᠮᠡᠭᠳᠡᠪᠡ᠃ 1 — 4 ᠳ᠋ᠦ᠋ᠭᠡᠷ ᠰᠠᠷ᠎ᠠ ᠳᠤ᠂ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 5.3% ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 65.1% ᠶᠢ ᠡᠵᠡᠯᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠣᠷᠤᠭᠤᠯᠤᠯᠲᠠ ᠭᠠᠷᠭᠠᠯᠲᠠ 10.7% ᠪᠠᠷ ᠨᠡᠮᠡᠭᠳᠡᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠶ ᠲᠣᠭᠠᠨ ᠤ 54.6% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.5 ᠵᠠᠭᠤᠨ ᠤ ᠴᠡᠭ ᠳᠡᠭᠡᠭᠰᠢᠯᠡᠪᠡ᠃ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠭᠠᠷᠭᠠᠯᠲᠠ 6.9% ᠪᠠᠷ ᠨᠡᠮᠡᠭᠳᠡᠵᠦ᠂ ᠭᠠᠳᠠᠭᠠᠳᠤ ᠭᠠᠷᠭᠠᠯᠲᠠ ᠶᠢᠨ ᠶᠡᠷᠦᠩᠬᠡᠢ ᠲᠣᠭᠠᠨ ᠤ 59.2% ᠢ ᠡᠵᠡᠯᠡᠪᠡ᠃    ᠵᠢᠷᠭᠤᠭ᠎ᠠ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠤ ᠠᠵᠢᠯ ᠠᠯᠳᠠᠯᠲᠠ ᠶᠢᠨ ᠨᠣᠷᠮ᠎ᠠ ᠳᠣᠷᠣᠭᠰᠢᠯᠠᠪᠠ    1 — 4 ᠳ᠋ᠦ᠋ᠭᠡᠷ ᠰᠠᠷ᠎ᠠ ᠳᠤ᠂ ᠪᠥᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢᠨ ᠳᠤᠮᠳᠠᠴᠢ ᠬᠡᠮᠵᠢᠭᠳᠡᠯ ᠨᠢ 5.2% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.2 ᠵᠠᠭᠤᠨ ᠤ ᠴᠡᠭ ᠪᠠᠭᠤᠷᠠᠪᠠ᠃ 4 ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠤᠷᠮ᠎ᠠ 5.0% ᠪᠣᠯᠵᠤ᠂ ᠲᠦᠷᠦᠭᠦᠦ ᠰᠠᠷ᠎ᠠ ᠪᠣᠯᠣᠨ ᠲᠦᠷᠦᠭᠦᠦ ᠵᠢᠯ ᠤᠨ ᠠᠳᠠᠯᠢ ᠰᠠᠷ᠎ᠠ ᠠᠴᠠ ᠪᠠᠨ ᠳᠤᠮᠳᠠᠴᠢ ᠪᠠᠷ 0.2 ᠵᠠᠭᠤᠨ ᠤ ᠴᠡᠭ ᠳᠣᠷᠣᠭᠰᠢᠯᠠᠵᠠᠢ᠃ ᠲᠤᠰ ᠭᠠᠵᠠᠷ ᠤᠨ ᠡᠷᠦᠬᠡ ᠠᠮᠠ ᠶᠢᠨ ᠪᠠᠶᠢᠭ᠎ᠠ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠠᠯᠲᠠᠯᠲᠠ ᠶᠢᠨ ᠨᠣᠷᠮ᠎ᠠ 5.1% ᠪᠠᠶᠢᠪᠠ︔ ᠭᠠᠳᠠᠨ᠎ᠠ ᠠᠴᠠ ᠢᠷᠡᠭᠰᠡᠨ ᠡᠷᠦᠬᠡ ᠠᠮᠠ ᠶᠢᠨ ᠬᠠᠷᠢᠶᠠᠲᠤ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ 4.9% ᠪᠠᠶᠢᠵᠤ᠂ ᠡᠭᠦᠨ ᠳᠤ ᠭᠠᠳᠠᠨ᠎ᠠ ᠠᠴᠠ ᠢᠷᠡᠭᠰᠡᠨ ᠲᠠᠷᠢᠶᠠᠯᠠᠩ ᠤᠨ ᠡᠷᠦᠬᠡ ᠠᠮᠠ ᠶᠢᠨ ᠬᠠᠷᠢᠶᠠᠲᠤ ᠬᠥᠳᠡᠯᠮᠦᠷᠢ ᠬᠦᠴᠦᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ 4.5% ᠪᠠᠶᠢᠪᠠ᠃ 31 ᠲᠣᠮᠣ ᠬᠤᠲᠠ ᠶᠢᠨ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠤᠷᠮ᠎ᠠ 5.0% ᠪᠠᠶᠢᠪᠠ᠃ ᠪᠦᠬᠦ ᠤᠯᠤᠰ ᠤᠨ ᠠᠵᠤ ᠠᠬᠤᠶᠢᠯᠠᠯ ᠤᠨ ᠠᠵᠢᠯ ᠣᠯᠤᠭᠰᠠᠳ ᠤᠨ ᠭᠠᠷᠠᠭ ᠤᠨ ᠳᠤᠮᠳᠠᠴᠢ ᠠᠵᠢᠯᠯᠠᠬᠤ ᠴᠠᠭ ᠨᠢ 48.5 ᠴᠠᠭ ᠪᠠᠶᠢᠪᠠ᠃    ᠳᠣᠯᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠪᠠ    4 ᠳ᠋ᠦ᠋ᠭᠡᠷ ᠰᠠᠷ᠎ᠠ ᠳᠤ᠂ ᠪᠦᠭᠦ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI ︶ ᠠᠲᠠᠯᠢ ᠬᠤᠭᠤᠴᠠᠭᠠᠨ ᠤ ᠬᠢ ᠠᠴᠠ 0.3% ᠪᠠᠷ ᠦᠰᠴᠦ᠂ ᠦᠰᠦᠯᠲᠡ ᠶᠢᠨ ᠬᠡᠮᠵᠢᠶ᠎ᠠ ᠨᠢ ᠳᠦᠷᠦᠭᠦᠦ ᠰᠠᠷ᠎ᠠ ᠶᠢᠨ ᠬᠢ ᠠᠴᠠ 0.2 ᠵᠠᠭᠤᠨ ᠤ ᠴᠡᠭ ᠦᠷᠭᠡᠳᠴᠡᠢ᠂ ᠭᠠᠷᠠᠬᠠᠨ ᠬᠠᠷᠢᠴᠠᠯ ᠨᠢ 0.1% ᠪᠠᠷ ᠨᠡᠮᠡᠭᠲᠡᠵᠦ᠂ ᠳᠦᠷᠦᠭᠦᠦ ᠰᠠᠷ᠎ᠠ ᠶᠢᠨ ᠬᠢ ᠠᠴᠠ 1.0% ᠪᠠᠷ ᠲᠤᠷᠤᠭᠰᠢᠯᠠᠵᠠᠢ᠃ ᠲᠦᠷᠦᠯ ᠵᠦᠢᠯ ᠬᠤᠪᠢᠶᠠᠪᠠᠯ᠂ ᠢᠳᠡᠭᠡᠨ ᠪᠠ ᠠᠷᠢᠬᠢ ᠲᠠᠮᠠᠬᠢᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 1.4% ᠪᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 1.6% ᠪᠠᠷ ᠥᠰᠴᠦ ᠂ ᠣᠷᠣᠨ ᠰᠠᠭᠤᠴᠠ ᠶᠢᠨ ᠦᠨ᠎ᠡ ᠬᠠᠩᠰᠢ 0.2% ᠢᠶᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 1.4% ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭᠠᠨ ᠤ ᠦᠨ᠎ᠡ ᠬᠠᠩᠰᠢ 0.1% ᠪᠠᠷ ᠥᠰᠴᠦ᠂ ᠰᠤᠷᠭᠠᠨ ᠬᠥᠮᠦᠵᠢᠯ ᠵᠤᠭ᠎ᠠ ᠴᠡᠩᠭᠡᠯ ᠤᠨ ᠦᠨ᠎ᠡ ᠬᠠᠩᠰᠢ 1.8% ᠪᠠᠷ ᠥᠰᠴᠦ᠂ ᠡᠮᠴᠢᠯᠡᠭᠡ ᠡᠷᠡᠭᠦᠯᠵᠢᠯ ᠤᠨ ᠦᠨ᠎ᠡ ᠬᠠᠩᠰᠢ 1.6% ᠪᠠᠷ ᠥᠰᠴᠦ᠂ ᠪᠤᠰᠤᠳ ᠬᠡᠷᠡᠭᠯᠡᠭᠡᠨ ᠤ ᠵᠦᠢᠯ ᠵᠢᠴᠢ ᠦᠢᠯᠡᠴᠢᠯᠡᠭᠡᠨ ᠤ ᠦᠨ᠎ᠡ 3.8% ᠪᠠᠷ ᠥᠰᠴᠡᠶ᠃ ᠢᠳᠡᠭᠡᠨ ᠪᠠ ᠠᠷᠢᠬᠢ ᠲᠠᠮᠠᠬᠢᠨ ᠤ ᠦᠨ᠎ᠡ ᠬᠠᠩᠰᠢ ᠳᠤ᠂ ᠰᠢᠨ᠎ᠡ ᠰᠣᠷᠭᠤᠭ ᠵᠢᠮᠢᠰ ᠤᠨ ᠦᠨ᠎ᠡ ᠬᠠᠩᠰᠢ 9.7% ᠪᠠᠷ ᠪᠠᠭᠤᠷᠠᠵᠤ᠂ ᠠᠮᠤ ᠪᠤᠳᠠᠭᠠᠨ ᠤ ᠦᠨ᠎ᠡ ᠬᠠᠩᠰᠢ 0.5% ᠪᠠᠷ ᠥᠰᠴᠦ᠂ ᠰᠢᠨ᠎ᠡ ᠰᠣᠷᠭᠤᠭ ᠨᠣᠭᠤᠭ᠎ᠠ ᠶᠢᠨ ᠦᠨ᠎ᠡ ᠬᠠᠩᠰᠢ 1.3% ᠪᠠᠷ ᠥᠰᠴᠦ᠂ ᠭᠠᠭ᠋ᠠᠶ ᠶᠢᠨ ᠮᠢᠬᠠᠨ ᠤ ᠦᠨ᠎ᠡ ᠬᠠᠩᠰᠢ 1.4% ᠪᠠᠷ ᠥᠰᠴᠡᠶ᠃ ᠢᠲᠡᠬᠡᠨ ᠤ ᠦᠨ᠎ᠡ ᠬᠠᠩᠰᠢ ᠶᠢ ᠬᠠᠰᠤᠭᠰᠠᠨ ᠤ ᠲᠠᠷᠠᠭᠠᠭᠢ ᠭᠤᠤᠯ CPI ᠨᠢ ᠠᠲᠠᠯᠢ ᠬᠤᠭᠤᠴᠠᠭᠠᠨ ᠤ ᠠᠴᠠ 0.7% ᠪᠠᠷ ᠦᠰᠴᠦ᠂ ᠦᠰᠦᠯᠲᠡ ᠶᠢᠨ ᠬᠡᠮᠵᠢᠶ᠎ᠠ ᠨᠢ ᠳᠦᠷᠦᠭᠦᠦ ᠰᠠᠷ᠎ᠠ ᠶᠢᠨ ᠬᠢ ᠠᠴᠠ 0.1 ᠵᠠᠭᠤᠨ ᠤ ᠴᠡᠭ ᠨᠡᠮᠡᠭᠲᠡᠵᠡᠢ᠃ 1 — 4 ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 0.1% ᠪᠠᠷ ᠥᠰᠴᠡᠢ᠃    4  ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ  ᠬᠠᠩᠰᠢ ᠠᠳᠠᠯᠢ ᠬᠤᠭᠤᠴᠠᠭᠠᠨ ᠤ ᠬᠢ ᠠᠴᠠ 2.5% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠰᠠᠷ᠎ᠠ ᠶᠢᠨ ᠬᠢ ᠠᠴᠠ 0.3 ᠵᠠᠭᠤᠨ ᠤ ᠴᠡᠭ ᠪᠠᠭᠠᠰᠪᠠ︔ ᠭᠠᠷᠠᠬᠠᠨ ᠬᠠᠷᠢᠴᠠᠯ ᠨᠢ 0.2% ᠢᠶᠠᠷ ᠪᠠᠭᠤᠷᠠᠪᠠ᠃ ᠪᠦᠬᠦ ᠤᠯᠤᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 3.0% ᠪᠠᠷ ᠳᠤᠷᠤᠭᠰᠢᠯᠠᠵᠠᠢ᠃ 1 — 4 ᠳ᠋ᠦ᠋ᠭᠡᠷ ᠰᠠᠷ᠎ᠠ ᠳᠤ᠂ ᠪᠦᠬᠦ ᠤᠯᠤᠰ ᠤᠨ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠪᠣᠯᠤᠨ ᠬᠤᠳᠠᠯᠳᠤᠨ ᠠᠪᠬᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 2.7% ᠪᠠ 3.3% ᠪᠠᠷ ᠪᠠᠭᠤᠷᠠᠪᠠ᠃    ᠶᠡᠷᠦᠩᠬᠡᠶ ᠳᠤ ᠨᠢ ᠠᠪᠴᠤ ᠦᠵᠡᠪᠡᠯ᠂ 4 ᠳ᠋ᠦ᠋ᠭᠡᠷ ᠰᠠᠷ᠎ᠠ ᠳᠤ ᠤᠯᠤᠰ ᠠᠷᠠᠳ ᠤᠨ ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠵᠤ᠂ ᠬᠡᠳᠦ᠋ᠢᠪᠡᠷ ᠬᠡᠰᠡᠭ ᠭᠦᠢᠴᠡᠳᠬᠡᠯ ᠲᠤᠭ᠎ᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠰᠠᠷ᠎ᠠ ᠠᠴᠠ ᠵᠦᠷᠢᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠰᠠᠭᠤᠷᠢ ᠲᠤᠭ᠎ᠠ ᠨᠡᠯᠢᠶᠡᠳ ᠳᠡᠭᠡᠳᠦ ᠵᠡᠷᠭᠡ ᠶᠢᠨ ᠬᠦᠴᠦᠨ ᠵᠦᠢᠯ ᠤᠨ ᠨᠥᠯᠥᠭᠡ ᠠᠴᠠ ᠪᠣᠯᠤᠭᠰᠠᠨ ᠨᠡᠮᠡᠭᠳᠡᠯ ᠤᠨ ᠬᠤᠷᠳᠤᠴᠠ ᠤᠳᠠᠭᠠᠰᠢᠷᠠᠭᠰᠠᠨ ᠪᠣᠯᠪᠠᠴᠤ ᠠᠵᠤ ᠦᠢᠯᠡᠳᠪᠦᠷᠢ ᠂ ᠭᠠᠳᠠᠭᠠᠳᠤ ᠭᠠᠷᠭᠠᠯᠲᠠ᠂ ᠠᠵᠢᠯ ᠣᠯᠭᠤᠯᠲᠠ᠂ ᠪᠠᠷᠠᠭᠠᠨ ᠤ ᠦᠨ᠎ᠡ ᠬᠠᠩᠰᠢ ᠵᠡᠷᠭᠡ ᠭᠤᠣᠯ ᠭᠦᠢᠴᠡᠳᠬᠡᠯ ᠲᠤᠭ᠎ᠠ ᠶᠡᠷᠦᠩᠬᠡᠢ ᠳᠤ ᠪᠠᠨ ᠰᠠᠶᠢᠵᠢᠷᠠᠵᠤ᠂ ᠰᠢᠨ᠎ᠡ ᠬᠥᠳᠡᠯᠭᠡᠭᠦ ᠬᠦᠴᠦᠨ ᠨᠡᠯᠢᠶᠡᠳ ᠲᠦᠷᠭᠡᠨ ᠦᠰᠦᠨ ᠪᠤᠶᠢᠵᠢᠵᠤ᠂ ᠤᠯᠤᠰ ᠠᠷᠠᠳ ᠤᠨ ᠠᠵᠤ ᠠᠬᠤᠶ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠵᠤ᠂ ᠢᠳᠡᠪᠬᠢᠲᠡᠢ ᠬᠦᠴᠦᠨ ᠵᠦᠢᠯ ᠣᠯᠠᠰᠢᠷᠠᠪᠠ᠃ ᠭᠡᠪᠡᠴᠦ ᠭᠠᠳᠠᠭᠠᠳᠤ ᠣᠷᠴᠢᠨ ᠨᠥᠬᠦᠴᠡᠯ ᠤᠨ ᠪᠤᠳᠤᠯᠢᠶᠠᠨᠲᠤ ᠴᠢᠨᠠᠷ᠂ ᠬᠠᠲᠠᠭᠤ ᠴᠢᠩᠭ᠎ᠠ ᠴᠢᠨᠠᠷ᠂ ᠲᠣᠭᠲᠠᠪᠤᠷᠢ ᠦᠭᠡᠢ ᠴᠢᠨᠠᠷ ᠢᠯᠡᠳᠲᠡ ᠳᠡᠭᠡᠭᠰᠢᠯᠡᠵᠦ᠂ ᠠᠵᠤ ᠠᠬᠤᠢ ᠦᠷᠭᠦᠯᠵᠢᠯᠡᠨ ᠰᠠᠶᠢᠵᠢᠷᠠᠬᠤ ᠶᠠᠪᠤᠳᠠᠯ ᠮᠥᠨ ᠬᠦ ᠮᠠᠰᠢ ᠤᠯᠠᠨ ᠬᠦᠴᠢᠷᠳᠡᠯ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠢᠭᠡᠨᠲᠡ ᠲᠣᠭᠲᠠᠭᠠᠭᠰᠠᠨ ᠬᠤᠷᠸ᠎ᠠ ᠲᠦᠷᠦ ᠶᠢᠨ ᠪᠤᠳᠤᠯᠭ᠎ᠠ ᠶᠢ ᠤᠷᠢᠳ ᠢᠶᠠᠷ ᠬᠦᠴᠦᠯᠡᠨ ᠪᠦᠲᠦᠮᠵᠢᠲᠡᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ