ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢ ᠭᠦᠨᠵᠡᠭᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠵᠤ᠂ ᠠᠵᠤ ᠠᠬᠤᠶᠢᠯᠠᠯ ᠣᠯᠠᠨ ᠲᠦᠮᠡᠨ ᠳᠤ ︽ᠲᠠᠨ ᠢ ᠳᠠᠭᠠᠭᠠᠴᠢᠯᠠᠨ ᠰᠡᠳᠬᠢᠯ ᠬᠠᠨᠤᠮᠵᠢᠲᠠᠶ ᠪᠠᠶᠢᠬᠤ︾ ᠶᠢ | ᠮᠡᠳᠡᠷᠡᠭᠦᠯᠬᠦ ᠶᠢᠨ ᠬᠠᠮᠲᠤ᠂ ︽ᠪᠠᠶ᠋ᠬᠠᠣᠪᠤᠭ᠎ᠠ ᠶᠢᠨ ᠳᠤᠯᠠᠭᠠᠨ ᠤ ᠬᠡᠮᠵᠢᠶ᠎ᠡ︾ ᠶᠢᠨ ︽ᠡᠭᠦᠯᠡᠨ ᠪᠤᠳᠤᠯᠲᠠ ᠶᠢᠨ ᠬᠤᠷᠳᠤᠴᠠ︾ ᠶᠢ ᠪᠡᠶᠡᠴᠢᠯᠡᠨ | ᠣᠶᠢᠯᠠᠭᠠᠭᠤᠯᠵᠤ᠂ ᠪᠠᠶ᠋ᠬᠠᠣᠪᠤᠭ᠎ᠠ ᠶᠢᠨ ᠠᠭᠤᠷᠬᠠᠶ ᠶᠢᠨ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠵᠤ᠂ ᠬᠠᠮᠢᠶ᠎ᠠ | ᠪᠥᠬᠦᠶ ᠬᠤᠷᠠᠯ ᠢᠶᠠᠷ ᠰᠤᠳᠤᠯᠤᠭᠠᠳ ᠨᠡᠶᠢᠲᠡ ᠳᠤ ᠥᠮᠴᠢᠯᠡᠭᠳᠡᠵᠦ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠨᠠᠩ ᠰᠠᠶᠢᠲᠤᠷ ᠤᠶᠢᠯᠠᠭᠠᠨ ᠡᠵᠡᠮᠰᠢᠬᠦ ᠶᠢᠨ | ᠲᠥᠯᠥᠭᠡ᠂ ᠡᠳᠦᠭᠡ ᠲᠥᠰᠦᠯ ᠤᠨ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠵᠢᠱᠢᠭᠰᠡᠨ ᠠᠵᠢᠯ ᠤᠨ ᠦᠷ᠎ᠡ ᠪᠦᠲᠦᠮᠵᠢ | ︵ᠨᠢᠭᠡ︶ ᠨᠢᠭᠡᠳᠦᠯᠲᠡᠢ ᠴᠣᠩᠬᠤᠪᠴᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠲᠠᠯ᠎ᠠ ᠪᠠᠷ | 1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶ ᠠᠬᠢᠭᠤᠯᠤᠨ᠎ᠠ᠃ ᠮᠠᠨ ᠤ | ᠣᠷᠣᠨ ᠤ 2024 ᠣᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠵᠤ ᠳᠠᠭᠤᠰᠬᠠᠬᠤ ᠶᠢ ᠲᠦᠷᠭᠡᠳᠬᠡᠵᠦ᠂ ᠡᠯ᠎ᠡ ᠰᠠᠯᠠᠭ᠎ᠠ ᠮᠥᠴᠢᠷ ᠪᠠ ᠨᠡᠶᠢᠭᠡᠮ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠬᠦ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠢᠯᠡ ᠨᠡᠶᠢᠲᠡᠯᠡᠵᠦ ᠢᠯᠡ ᠪᠣᠯᠭᠠᠨ᠎ᠠ᠃ | ᠵᠦᠢᠯᠡᠰ ᠤᠨ ᠨᠠᠷᠢᠨ ᠳᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠲᠤᠭ᠎ᠠ ᠪᠠᠷᠢᠮᠲᠠ ᠶᠢ ᠠᠳᠠᠯᠢ ᠢᠷᠡᠯᠲᠡ ᠲᠠᠢ᠂ ᠬᠥᠳᠡᠯᠦᠩᠭᠦᠶ ᠪᠠᠷ ᠰᠢᠨᠡᠳᠬᠡᠬᠦ᠂ ᠬᠤᠯᠪᠣᠭᠠᠯᠠᠨ ᠬᠥᠳᠡᠯᠦᠯᠴᠡᠵᠦ ᠬᠠᠮᠢᠶᠠᠷᠬᠤ ᠶᠢ ᠦᠨᠡᠨᠬᠦ ᠪᠠᠲᠤᠯᠠᠨ᠎ᠠ᠃ | 2. ᠤᠴᠢᠷ ᠶᠠᠪᠤᠳᠠᠯ ᠭᠦᠢᠴᠡᠳᠬᠡᠬᠦ ᠵᠦᠭᠯᠡᠭᠦᠷ ᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ᠂ | ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠳᠤ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠤᠨ ᠦᠢᠯᠡᠴᠢᠯᠡᠭᠡᠨ ᠤ | ᠭᠠᠷ ᠳᠡᠪᠲᠡᠷ ᠪᠠ ᠥᠨᠳᠥᠷ ᠳᠠᠪᠲᠠᠮᠵᠢᠲᠤ ᠵᠦᠢᠯᠡᠰ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠬᠤᠶᠠᠷ ᠬᠡᠮᠵᠢᠯᠳᠦ ᠺᠣᠳ᠋ ᠢ ᠲᠠᠯᠪᠢᠵᠤ᠂ ᠠᠵᠢᠯ ᠶᠠᠪᠤᠳᠠᠯ | ᠭᠦᠢᠴᠡᠳᠭᠡᠬᠦ ᠵᠦᠭᠯᠡᠭᠦᠷ ᠢ ᠭᠠᠷ ᠤᠨ ᠠᠶ᠎ᠠ ᠪᠠᠷ ᠣᠯᠵᠤ᠂ ᠠᠵᠢᠯ ᠶᠠᠪᠤᠳᠠᠯ ᠭᠦᠢᠴᠡᠳᠭᠡᠬᠦ ᠵᠦᠢᠯᠡᠰ ᠢ ᠲᠣᠪ ᠲᠣᠳᠣᠷᠬᠠᠶ ᠪᠣᠯᠭᠠᠪᠠ᠃ ᠡᠯ᠎ᠡ ᠰᠠᠯᠠᠭ᠎ᠠ ᠮᠥᠴᠢᠷ᠂ | ᠡᠯ᠎ᠡ ᠨᠡᠶᠢᠭᠡᠮ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠥᠨᠳᠥᠷ ᠳᠠᠪᠲᠠᠮᠵᠢᠲᠤ ᠠᠵᠢᠯ ᠶᠠᠪᠤᠳᠠᠯ ᠭᠦᠢᠴᠡᠳᠬᠡᠬᠦ | ᠵᠦᠭᠯᠡᠭᠦᠷ ᠢ ᠤᠯᠠᠮ ᠨᠢᠭᠡ ᠠᠯᠬᠤᠮ ᠨᠠᠷᠢᠯᠢᠭ ᠰᠢᠯᠢᠳᠡᠭᠵᠢᠭᠦᠯᠵᠦ᠂ ᠠᠵᠤ ᠠᠬᠤᠶᠢᠯᠠᠯ᠂ ᠣᠯᠠᠨ ᠲᠦᠮᠡᠨ ᠤ ᠵᠣᠭᠰᠣᠴᠠ ᠠᠴᠠ᠂ ᠶᠠᠷᠰᠢᠭᠲᠠᠶ ᠮᠥᠷᠲᠡᠭᠡᠨ | ᠲᠥᠬᠦᠮ ᠪᠣᠯᠭᠠᠵᠤ᠂ ᠲᠥᠬᠦᠮ ᠣᠶᠢᠯᠠᠭᠠᠮᠵᠢᠲᠠᠶ ᠦᠭᠡ ᠬᠡᠯᠡ᠂ ᠲᠥᠬᠦᠮ ᠣᠶᠢᠯᠠᠭᠠᠮᠵᠢᠲᠠᠶ ᠵᠢᠷᠤᠭ ᠵᠢᠱᠢᠶ᠎ᠡ᠂ ᠠᠮᠢᠳᠤ ᠴᠣᠪᠣᠭᠤᠯᠢᠭ ᠲᠠᠶᠢᠯᠤᠮᠵᠢ ᠪᠠᠷ | ᠣᠷᠣᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠶᠠᠷᠢᠶᠠᠨ ᠤ ᠬᠡᠪᠯᠡᠯ︾᠂ ︽ᠵᠢᠷᠤᠭ ᠵᠢᠱᠢᠶ᠎ᠡ ᠶᠢᠨ ᠬᠡᠪᠯᠡᠯ︾᠂ ︽ | ᠬᠠᠷᠠᠭᠠᠨ ᠳᠠᠪᠲᠠᠮᠵᠢ ᠶᠢᠨ ᠬᠡᠪᠯᠡᠯ︾ ᠠᠵᠢᠯ ᠶᠠᠪᠤᠳᠠᠯ ᠭᠦᠢᠴᠡᠳᠬᠡᠬᠦ ᠵᠢᠭᠠᠯᠲᠠ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠡᠮᠦᠨᠡᠲᠦ ᠣᠷᠣᠨ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ᠂ ᠤᠯᠠᠨ ᠲᠦᠮᠡᠨ ᠤ ︽ᠰᠠᠭᠤᠷᠢ ᠦᠭᠡᠢ︾ ᠶᠢ ᠣᠯᠵᠤ ᠬᠠᠷᠠᠪᠠᠯ ᠣᠶᠢᠯᠠᠭᠠᠵᠤ᠂ | ︽ᠠᠰᠠᠭᠤᠨ ᠯᠠᠪᠯᠠᠬᠤ ᠦᠭᠡᠢ︾ ᠶᠢ ᠲᠠᠭᠯᠠᠭᠠᠳ ᠵᠥᠪ ᠪᠠᠶᠢᠵᠤ᠂ ︽ᠬᠠᠷᠰᠢ ᠰᠠᠭᠠᠳ ᠦᠭᠡᠢ︾ ᠭᠡᠳᠡᠭ ᠢ ᠭᠤᠶᠤᠴᠢᠯᠠᠭᠰᠠᠭᠠᠷ ᠢᠷᠡᠪᠡ᠃ | 3. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠭᠤᠯᠪᠠᠰᠤ ᠵᠣᠬᠢᠬᠤ ᠶᠢ ᠨᠢ ᠵᠠᠪᠠᠯ ᠣᠷᠣᠭᠤᠯᠬᠤ︾ ᠶᠢ ᠪᠡᠶᠡᠯᠡᠭᠦᠯᠦᠨ᠎ᠡ᠃ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠦᠨᠳᠦᠰᠦᠯᠡᠨ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠪᠠ ︽ᠣᠷᠣᠭᠤᠯᠬᠤ | ᠶᠣᠰᠣᠲᠠᠶ ᠶᠢ ᠨᠢ ᠵᠠᠪᠠᠯ ᠣᠷᠣᠭᠤᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ 2024 ᠬᠡᠪᠯᠡᠯ ᠤᠨ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ | ︾ ᠵᠦᠢᠯᠡᠰ ᠤᠨ ᠨᠠᠷᠢᠨ ᠲᠠᠩᠰᠠ ᠶᠢ ᠡᠮᠬᠢᠯᠡᠬᠦ ᠶᠢᠨ ᠬᠠᠮᠲᠤ ᠵᠠᠷᠯᠠᠨ ᠨᠡᠶᠢᠲᠡᠯᠡᠵᠦ᠂ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | 1005 ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠥᠪᠯᠡᠷᠡᠭᠦᠯᠦᠨ ᠭᠦᠢᠴᠡᠳᠬᠡᠵᠦ᠂ ᠵᠥᠪᠰᠢᠶᠡᠷᠡᠯ ᠦᠭᠡᠢ ᠪᠠᠷ ᠶᠡᠭᠡ ᠲᠢᠩᠬᠢᠮ ᠠᠴᠠ ᠭᠠᠳᠠᠨ᠎ᠠ ᠭᠥᠯᠢᠶᠡᠨ | ᠠᠪᠴᠤ ᠰᠢᠢᠳᠪᠦᠷᠢᠯᠡᠵᠦ ᠪᠣᠯᠬᠤ ᠦᠭᠡᠢ᠂ ︽ᠵᠦᠢᠯᠡᠰ ᠢ ᠭᠠᠵᠠᠷ ᠲᠤ ᠣᠷᠣᠭᠤᠯᠬᠤ᠂ ᠬᠢᠨᠠᠨ ᠵᠥᠪᠰᠢᠶᠡᠷᠡᠵᠦ ᠡᠷᠬᠡ ᠣᠯᠭᠤᠯᠲᠠ ᠶᠢ ᠪᠣᠳᠠᠲᠠᠶᠢᠵᠢᠭᠤᠯᠬᠤ᠂ | ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠦᠨ᠎ᠡ᠃ | 4. ︽ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠰᠢᠨ᠎ᠡ ᠪᠠᠷ ᠴᠢᠩᠭᠠᠷᠠᠭᠤᠯᠬᠤ ᠦᠭᠡᠢ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠᠯᠳᠤᠭ᠎ᠠ ᠡᠷᠬᠢᠯᠡᠬᠦ ᠠᠯᠪᠠᠨ ᠭᠡᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ᠠᠯᠲᠠᠨ ᠮᠧᠳᠠᠯ ᠤᠨ ᠠᠯᠪᠠᠨ ᠤ ᠬᠤᠳᠠᠯᠳᠤᠭᠠᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠢ ᠨᠢᠭᠡᠳᠦᠯᠲᠡᠶ ᠲᠥᠯᠥᠪᠯᠡᠨ | ᠪᠠᠶᠢᠭᠤᠯᠵᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠥᠷᠥ ᠶᠢᠨ ᠪᠣᠳᠣᠯᠭ᠎ᠠ ᠶᠢᠨ ᠯᠠᠪᠯᠠᠯᠲᠠ᠂ ᠵᠥᠪᠳᠡᠯᠴᠡᠨ ᠵᠥᠪᠳᠡᠯᠴᠡᠬᠦ᠂ ᠬᠠᠪᠰᠤᠷᠤᠨ ᠭᠦᠢᠴᠡᠳᠬᠡᠬᠦ | ᠵᠡᠷᠭᠡ ᠣᠯᠠᠨ ᠶᠠᠩᠵᠤ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ︔ ᠭᠤᠣᠯᠳᠠᠯᠭ᠎ᠠ ᠲᠠᠢ ᠲᠥᠷᠥᠯ ᠵᠦᠢᠯ ᠢ ᠬᠢᠨᠠᠨ ᠵᠥᠪᠰᠢᠶᠡᠷᠡᠬᠦ ︽ᠭᠤᠷᠪᠠ ᠶᠢ | ᠳᠠᠭᠠᠭᠠᠴᠢᠯᠠᠭᠤᠯᠵᠤ ᠨᠢᠭᠡ ᠶᠢ ᠳᠠᠭᠠᠭᠠᠴᠢᠯᠠᠭᠤᠯᠬᠤ︾ ᠬᠠᠪᠰᠤᠷᠤᠨ ᠭᠦᠢᠴᠡᠳᠬᠡᠬᠦ ᠡᠷᠴᠢᠮ ᠢ ᠴᠢᠩᠭᠠᠷᠠᠭᠤᠯᠵᠤ᠂ ᠲᠥᠷᠥᠯ ᠵᠦᠢᠯ ᠤᠨ ᠭᠠᠷᠳᠠᠮ ᠢ | ᠭᠦᠢᠴᠡᠳᠬᠡᠬᠦ ᠬᠤᠷᠳᠤᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠴᠤᠪᠤᠷᠠᠯ ᠵᠢᠷᠤᠭ᠂ ᠲᠥᠷᠥ ᠶᠢᠨ | ᠪᠣᠳᠣᠯᠭ᠎ᠠ ᠶᠢᠨ ᠲᠣᠮᠣ ᠪᠡᠯᠡᠭ ᠵᠡᠷᠭᠡ ᠮᠡᠳᠡᠭᠡ ᠵᠠᠩᠭᠢ ᠶᠢ ᠦᠢᠯᠡᠴᠢᠯᠡᠭᠡᠨ ᠤ ᠲᠣᠭᠤᠷᠢᠭ ᠲᠤ ᠢᠯᠡ ᠪᠣᠯᠭᠠᠬᠤ ᠪᠠᠷ ᠳᠠᠮᠵᠢᠭᠤᠯᠤᠨ᠂ ᠠᠵᠢᠯᠲᠠᠨ ᠤ ᠠᠷᠤ | ᠲᠠᠪᠴᠠᠩ ᠳᠤ ᠤᠷᠢᠳᠴᠢᠯᠠᠨ ᠦᠢᠯᠡᠴᠢᠯᠡᠬᠦ ᠠᠷᠭ᠎ᠠ ᠶᠢ ᠪᠠᠲᠤᠯᠠᠵᠤ᠂ ᠨᠢᠭᠡᠨᠲᠡ ᠡᠷᠬᠢᠯᠡᠭᠰᠡᠨ ᠠᠵᠤ ᠠᠬᠤᠶᠢᠯᠠᠯ ᠤᠨ ᠤᠲᠠᠰᠤ ᠪᠠᠷ ᠬᠠᠷᠢᠭᠤ ᠰᠤᠷᠪᠤᠯᠵᠢᠯᠠᠬᠤ | ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠵᠦ ᠣᠷᠣᠯᠠᠨ ᠭᠦᠢᠴᠡᠳᠬᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠡᠯ᠎ᠡ ᠰᠠᠯᠠᠭ᠎ᠠ ᠮᠥᠴᠢᠷ᠂ ᠡᠯ᠎ᠡ ᠨᠡᠶᠢᠭᠡᠮ ᠲᠣᠭᠤᠷᠢᠭ ᠤᠨ ᠣᠯᠠᠨ ᠲᠦᠮᠡᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ︽ᠲᠢᠩᠬᠢᠮ ᠤᠨ ᠳᠣᠲᠣᠷᠠᠬᠢ | ᠬᠠᠪᠰᠤᠷᠤᠨ ᠭᠦᠶ᠋ᠴᠡᠳᠬᠡᠬᠦ ᠦᠶ᠋ᠯᠡᠴᠢᠯᠡᠭᠡᠨ ᠤ ᠲᠢᠩᠬᠢᠮ ᠤᠨ ᠭᠠᠳᠠᠨ᠎ᠠ ᠨᠡᠭᠦᠳᠡᠯ ᠦᠶ᠋ᠯᠡᠴᠢᠯᠡᠭᠡ︾ ᠶᠢᠨ ᠠᠵᠢᠯ ᠤᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ | ᠂ ᠰᠦᠶ᠋ᠳᠬᠡᠯ ᠬᠤᠷᠢᠶᠠᠬᠤ ᠥᠬᠡᠶ ᠪᠠᠷ ᠬᠡᠷ ᠲᠤᠨᠢ ᠬᠦᠷᠴᠦ ᠦᠶ᠋ᠯᠡᠴᠢᠯᠡᠬᠦ᠂ ᠬᠡᠷ ᠲᠤᠨᠢ ᠰᠠᠭᠤᠵᠤ ᠦᠶ᠋ᠯᠡᠴᠢᠯᠡᠬᠦ ᠶᠢ ᠥᠷᠨᠢᠭᠦᠯᠵᠦ᠂ ᠣᠯᠠᠨ ᠲᠦᠮᠡᠨ ᠤ ᠠᠵᠢᠯ | ᠶᠠᠪᠤᠳᠠᠯ ᠭᠦᠶ᠋ᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠬᠢᠷᠢ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠪᠦᠲᠦᠮᠵᠢᠲᠡᠶ ᠳᠠᠶᠢᠴᠢᠯᠠᠪᠠ᠃ | ︵ᠬᠤᠶᠠᠷ︶ ᠴᠣᠩᠬᠤᠪᠴᠢ ᠶᠢᠨ ᠠᠵᠢᠯᠳᠡᠨ ᠤ ᠬᠠᠮᠢᠶᠡᠷᠦᠯᠳᠡ ᠶᠢ ᠴᠢᠩᠭᠠᠷᠡᠭᠤᠯᠵᠦ᠂ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠬᠦ ᠭᠡᠷᠡᠭᠳᠡᠢ᠃ | 1. ᠴᠣᠩᠬᠤᠪᠴᠢ ᠶᠢᠨ ᠠᠵᠢᠯᠲᠠᠨ ᠤ ᠲᠣᠬᠢᠷᠠᠭᠤᠯᠤᠯᠲᠠ ᠶᠢ ᠵᠢᠷᠤᠮᠵᠢᠭᠤᠯᠬᠤ ᠬᠡᠷᠡᠭᠲᠡᠶ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ | ᠰᠠᠯᠠᠭ᠎ᠠ ᠮᠥᠴᠢᠷ ᠤᠨ ᠳᠣᠲᠣᠭᠠᠳᠤ ᠳᠤ ᠲᠤᠬᠠᠶᠢᠯᠠᠭᠰᠠᠨ ᠠᠵᠢᠯ ᠤᠨ ᠠᠵᠢᠯᠲᠠᠨ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠴᠣᠩᠬᠤᠪᠴᠢ ᠶᠢᠨ | ᠲᠤᠰᠬᠠᠶ ᠮᠡᠷᠭᠡᠵᠢᠯ ᠤᠨ ᠠᠵᠢᠯᠲᠠᠨ ᠢ ᠪᠦᠷᠢᠨ ᠳᠣᠭᠢᠷᠠᠭᠤᠯᠤᠨ ᠬᠦᠴᠦᠷᠬᠡᠭᠵᠢᠭᠦᠯᠵᠦ᠂ ᠲᠤᠰᠬᠠᠶᠢᠵᠢᠭᠰᠠᠨ ᠠᠵᠢᠯᠲᠠᠨ ᠤ ᠡᠩᠨᠡᠭᠡ ᠶᠢ ᠪᠠᠶᠢᠭᠤᠯᠬᠤ ᠶᠢᠨ ᠬᠠᠮᠲᠤ | ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ᠂ ᠲᠠᠰ ᠳᠡᠪᠰᠢᠬᠦ ᠵᠡᠷᠭᠡ ᠲᠠᠯ᠎ᠠ ᠪᠠᠷ ᠴᠣᠩᠬᠤᠪᠴᠢ ᠶᠢᠨ ᠠᠵᠢᠯᠲᠠᠨ ᠳᠠᠰᠢ ᠬᠡᠯᠪᠠᠶᠢᠯᠭᠡᠨ᠎ᠡ᠃ | ᠴᠣᠩᠬᠤᠪᠴᠢ ᠠᠵᠢᠯᠲᠠᠨ ᠢ ᠤᠷᠢᠨ ᠬᠡᠷᠡᠭᠯᠡᠬᠦ ᠳᠡᠰ ᠳᠠᠷᠠᠭᠠᠯᠠᠯ ᠢ ᠴᠢᠩᠳᠠᠯᠠᠵᠤ᠂ ᠰᠢᠯᠢᠭᠳᠡᠭᠦᠯᠬᠦ ᠠᠵᠢᠯ ᠤᠨ ᠠᠮᠵᠢᠯᠲᠠ ᠪᠦᠲᠦᠮᠵᠢ ᠪᠠᠷ ᠠᠨᠠᠶ ᠪᠠ ᠠᠵᠢᠯ ᠤᠨ | ᠪᠠᠶᠢᠷᠢ ᠶᠢᠨ ᠠᠵᠢᠯᠲᠠᠨ ᠢ ᠡᠭᠦᠷᠭᠡᠯᠡᠵᠦ ᠳᠡᠶᠢᠯᠬᠦ ᠦᠭᠡᠶ ᠪᠣᠯᠭᠠᠨ᠎ᠠ᠃ | ᠪᠣᠯᠪᠠᠰᠤᠷᠠᠭᠤᠯᠤᠯ ᠬᠠᠮᠢᠶᠠᠷᠤᠯᠲᠠ ᠶᠢᠨ ᠳᠦᠷᠢᠮ ᠢ ᠵᠢᠷᠤᠮᠵᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠠᠵᠢᠯᠲᠠᠨ ᠤ ᠠᠵᠢᠯ ᠮᠡᠷᠭᠡᠵᠢᠯ ᠤᠨ ᠡᠷᠡᠭᠦᠯ ᠢᠶᠠᠷ ᠬᠥᠭᠵᠢᠬᠦ ᠶᠢ ᠴᠢᠬᠤᠯᠠᠴᠢᠯᠠᠵᠤ᠂ ᠶᠡᠷᠦᠩᠬᠡᠶᠢᠯᠡᠭᠰᠡᠨ | ᠴᠣᠩᠬᠤᠪᠴᠢ ᠶᠢᠨ ᠠᠵᠢᠯᠲᠠᠳ ᠢ ᠵᠣᠬᠢᠶᠠᠨ ᠪᠠᠶᠢᠭᠤᠯᠤᠨ ᠤᠯᠤᠰ ᠤᠨ ︽ᠵᠠᠰᠠᠭ ᠵᠠᠬᠢᠷᠭᠠᠨ ᠤ ᠠᠵᠢᠯᠯᠠᠭᠴᠢ︾ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠰᠢᠯᠭᠠᠯᠲᠠ ᠳᠤ ᠣᠷᠣᠯᠴᠠᠭᠤᠯᠵᠤ᠂ ᠪᠥᠬᠦ ᠠᠵᠢᠯᠲᠠᠨ ᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠬᠤ ᠶᠢ ᠪᠡᠶᠡᠯᠡᠭᠦᠯᠦᠨ᠂ ᠶᠡᠭᠡ | ᠲᠢᠩᠬᠢᠮ ᠳᠤ ᠣᠷᠣᠬᠤ ᠠᠵᠢᠯᠲᠠᠨ ᠤ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠰᠢᠯᠭᠠᠨ ᠦᠨᠡᠯᠡᠯᠲᠡ ᠶᠢ ᠴᠢᠩᠭᠠᠳᠬᠠᠨ᠎ᠠ᠃ | 3. ᠴᠣᠩᠬᠤᠪᠴᠢ ᠶᠢᠨ ᠠᠵᠢᠯᠲᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠣᠩᠬᠤᠪᠴᠢ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠥᠨᠳᠥᠷ ᠬᠡᠪ ᠪᠣᠯᠪᠠᠰᠤᠷᠠᠯ ᠲᠠᠢ᠂ ᠬᠠᠮ | ᠬᠡᠯᠪᠡᠷᠢ ᠶᠢᠨ ᠴᠣᠩᠬᠤᠪᠴᠢ ᠶᠢᠨ ᠠᠵᠢᠯᠲᠠᠨ ᠤ ᠡᠩᠨᠡᠭᠡ ᠶᠢ ᠪᠠᠶᠢᠭᠤᠯᠬᠤ ᠶᠢ ᠴᠢᠩᠭᠠᠳᠬᠠᠨ᠂ ︽ᠨᠢᠭᠡ ᠴᠣᠩᠬᠤᠪᠴᠢ ᠪᠠᠷ ᠲᠣᠳᠣᠷᠬᠠᠶᠢᠯᠠᠵᠤ︾᠂ ︽ᠨᠢᠭᠡ | ᠴᠣᠩᠬᠤᠪᠴᠢ ᠮᠠᠶ᠋ᠢᠭ︾ ᠢᠶᠠᠷ ᠭᠦᠢᠴᠡᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ︽ᠬᠡᠯᠬᠢᠶ᠎ᠡ︾ ᠦᠢᠯᠡᠴᠢᠯᠡᠭᠡ ᠶᠢ ᠭᠦᠢᠴᠡᠳᠬᠡᠵᠦ᠂ ᠪᠥᠬᠦ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠩᠨᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | 4. ᠰᠢᠯᠭᠠᠨ ᠬᠢᠨᠠᠵᠤ ᠱᠠᠩᠨᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠳᠤ ᠭᠠᠷᠬᠤ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢᠲᠠᠨ ᠢ ᠣᠷᠣᠭᠤᠯᠵᠤ ᠢᠷᠡᠬᠦ᠂ ᠬᠥᠮᠦᠵᠢᠭᠦᠯᠬᠦ᠂ ᠰᠢᠯᠢᠨ ᠳᠡᠪᠰᠢᠭᠦᠯᠬᠦ ᠪᠠ ᠦᠨᠡᠯᠡᠬᠦ ᠲᠣᠭᠲᠠᠴᠠ ᠶᠢᠨ | ᠰᠢᠨ᠎ᠡ ᠶᠢ ᠡᠭᠦᠳᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠰᠬᠠᠶᠢᠵᠢᠭᠰᠠᠨ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠤᠨ᠎ᠠ᠃ | 5. ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ᠃ ᠴᠣᠩᠬᠤᠪᠴᠢ ᠵᠢᠴᠢ ᠠᠷᠤ ᠲᠠᠪᠴᠠᠩ ᠤᠨ ᠵᠦᠢᠯᠡᠰ ᠲᠤ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠬᠢᠨᠠᠯᠲᠠ ᠬᠠᠮᠢᠶᠠᠷᠤᠯᠲᠠ᠂ ᠴᠠᠭ ᠲᠤᠬᠠᠶ ᠳᠤ ᠨᠢ ᠪᠦᠷᠢᠳᠬᠡᠬᠦ᠂ ᠡᠬᠢ ᠡᠭᠦᠰᠦᠯ ᠢ ᠨᠢ ᠪᠠᠶᠢᠴᠠᠭᠠᠵᠤ ᠪᠣᠯᠬᠤ ᠨᠢᠭᠡᠳᠦᠯᠲᠡᠶ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠦᠨᠳᠦᠰᠦᠯᠡᠯ ᠪᠣᠯᠭᠠᠨ᠎ᠠ᠃ ︵ᠭᠤᠷᠪᠠ︶ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ | ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠣᠷᠣᠨ ᠪᠠᠶᠢᠭᠤᠯᠵᠤ᠃ ᠲᠣᠭᠤᠷᠢᠭ ᠤᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠥᠪ ᠲᠤ | ᠣᠯᠠᠨ ᠰᠠᠯᠠᠭ᠎ᠠ ᠮᠥᠴᠢᠷ ᠢᠶᠠᠷ ᠪᠦᠷᠢᠯᠳᠦᠭᠰᠡᠨ ᠠᠵᠤ ᠠᠬᠤᠶᠢᠯᠠᠯ ᠤᠨ ᠦᠶ᠋ᠯᠡᠴᠢᠯᠡᠭᠡᠨ ᠤ ᠲᠤᠰᠬᠠᠶ ᠲᠣᠭᠤᠷᠢᠭ ᠢ ᠪᠠᠶᠢᠭᠤᠯᠵᠤ᠂ ᠰᠠᠯᠠᠭ᠎ᠠ ᠮᠥᠴᠢᠷ ᠤᠨ | ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠦᠶ᠋ᠯᠡᠴᠢᠯᠡᠭᠡᠨ ᠤ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ | ᠥᠭᠬᠦ᠂ ᠵᠥᠪᠳᠡᠯᠴᠡᠨ ᠵᠥᠪᠳᠡᠯᠴᠡᠬᠦ᠂ ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠵᠡᠷᠭᠡ ᠣᠯᠠᠨ ᠶᠠᠩᠵᠤ ᠶᠢᠨ ᠵᠠᠰᠠᠭ ᠤᠨ ᠶᠠᠪᠤᠳᠠᠯ ᠤᠨ | ᠦᠶ᠋ᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠲᠤᠰᠬᠠᠭᠰᠠᠨ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠠᠵᠢᠯ ᠶᠠᠪᠤᠳᠠᠯ | ᠭᠦᠶ᠋ᠴᠡᠳᠬᠡᠬᠦ ᠳᠤ ᠴᠢᠭᠯᠡᠭᠦᠯᠦᠭᠰᠡᠨ ᠲᠤᠭ᠎ᠠ ᠪᠠᠷᠢᠮᠲᠠ ᠶᠢᠨ ᠵᠠᠳᠠᠯᠤᠯᠲᠠ ᠰᠤᠳᠤᠯᠭᠠᠨ ᠢ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠠᠪᠴᠠᠩ ᠤᠨ ᠲᠤᠭ᠎ᠠ ᠪᠠᠷᠢᠮᠲᠠ ᠶᠢᠨ ᠴᠤᠭᠯᠠᠷᠠᠯ ᠤᠨ ᠳᠠᠪᠠᠭᠤᠯᠢᠭ ᠢ | ᠪᠠᠳᠠᠷᠠᠭᠤᠯᠤᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠭ᠎ᠠ ᠪᠠᠷᠢᠮᠲᠠ ᠶᠢᠨ ᠵᠠᠳᠠᠯᠤᠯᠲᠠ ᠰᠤᠳᠤᠯᠭᠠᠨ ᠤ ᠮᠡᠳᠡᠭᠦᠯᠦᠯᠲᠡ ᠶᠢ ᠪᠦᠷᠢᠯᠳᠦᠭᠦᠯᠵᠦ᠂ | ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠴᠢᠬᠤᠯᠠ ᠯᠠᠪᠯᠠᠯᠲᠠ ᠬᠠᠩᠭᠠᠪᠠ᠃ | |