ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠮᠡᠳᠡᠭᠡ ᠵᠠᠩᠭᠢ | ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠵᠥᠪᠰᠢᠶᠡᠷᠡᠭᠰᠡᠨ ︽ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠪᠠᠶ᠋ᠬᠠᠤᠪᠤᠭ᠎ᠠ | ᠠᠭᠤᠷᠬᠠᠶ ᠶᠢᠨ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ ︽ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶ᠋ᠯ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ ︵ᠳᠣᠷᠣᠭᠰᠢ ︽ᠲᠣᠭᠤᠷᠢᠭ ᠤᠨ | ᠤᠰᠤᠨ ᠤ ᠶᠠᠪᠤᠳᠠᠯ ᠤᠨ ᠲᠣᠪᠴᠢᠶ᠎ᠠ︾ ᠭᠡᠵᠦ ᠲᠣᠪᠴᠢᠯᠠᠨ᠎ᠠ︶ ᠪᠣᠯ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ | ᠵᠢᠩᠬᠢᠨᠢ ᠰᠠᠯᠠᠭᠠᠨ ᠲᠠᠰ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠫᠠᠶᠢᠰᠠ ᠶᠢ | ᠨᠡᠮᠡᠵᠦ ᠡᠯᠭᠦᠵᠦ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠢ ᠨᠢᠭᠡᠳᠦᠯᠲᠡᠶ | ᠬᠠᠮᠢᠶᠠᠷᠬᠤ ᠪᠠ ᠵᠣᠬᠢᠴᠠᠭᠤᠯᠤᠨ᠎ᠠ᠃ | ᠭᠤᠷᠪᠠᠳᠤᠭᠠᠷ ᠵᠦᠶ᠋ᠯ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤᠨ ᠠᠰᠢᠭᠯᠠᠯᠲᠠ ᠶᠢᠨ ᠠᠵᠢᠯ᠂ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠠᠵᠢᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠶ ᠨᠠᠮ ᠤᠨ ᠲᠥᠪ | ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠪᠤᠭᠤᠲᠤ ᠬᠤᠲᠠ ᠶᠢᠨ | ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ | ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠤᠰᠤᠨ ᠠᠰᠢᠭᠯᠠᠯᠲᠠ ᠶᠢᠨ ᠠᠵᠢᠯ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ | ᠣᠷᠣᠨ ᠮᠠᠯᠴᠢᠨ ᠲᠠᠷᠢᠶᠠᠴᠢᠨ︾ ᠤ ᠠᠵᠢᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠶ | ᠨᠠᠮ ᠤᠨ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ ᠬᠠᠷᠢᠭᠤᠴᠠᠨ᠎ᠠ᠃ ᠪᠦᠬᠦ ᠣᠷᠣᠨ ᠤ ᠤᠰᠤᠨ | ᠠᠰᠢᠭᠯᠠᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠦᠬᠦ ᠣᠷᠣᠨ ᠤ ᠤᠰᠤᠨ ᠤ ᠡᠬᠢ ᠪᠠᠶᠠᠯᠢᠭ ᠤᠨ | ᠲᠥᠯᠥᠪᠵᠢᠭᠦᠯᠭᠡ᠂ ᠴᠢᠬᠤᠯᠠ ᠭᠤᠣᠯ ᠮᠥᠷᠡᠨ ᠤ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ | ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | ︵ᠬᠤᠶᠠᠷ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠬᠡᠷᠡᠭᠯᠡᠬᠦ ᠶᠢ ᠨᠢᠭᠡᠳᠦᠯᠲᠡᠢ | ᠲᠥᠯᠥᠪᠵᠢᠭᠦᠯᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠣᠷᠣᠨ ᠤ ᠤᠰᠤᠨ ᠤ | ᠳᠤᠮᠳᠠ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ | ᠶᠡᠭᠡ ᠤᠰᠤ ᠲᠠᠲᠠᠬᠤ ᠢᠨᠵᠧᠨᠧᠷᠢᠩ ᠪᠣᠯᠤᠨ ᠣᠨᠴᠠ ᠲᠣᠭᠲᠠᠭᠰᠠᠨ ᠪᠠᠶᠢᠳᠠᠯ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠳᠤ ᠤᠰᠤ ᠠᠪᠬᠤ | ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠵᠤ᠂ ᠤᠰᠤᠨ ᠤ ᠡᠬᠢ ᠰᠤᠷᠪᠤᠯᠵᠢ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠤᠲᠠ ᠶᠢᠨ ᠤᠰᠤ ᠬᠠᠩᠭᠠᠬᠤ | ᠠᠵᠢᠯ ᠢ ᠬᠢᠨᠠᠨ ᠬᠠᠮᠢᠶᠠᠷᠴᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠲᠣᠭᠲᠠᠭᠠᠯ ᠶᠣᠰᠣᠭᠠᠷ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠵᠣᠬᠢᠶᠠᠨ | ᠪᠠᠶᠢᠭᠤᠯᠵᠤ᠂ ᠬᠢᠨᠠᠯᠲᠠ ᠲᠠᠯᠪᠢᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠪᠠᠶ᠋ᠬᠠᠣᠪᠤᠭ᠎ᠠ | ᠠᠭᠤᠷᠬᠠᠢ ᠶᠢᠨ ᠲᠣᠭᠤᠷᠢᠭ ᠤᠨ ᠡᠳ᠋ ᠤᠨ ᠵᠠᠰᠠᠭ ᠤᠨ ᠴᠢᠨᠠᠷᠲᠠᠶ ᠤᠰᠤᠨ ᠠᠰᠢᠭᠯᠠᠯᠲᠠ ᠶᠢᠨ ᠪᠡᠯᠡ ᠮᠥᠩᠭᠦ ᠶᠢ ᠲᠣᠬᠢᠷᠠᠭᠤᠯᠬᠤ ᠰᠠᠨᠠᠯ ᠢ ᠳᠤᠷᠠᠳᠴᠤ᠂ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ | ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠥᠷᠥᠯ ᠵᠦᠢᠯ ᠢ ᠬᠢᠨᠠᠨ ᠵᠥᠪᠰᠢᠶᠡᠷᠡᠵᠦ ᠬᠠᠷᠭᠤᠭᠤᠯᠤᠨ᠎ᠠ᠃ | ︵ᠲᠦᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠶᠢ | ᠵᠢᠯᠣᠭᠤᠳᠴᠤ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠬᠠᠷᠢᠭᠤᠴᠠᠨ᠎ᠠ᠃ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠤᠭᠤᠬᠤ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠤᠰᠤ ᠠᠪᠴᠤ ᠬᠡᠷᠡᠭᠯᠡᠬᠦ ᠶᠢ ᠬᠢᠨᠠᠨ ᠰᠢᠨᠵᠢᠬᠦ ᠶᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠤ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠵᠦ᠂ ᠲᠣᠭᠲᠠᠭᠠᠯ ᠶᠣᠰᠣᠭᠠᠷ ᠤᠰᠤᠨ ᠤ ᠡᠬᠢ | ᠪᠠᠶᠠᠯᠢᠭ ᠢ ᠪᠠᠶᠢᠴᠠᠭᠠᠨ ᠦᠨᠡᠯᠡᠬᠦ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠲᠠᠪᠤ︶ ᠤᠰᠤ ᠶᠢ ᠠᠷᠪᠢᠯᠠᠨ ᠭᠠᠮᠨᠠᠬᠤ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ | ᠬᠤᠯᠪᠣᠭᠳᠠᠯ ᠪᠦᠬᠦᠢ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠡᠷᠭᠡ | ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠲᠥᠯᠥᠪᠵᠢᠭᠦᠯᠭᠡ ᠶᠢᠨ ᠣᠷᠣᠨ ᠤ ᠤᠰᠤ ᠶᠢ ᠲᠥᠯᠥᠪᠯᠡᠭᠡ ᠲᠠᠢ ᠪᠠᠷ | ᠬᠡᠷᠡᠭᠯᠡᠬᠦ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ ᠠᠬᠢᠭᠤᠯᠤᠨ᠎ᠠ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠳᠠᠭᠠᠤ ᠶᠢᠨ ᠬᠠᠮᠢᠶᠠᠷᠤᠯᠲᠠ᠂ ᠬᠠᠮᠠᠭᠠᠯᠠᠯᠲᠠ ᠬᠢᠭᠡᠳ | ᠶᠡᠷᠦᠩᠬᠡᠶᠢᠯᠡᠭᠰᠡᠨ ᠠᠰᠢᠭᠯᠠᠯᠲᠠ ᠶᠢ ᠵᠢᠯᠣᠭᠤᠳᠤᠨ᠎ᠠ᠃ ᠪᠦᠬᠦ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠰᠦᠯᠵᠢᠶᠡᠨ ᠤ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠦᠬᠦ ᠣᠷᠣᠨ ᠤ ᠴᠢᠬᠤᠯᠠ ᠭᠤᠣᠯ ᠮᠥᠷᠡᠨ ᠢ ᠵᠠᠰᠠᠬᠤ᠂ ᠨᠡᠭᠡᠭᠡᠨ ᠠᠰᠢᠭᠯᠠᠬᠤ ᠪᠠ | ᠬᠠᠮᠠᠭᠠᠯᠠᠬᠤ ᠶᠢ ᠵᠢᠯᠣᠭᠤᠳᠤᠨ᠎ᠠ᠃ | ︵ᠳᠤᠯᠤᠭ᠎ᠠ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ | ᠬᠢᠨᠠᠯᠲᠠ ᠲᠠᠯᠪᠢᠨ᠎ᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠵᠢᠯᠣᠭᠤᠳᠴᠤ᠂ | ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ | ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ ᠤᠰᠤ ᠭᠠᠩ ᠤᠨ ᠭᠠᠮᠰᠢᠭ ᠢ ᠰᠡᠷᠭᠡᠶᠢᠯᠡᠬᠦ | ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠶ᠃ ᠪᠤᠭᠤᠲᠤ | ᠬᠤᠲᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠥᠷᠥᠯ ᠲᠣᠭᠲᠠᠭᠠᠭᠰᠠᠨ ᠦᠶ᠋ᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ | ᠬᠥᠷᠥᠰᠥ ᠰᠢᠷᠣᠶ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠤᠤᠯᠳᠠᠯᠭ᠎ᠠ ᠲᠠᠢ ᠬᠥᠷᠥᠰᠥ ᠰᠢᠷᠣᠶ ᠶᠢ ᠬᠠᠮᠠᠭᠠᠯᠠᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠪᠥᠬᠦ ᠣᠷᠣᠨ ᠤ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠪᠠᠶᠢᠴᠠᠭᠠᠨ ᠰᠢᠶ᠋ᠳᠪᠦᠷᠢᠯᠡᠬᠦ ᠶᠢ | ᠬᠠᠷᠢᠭᠤᠴᠠᠵᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠤᠰᠤᠨ | ᠴᠥᠭᠦᠷᠥᠮ ᠵᠡᠷᠭᠡ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠡᠯᠡᠳᠬᠡᠮᠵᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠠᠷᠪᠠ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠭᠠᠳᠠᠭᠠᠳᠤ ᠶᠠᠪᠤᠳᠠᠯ ᠤᠨ ᠠᠵᠢᠯ ᠢ ᠥᠷᠨᠢᠭᠦᠯᠦᠨ᠎ᠡ᠃ ᠪᠤᠭᠤᠲᠤ | ᠬᠤᠲᠠ ᠶᠢᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠲᠦᠷᠢᠮ ᠲᠣᠭᠲᠠᠭᠠᠯ ᠤᠨ ᠵᠢᠷᠤᠮᠵᠢᠯ ᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠤᠰᠤᠨ ᠠᠰᠢᠭᠯᠠᠯᠲᠠ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠤᠳᠤᠯᠬᠤ | ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠪᠦᠷᠢᠨᠰᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰᠴᠢᠯᠡᠨ ᠡᠵᠡᠩᠨᠡᠬᠦ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠠᠵᠤ ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠣᠯᠤᠨ ᠠᠵᠤ ᠦᠢᠯᠡᠰᠵᠢᠭᠦᠯᠦᠯᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ | ︵ᠠᠷᠪᠠᠨ ᠬᠤᠶᠠᠷ︶ ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ | ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠨᠡᠷᠡᠲᠦ | ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ᠂ ᠲᠠᠷᠢᠶᠠᠯᠠᠩ ᠮᠠᠯ ᠠᠵᠤ | ᠠᠬᠤᠶ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ | ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ ᠲᠠᠷᠢᠵᠤ ᠤᠷᠭᠤᠭᠤᠯᠬᠤ ᠦᠢᠯᠡᠰ᠂ ᠮᠠᠯ ᠠᠵᠤ ᠠᠬᠤᠶ ᠵᠡᠷᠭᠡ ᠡᠯ᠎ᠡ ᠠᠵᠤ ᠦᠢᠯᠡᠰ ᠤᠨ ᠵᠢᠭᠠᠨ | ᠵᠢᠯᠣᠭᠤᠳᠴᠤ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠮᠢᠬᠠᠨ ᠤ ᠲᠥᠷᠥᠯ᠂ ᠰᠦ ᠶᠢᠨ ᠦᠢᠯᠡᠰ᠂ ᠢᠳᠡᠰᠢᠨ ᠨᠣᠭᠤᠭ᠎ᠠ᠂ | ᠲᠡᠵᠢᠭᠡᠯ ᠪᠣᠷᠳᠤᠭ᠎ᠠ ᠵᠡᠷᠭᠡ ᠭᠤᠤᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ᠂ ᠪᠠᠶᠢᠷᠢᠰᠢᠭᠤᠯᠤᠯ ᠢ ᠰᠢᠯᠢᠳᠡᠭᠵᠢᠭᠦᠯᠬᠦ᠂ ᠠᠵᠤ ᠦᠢᠯᠡᠰ ᠤᠨ ᠳᠡᠰ ᠳᠡᠪᠰᠢᠬᠦ ᠶᠢ ᠬᠥᠲᠥᠯᠥᠨ ᠵᠢᠯᠣᠭᠤᠳᠤᠨ᠎ᠠ | ᠃ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠭᠤᠷᠪᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠡᠮᠵᠢᠬᠦ ᠪᠠ | ᠲᠦᠭᠰᠢᠭᠦᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ | ᠠᠶᠤᠯ ᠦᠭᠡᠶ ᠶᠢᠨ ᠪᠠᠶᠢᠳᠠᠯ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠶᠠᠰᠤ ᠴᠢᠨᠠᠷ ᠤᠨ ᠠᠶᠤᠯ ᠦᠭᠡᠶ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠯᠭᠠᠨ | ᠪᠠᠶᠢᠴᠠᠭᠠᠵᠤ ᠰᠢᠯᠭᠠᠨ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ | ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠤᠷᠳᠠᠭᠳᠠᠯ ᠥᠬᠡᠶ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠵᠢᠴᠢ ᠭᠠᠵᠠᠷ | ᠵᠦᠶ ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠳᠥᠷᠪᠡ︶ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠡᠷᠡᠭᠰᠡᠯ ᠪᠣᠯᠤᠨ ᠣᠷᠣᠭᠤᠯᠤᠯᠲᠠ ᠶᠢᠨ | ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠡᠷᠡᠭᠰᠡᠯ ᠪᠣᠯᠤᠨ | ᠣᠷᠣᠭᠤᠯᠤᠯᠲᠠ ᠶᠢᠨ ᠡᠳ᠋ ᠤᠨ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠲᠠᠷᠢᠮᠠᠯ᠂ ᠲᠠᠷᠢᠶᠠᠯᠠᠩ ᠮᠠᠯ ᠠᠵᠤ | ᠠᠬᠤᠶ ᠶᠢᠨ ᠦᠷ᠎ᠡ︶ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ ᠮᠠᠯ ᠤᠨ ᠡᠮ᠂ ᠲᠡᠵᠢᠭᠡᠯ ᠪᠣᠷᠳᠤᠭ᠎ᠠ ᠨᠡᠮᠡᠬᠦ ᠡᠮ ᠢ ᠦᠶᠢᠯᠡᠳᠪᠦᠷᠢᠯᠡᠵᠦ | ᠪᠣᠷᠣᠯᠠᠭᠤᠯᠬᠤ ᠶᠢ ᠬᠢᠨᠠᠵᠤ ᠬᠠᠮᠢᠶᠠᠷᠬᠤ ᠪᠠ ᠬᠢᠨᠠᠵᠤ ᠬᠠᠮᠢᠶᠠᠷᠤᠨ᠎ᠠ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠨ ᠡᠮ᠂ ᠮᠠᠯ ᠤᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠢ | ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠲᠠᠷᠢᠮᠠᠯ ᠪᠣᠯᠤᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠤ ᠬᠢᠵᠢᠭ | ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ | ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ ᠶᠢ ᠬᠠᠷᠢᠭᠤᠴᠠᠵᠤ᠂ | ᠪᠡᠯᠡᠳᠬᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠣᠷᠴᠢᠯ ᠲᠠᠷᠢᠶᠠᠯᠠᠩ ᠮᠠᠯ ᠠᠵᠤ ᠠᠬᠤᠶ ᠵᠡᠷᠭᠡ ᠶᠢᠨ ᠬᠥᠭᠵᠢᠯᠲᠡ ᠶᠢ ᠵᠢᠯᠣᠭᠤᠳᠤᠨ᠎ᠠ᠃ | ᠲᠠᠷᠢᠮᠠᠯ ᠪᠣᠯᠤᠨ ᠲᠡᠵᠢᠭᠡᠯ ᠡᠪᠡᠰᠦᠨ ᠤ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠵᠡᠷᠭᠡ ᠶᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ | ᠤᠷᠭᠤᠮᠠᠯ ᠤᠨ ᠬᠢᠵᠢᠭ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠠᠮᠢᠲᠠᠨ ᠤᠷᠭᠤᠮᠠᠯ ᠤᠨ ᠬᠢᠵᠢᠭ | ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ᠂ ᠭᠡᠨᠡᠳᠲᠡ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ | ᠠᠷᠭᠠᠴᠠᠨ ᠰᠢᠶ᠋ᠳᠪᠦᠷᠢᠯᠡᠬᠦ ᠠᠵᠢᠯ ᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ | ᠢᠷᠡᠭᠰᠡᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ ᠮᠠᠯ ᠤᠨ ᠡᠮ ᠪᠣᠯᠤᠨ | ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠨᠡᠶᠢᠲᠡᠯᠡᠵᠦ᠂ ᠦᠷ᠎ᠡ᠂ | ᠲᠠᠷᠢᠶᠠᠨ ᠡᠮ᠂ ᠮᠠᠯ ᠤᠨ ᠡᠮ᠂ ᠲᠡᠵᠢᠭᠡᠯ ᠡᠪᠡᠰᠦ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠪᠠ ᠰᠢᠯᠵᠢᠭᠦᠯᠦᠨ ᠥᠭᠬᠦ ᠠᠵᠢᠯ ᠢ | ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ | ᠰᠠᠨᠠᠭᠤᠯᠭ᠎ᠠ ᠳᠤᠷᠠᠳᠴᠤ᠂ ᠪᠠᠴᠢᠮ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠰᠡᠷᠭᠦᠭᠡᠯᠲᠡ ᠶᠢ ᠵᠣᠬᠢᠴᠠᠭᠤᠯᠤᠨ | ᠵᠢᠯᠣᠭᠤᠳᠤᠨ᠎ᠠ᠃ | ︵ᠠᠷᠪᠠᠨ ᠳᠣᠯᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠵᠤ ᠪᠡᠯᠡ | ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠳᠡᠭᠡᠳᠦ ᠱᠠᠲᠤᠨ ᠤ ᠡᠳ᠋ ᠤᠨ ᠵᠠᠰᠠᠭ ᠠᠴᠠ | ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠵᠥᠪᠰᠢᠶᠡᠷᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠨᠠᠶᠢᠮᠠ︶ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠪᠣᠯᠤᠨ | ᠲᠥᠷᠥ ᠶᠢᠨ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠤᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠲᠠᠷᠢᠶᠠᠯᠠᠩ ᠮᠠᠯ ᠠᠵᠤ ᠠᠬᠤᠶ ᠶᠢᠨ | ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ | ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠠᠵᠤ ᠦᠶᠢᠯᠡᠰᠵᠢᠭᠰᠡᠨ ᠳᠠᠭᠠᠭᠤᠯᠤᠭᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠤᠷᠭᠠᠨ ᠬᠥᠮᠦᠵᠢᠯ ᠪᠠ | ᠨᠡᠭᠡᠭᠡᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠠᠵᠢᠯ ᠢ ᠲᠦᠷᠦᠭᠦᠯᠡᠨ | ᠥᠷᠨᠢᠭᠦᠯᠦᠨ᠎ᠡ᠃ | ︵ᠠᠷᠪᠠ ᠶᠢᠰᠦ︶ ᠮᠠᠨ ᠤ ᠣᠷᠣᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ᠂ ᠳᠦᠷᠢᠮ ᠪᠣᠯᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ | ︵ᠬᠤᠷᠢᠨ︶ ᠪᠦᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠴᠤ᠂ ᠬᠠᠮᠢᠶ᠎ᠠ ᠪᠦᠬᠦᠢ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ | ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠪᠦᠲᠦᠭᠡᠨ ᠪᠠᠶᠢᠭᠤᠯᠤᠯᠲᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠬᠠᠮᠵᠢᠯᠴᠠᠵᠤ ᠪᠠᠶᠢᠭᠠᠳ ᠵᠠᠰᠠᠮᠠᠯ ᠵᠠᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠶᠢᠨ ᠵᠦᠢᠯᠡᠰ᠂ | ᠰᠦᠢᠳᠬᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠶ᠃ ᠬᠠᠮᠵᠢᠯᠴᠠᠨ ᠲᠣᠬᠢᠷᠠᠭᠤᠯᠵᠤ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡ᠂ ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ | ᠵᠠᠮ ᠤᠨ ᠲᠣᠣᠷ ᠢ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠨ᠎ᠡ᠃ | ︵ᠬᠤᠷᠢᠨ ᠬᠤᠶᠠᠷ︶ ᠪᠦᠬᠦ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ | ᠬᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠤᠰᠢᠭᠤ ᠰᠢᠶᠠᠨ ᠲᠣᠭᠤᠷᠢᠭ ᠤᠨ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢ | ᠰᠠᠶᠢᠲᠤᠷ ᠬᠢᠵᠦ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠲᠠᠯᠠᠪᠤᠷ | ᠥᠷᠲᠡᠭᠡ ᠶᠢᠨ ᠡᠵᠡᠩᠨᠡᠯᠲᠡ᠂ ᠮᠠᠰᠢᠨᠲᠤ ᠲᠡᠷᠭᠡ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠶᠢᠨ ᠶᠡᠷᠦᠩᠬᠡᠶᠢᠯᠡᠭᠰᠡᠨ ᠴᠢᠳᠠᠮᠵᠢ ᠶᠢ | ᠪᠠᠶᠢᠴᠠᠭᠠᠨ ᠬᠡᠮᠵᠢᠬᠦ᠂ ᠮᠠᠰᠢᠨᠲᠤ ᠲᠡᠷᠭᠡᠨ ᠤ ᠵᠢᠯᠣᠭᠤᠴᠢ ᠶᠢᠨ ᠪᠣᠯᠪᠠᠰᠤᠷᠠᠭᠤᠯᠤᠯ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ ᠠᠵᠢᠯ ᠢ ᠵᠣᠬᠢᠴᠠᠭᠤᠯᠤᠨ | ᠰᠠᠶᠢᠲᠤᠷ ᠬᠢᠬᠦ ᠬᠡᠷᠡᠭᠲᠡᠶ᠃ ᠨᠡᠶᠢᠲᠡ ᠶᠢᠨ ᠮᠠᠰᠢᠨ ᠲᠡᠷᠭᠡᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠲᠡᠷᠭᠡ | ᠪᠣᠯᠵᠣᠬᠤ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ︵ᠬᠤᠷᠢᠨ ᠭᠤᠷᠪᠠᠨ︶ ᠪᠦᠬᠦ ᠣᠷᠣᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠵᠠᠰᠠᠮᠠᠯ ᠵᠠᠮ ᠤᠨ ᠠᠶᠤᠯ ᠦᠭᠡᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ᠂ ᠪᠠᠴᠢᠮ ᠶᠠᠭᠠᠷᠠᠯᠲᠠᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ | ᠃ ᠬᠠᠤᠯᠢ ᠶᠣᠰᠣᠭᠠᠷ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ᠃ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠵᠠᠰᠠᠮᠠᠯ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠵᠠᠰᠠᠮᠠᠯ ᠵᠠᠮ ᠤᠨ ᠠᠵᠢᠯ | ᠲᠥᠷᠥᠯ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ᠃ | ︵ᠬᠤᠷᠢᠨ ᠳᠥᠷᠪᠡᠨ︶ ᠪᠦᠬᠦ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠢ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ | ᠠᠬᠤᠶ ᠶᠢᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠰᠡᠷᠭᠦᠭᠡᠯᠲᠡ ᠶᠢᠨ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠭᠠᠵᠠᠷ ᠪᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ | ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠬᠢᠨᠠᠨ ᠬᠡᠮᠵᠢᠬᠦ ᠪᠠ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠷᠢᠨ ᠲᠠᠪᠤᠨ︶ ᠪᠥᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ | ᠰᠡᠷᠭᠦᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠮᠢ ᠠᠬᠤᠶ ᠶᠢᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠰᠡᠷᠭᠦᠭᠡᠯᠲᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ | ᠂ ᠲᠠᠸᠠᠷ ᠤᠨ ᠣᠶ ᠶᠢ ᠪᠤᠶᠢᠵᠢᠭᠤᠯᠤᠨ ᠡᠵᠡᠩᠨᠡᠬᠦ᠂ ᠬᠠᠮᠢᠶᠠᠷᠬᠤ ᠠᠵᠢᠯ ᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠵᠤ ᠡᠪᠡᠰᠦ | ᠲᠠᠷᠢᠬᠤ ᠵᠡᠷᠭᠡ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠬᠥᠨᠥᠭᠡᠯᠲᠡᠶ | ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠬᠢᠵᠢᠭ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | ︵ᠬᠤᠷᠢᠨ ᠵᠢᠷᠭᠤᠭᠠᠨ︶ ᠪᠦᠬᠦ ᠣᠷᠣᠨ ᠤ ᠣᠶ ᠰᠢᠭᠤᠶ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠣᠶᠢᠲᠤ ᠭᠠᠵᠠᠷ ᠢ ᠬᠠᠮᠢᠶᠠᠷᠬᠤ ᠶᠢ ᠬᠠᠷᠢᠭᠤᠴᠠᠵᠤ᠂ ᠣᠶᠢᠲᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠣᠶ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠨᠤᠲᠤᠭ | ᠪᠡᠯᠴᠢᠭᠡᠷ ᠤᠨ ᠠᠮᠢ ᠠᠬᠤᠶ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠨᠤᠲᠤᠭ ᠪᠡᠯᠴᠢᠭᠡᠷ᠂ ᠨᠤᠭᠤ ᠭᠠᠵᠠᠷ ᠢ ᠨᠡᠭᠡᠭᠡᠨ ᠠᠰᠢᠭᠯᠠᠬᠤ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠪᠦᠬᠦ ᠣᠷᠣᠨ ᠤ ᠴᠥᠯᠡᠷᠬᠡᠭᠵᠢᠯ ᠢ ᠰᠡᠷᠭᠡᠶᠢᠯᠡᠨ ᠵᠠᠰᠠᠬᠤ ᠠᠵᠢᠯ᠂ ᠡᠬᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠢᠨᠠᠯᠲᠠ | ᠬᠠᠮᠢᠶᠠᠷᠤᠯᠲᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | ︵ᠬᠤᠷᠢᠨ ᠳᠣᠯᠤᠭ᠎ᠠ︶ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ | ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ | ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠠᠵᠢᠯ ᠢ ᠵᠢᠯᠣᠭᠤᠳᠤᠨ ᠥᠷᠨᠢᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ᠂ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠴᠢᠬᠤᠯᠠ ᠲᠠᠢ ᠦᠶ᠎ᠡ ᠳᠤ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠵᠦ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃ | ︵ᠬᠤᠷᠢᠨ ᠨᠠᠶᠢᠮᠠ︶ ᠪᠥᠬᠦ ᠣᠷᠣᠨ ᠤ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠬᠢᠨᠠᠨ | ᠬᠠᠮᠢᠶᠠᠷᠤᠨ᠎ᠠ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠦᠨ᠎ᠡ᠃ ᠣᠶ ᠰᠢᠭᠤᠶ | ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ | ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠥᠭᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ | ᠰᠢᠭᠤᠶ ᠪᠣᠯᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠬᠡᠷᠡᠭᠲᠡᠶ᠃ | ︵ᠬᠤᠷᠢ ᠶᠢᠰᠦ︶ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ ᠬᠥᠮᠦᠵᠢᠯ ᠪᠣᠯᠤᠨ | ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠶ ᠰᠢᠭᠤᠶ ᠪᠠ | ᠨᠤᠲᠤᠭ ᠪᠡᠯᠴᠢᠭᠡᠷ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ | ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠣᠯᠠᠨ ᠤᠯᠤᠰ ᠤᠨ ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠭᠤᠴᠢᠨ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠭᠤᠴᠢᠨ ᠨᠢᠭᠡᠨ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ | 1. ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠬᠠᠮᠠᠭᠠᠯᠠᠬᠤ ᠶᠢ ᠦᠨᠡᠨᠬᠦ | ᠴᠢᠩᠭᠠᠳᠬᠠᠨ᠎ᠠ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠪᠠᠶᠢᠭᠰᠠᠨ ᠠᠴᠠ ᠪᠠᠨ ᠬᠡᠷᠡᠭᠴᠡᠭᠡ ᠶᠢᠨ | ᠬᠠᠮᠢᠶᠠᠷᠤᠯᠲᠠ ᠶᠢ ᠨᠡᠩ ᠢᠯᠡᠭᠦᠦ ᠴᠢᠬᠤᠯᠠᠴᠢᠯᠠᠵᠤ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠲᠡᠰᠢ ᠰᠢᠯᠵᠢᠪᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ᠂ ᠤᠰᠤᠨ ᠣᠷᠣᠨ | ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ | ᠪᠥᠭᠡᠳ ᠦᠵᠡᠰᠬᠦᠯᠡᠩᠲᠦ ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠤᠰᠤ ᠬᠡᠷᠡᠭᠯᠡᠬᠦ | ᠵᠦᠢ ᠵᠣᠬᠢᠰᠲᠠᠶ ᠬᠡᠷᠡᠭᠴᠡᠭᠡ ᠪᠣᠯᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ | ᠤᠰᠤᠨ ᠤ ᠠᠶᠤᠯ ᠦᠭᠡᠶ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ | 2. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠪᠠ ᠬᠠᠮᠢᠶ᠎ᠠ ᠪᠦᠬᠦᠢ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ᠂ ᠣᠷᠣᠭᠤᠯᠤᠯᠲᠠ ᠶᠢᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠬᠠᠮᠤᠭ ᠤᠨ ᠴᠢᠩᠭ᠎ᠠ | ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ | ᠪᠠᠷᠢᠮᠲᠠᠯᠠᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ | ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠬᠢᠵᠠᠭᠠᠷᠯᠠᠬᠤ ᠬᠡᠷᠡᠭᠲᠡᠶ᠃ | 3. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ ᠶᠢ | ᠪᠠᠭᠠᠰᠬᠠᠨ᠂ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠬᠠᠤᠯᠢ ᠪᠠ ᠲᠣᠭᠲᠠᠭᠠᠯ ᠶᠣᠰᠣᠭᠠᠷ ᠤᠯᠠᠮ ᠨᠢᠭᠡ ᠠᠯᠬᠤᠮ ᠳᠣᠷᠣᠭᠰᠢ ᠪᠠᠭᠤᠯᠭᠠᠵᠤ᠂ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠪᠠ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠦᠨ᠎ᠡ᠃ | 4. ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠦᠨᠡᠨᠬᠦ ᠨᠡᠮᠡᠭᠳᠡᠭᠦᠯᠵᠦ᠂ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ | ᠰᠡᠯᠪᠢᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠠᠮᠢ | ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ | ︵ᠭᠤᠴᠢᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠦᠶᠡᠷ ᠤᠨ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠪᠣᠳᠠᠲᠠᠢ ᠬᠡᠷᠡᠭᠵᠢᠭᠦᠯᠬᠦ ᠶᠢ ᠵᠢᠯᠣᠭᠤᠳᠴᠤ᠂ ᠳᠡᠭᠡᠳᠦ ᠱᠠᠲᠤᠨ ᠤ ᠰᠡᠷᠭᠡᠶᠢᠯᠡᠨ ᠬᠠᠮᠠᠭᠠᠯᠠᠬᠤ | ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠤᠰᠤᠨ ᠤ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ | ᠪᠣᠳᠠᠲᠠᠶ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠵᠦ᠂ ᠴᠢᠬᠤᠯᠠ ᠪᠠᠶᠢᠳᠠᠯ ᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ | ᠴᠠᠭ ᠲᠤᠬᠠᠶ ᠳᠤᠨᠢ ᠮᠡᠳᠡᠭᠦᠯᠦᠨ᠎ᠡ᠃ ᠴᠢᠬᠤᠯᠠ ᠭᠤᠤᠯ ᠮᠥᠷᠡᠨ ᠪᠠ ᠴᠢᠬᠤᠯᠠ ᠤᠰᠤᠨ ᠵᠠᠮ ᠤᠨ ᠦᠶᠡᠷ ᠤᠨ ᠤᠰᠤ ᠶᠢ ᠡᠰᠡᠷᠭᠦᠴᠡᠨ ᠭᠠᠩ ᠲᠠᠢ ᠲᠡᠮᠡᠴᠡᠬᠦ ᠶᠢ | ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ | ᠳᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠦᠶᠡᠷ ᠢ ᠰᠡᠷᠭᠡᠶᠢᠯᠡᠬᠦ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠪᠠᠶ ᠶᠦᠨ ᠠᠭᠤᠷᠬᠠᠶ ᠶᠢᠨ ᠣᠷᠣᠨ ᠤ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ | ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ ᠰᠡᠷᠭᠡᠶᠢᠯᠡᠵᠦ ᠴᠠᠭᠳᠠᠨ ᠬᠠᠮᠠᠭᠠᠯᠠᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠰᠡᠷᠭᠡᠶᠢᠯᠡᠬᠦ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠨᠢ ᠦᠶᠡᠷ ᠤᠨ ᠭᠠᠩ ᠬᠠᠭᠰᠠᠷᠠᠭᠠᠨ ᠤ ᠭᠠᠮᠰᠢᠭ ᠪᠣᠯᠤᠨ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠠᠶᠤᠯ ᠭᠠᠮᠰᠢᠭ ᠠᠴᠠ | ᠠᠪᠤᠷᠠᠬᠤ ᠠᠵᠢᠯ ᠢ ᠬᠠᠷᠢᠭᠤᠴᠠᠬᠤ ᠬᠡᠷᠡᠭᠲᠡᠶ᠃ | 2. ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠢᠳᠡᠭᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠠᠷᠢᠵᠤ ᠲᠡᠵᠢᠭᠡᠨ | ᠦᠷᠡᠵᠢᠭᠦᠯᠬᠦ ᠭᠤᠭᠴᠤᠭ᠎ᠠ ᠠᠴᠠ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠡᠳ᠋ᠰᠢᠭᠦᠯᠬᠦ ᠠᠵᠤ | ᠠᠬᠤᠶᠢᠯᠠᠯ ᠳᠤ ᠣᠷᠣᠬᠤ ᠠᠴᠠ ᠡᠮᠦᠨᠡᠬᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠰᠢᠨ ᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ | ᠡᠳ᠋ᠰᠢᠭᠦᠯᠬᠦ ᠠᠵᠤ ᠠᠬᠤᠶᠢᠯᠠᠯ ᠳᠤ ᠣᠷᠣᠭᠤᠯᠤᠭᠰᠠᠨ ᠤ ᠳᠠᠷᠠᠭ᠎ᠠ᠂ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠯᠲᠠ | ᠲᠠᠯᠪᠢᠵᠤ ᠬᠠᠮᠢᠶᠠᠷᠤᠨ᠎ᠠ᠃ ︵2︶ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ᠂ ᠮᠠᠯ ᠵᠢᠭᠦᠷᠲᠡᠨ ᠨᠢᠲᠤᠯᠬᠤ ᠭᠤᠭᠴᠤᠭ᠎ᠠ᠂ ᠲᠦᠭᠦᠬᠡᠶ ᠰᠦ᠋ ᠬᠤᠳᠠᠯᠳᠤᠨ ᠠᠪᠬᠤ ᠵᠠᠩᠭᠢᠯᠠᠭ᠎ᠠ ᠶᠢᠨ ᠶᠠᠰᠤ ᠴᠢᠨᠠᠷ ᠤᠨ ᠠᠶᠤᠯ ᠦᠭᠡᠶ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵3︶ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠮᠠᠯ ᠤᠨ ᠡᠮ᠂ ᠲᠡᠵᠢᠭᠡᠯ ᠪᠣᠷᠳᠤᠭ᠎ᠠ᠂ ᠲᠡᠵᠢᠭᠡᠯ | ᠪᠣᠷᠳᠣᠭᠠᠨ ᠤ ᠨᠡᠮᠡᠯᠲᠡ ᠡᠳ᠋ ᠪᠣᠯᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠲᠠᠷᠢᠶᠠᠨ ᠡᠮ᠂ ᠪᠣᠷᠳᠣᠭᠤᠷ ᠵᠡᠷᠭᠡ ᠪᠤᠰᠤᠳ ᠲᠠᠷᠢᠶᠠᠯᠠᠩ ᠤᠨ | ᠣᠷᠣᠭᠤᠯᠤᠯᠲᠠ ᠶᠢᠨ ᠶᠠᠰᠤ ᠴᠢᠨᠠᠷ ᠵᠢᠴᠢ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ︵4︶ ᠬᠤᠶᠠᠷ ᠰᠠᠯᠠᠭ᠎ᠠ ᠮᠥᠴᠢᠷ ᠤᠳ | ᠢᠳᠡᠭᠡᠨ ᠤ ᠠᠮᠤᠷ ᠲᠦᠪᠰᠢᠨ ᠤ ᠭᠠᠷᠤᠯᠲᠠ ᠶᠢᠨ ᠣᠷᠣᠨ ᠠᠴᠠ ᠭᠠᠷᠭᠠᠬᠤ ᠶᠢ ᠵᠥᠪᠰᠢᠶᠡᠷᠡᠬᠦ᠂ ᠵᠠᠬ᠎ᠠ ᠳᠡᠯᠭᠡᠭᠦᠷ ᠲᠤ ᠣᠷᠣᠭᠤᠯᠬᠤ ᠶᠢ ᠵᠥᠪᠰᠢᠶᠡᠷᠡᠬᠦ ᠪᠠ | ᠮᠥᠷᠳᠡᠨ ᠤᠬᠤᠴᠢᠯᠠᠬᠤ ᠲᠣᠭᠲᠠᠴᠠ ᠶᠢ ᠪᠠᠶᠢᠭᠤᠯᠤᠨ᠂ ᠵᠣᠬᠢᠴᠠᠭᠤᠯᠤᠨ ᠬᠠᠮᠵᠢᠯᠴᠠᠬᠤ ᠪᠠ ᠠᠵᠢᠯ ᠤᠨ ᠵᠣᠯᠭᠠᠭᠤᠯᠬᠤ ᠪᠠᠨ ᠴᠢᠩᠭᠠᠳᠬᠠᠵᠤ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠤᠶ ᠪᠣᠯᠭᠠᠨ᠎ᠠ᠃ | 3. ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠯᠦᠭᠡ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠣᠷᠣᠨ ᠤ ᠤᠰᠤᠨ ᠤ | ᠶᠠᠪᠤᠳᠠᠯ ᠤᠨ ᠲᠣᠪᠴᠢᠶ᠎ᠠ ᠠᠴᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ᠂ ᠬᠡᠪᠴᠢᠶ᠎ᠡ ᠶᠣᠰᠣᠭᠠᠷ | ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠪᠠᠷᠢᠯᠭ᠎ᠠ ᠶᠢᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢᠨ | ᠠᠵᠢᠯ ᠲᠥᠷᠥᠯ ᠤᠨ ᠬᠢᠨ ᠤ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠨ᠎ᠠ᠃ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠳᠡᠭᠡᠭᠰᠢ ᠮᠡᠳᠡᠭᠦᠯᠬᠦ ᠪᠤᠶᠤ ᠬᠢᠨᠠᠨ ᠵᠥᠪᠰᠢᠶᠡᠷᠡᠵᠦ | ᠬᠠᠷᠭᠤᠭᠤᠯᠬᠤ ᠶᠢ ᠬᠠᠷᠢᠭᠤᠴᠠᠨ᠎ᠠ᠃ | 4. ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠤᠰᠤ ᠬᠠᠩᠭᠠᠬᠤ ᠤᠰᠤ ᠳᠠᠮᠵᠢᠭᠤᠯᠬᠤ ᠬᠤᠭᠤᠯᠠᠶ ᠪᠣᠯᠤᠨ ᠬᠤᠲᠠ ᠶᠢᠨ ᠲᠣᠭᠤᠷᠢᠭ ᠤᠨ | ᠤᠰᠤ ᠬᠠᠩᠭᠠᠬᠤ ᠬᠤᠭᠤᠯᠠᠶ ᠶᠢᠨ ᠲᠣᠤᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠣᠬᠢᠷ ᠤᠰᠤ ᠶᠢ ᠰᠢᠢᠳᠪᠦᠷᠢᠯᠡᠬᠦ᠂ ᠬᠡᠷᠡᠭᠯᠡᠬᠦ ᠪᠠ ᠬᠤᠭᠤᠯᠠᠶ ᠶᠢᠨ ᠲᠣᠣᠷ ᠢ ᠬᠠᠮᠢᠶᠠᠷᠬᠤ ᠪᠠ | ᠬᠠᠮᠠᠭᠠᠯᠠᠬᠤ ᠶᠢ ᠬᠠᠷᠢᠭᠤᠴᠠᠨ᠎ᠠ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠣᠷᠣᠨ ᠤ ᠤᠰᠤᠨ ᠤ ᠶᠠᠪᠤᠳᠠᠯ ᠤᠨ ᠲᠣᠪᠴᠢᠶ᠎ᠠ ᠳᠣᠲᠣᠭᠠᠳᠤ ᠪᠠᠶᠢᠭᠤᠯᠤᠮᠵᠢ ᠪᠠᠶᠢᠭᠤᠯᠬᠤ ᠦᠭᠡᠢ᠃ | ᠠᠵᠢᠯᠯᠠᠬᠤ ᠬᠠᠶ᠋ᠢᠭ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠤᠪᠣᠷ ᠰᠢᠷᠣᠢ ᠶᠡᠭᠡ ᠵᠡᠭᠡᠯᠢ ᠶᠢᠨ ᠳᠤᠮᠳᠠ ᠬᠡᠰᠡᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ︶ ᠥᠷᠯᠥᠭᠡ ᠶᠢᠨ 8᠄ 30 - 12᠄ 00᠂ ᠦᠳᠡ ᠶᠢᠨ ᠬᠤᠶᠢᠨᠠᠬᠢ 14᠄ 30 - 17᠄ 30 | ᠬᠠᠷᠢᠯᠴᠠᠬᠤ ᠬᠡᠯᠪᠡᠷᠢ᠄ 0472 - 8518808 | ᠬᠠᠷᠢᠭᠤᠴᠠᠯᠭ᠎ᠠ ᠡᠭᠦᠷᠭᠡᠯᠡᠭᠴᠢ᠄ ᠪᠠᠶ ᠷᠦᠢ |