ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ | 2022 ᠣᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠳᠣᠷᠣᠭᠰᠢ | ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠭᠡᠵᠦ ᠲᠣᠪᠴᠢᠯᠠᠪᠠ︶ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ | ᠂ ᠮᠠᠨ ᠤ ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ᠲᠠᠷᠢᠶᠠᠨ | ᠭᠠᠵᠠᠷ ᠤᠨ ᠠᠷᠪᠠᠨ ᠨᠢᠭᠡᠨ ᠵᠤᠷᠪᠤᠰ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠤᠷᠢᠳ ᠢᠶᠠᠷ ᠲᠣᠭᠲᠠᠭᠠᠵᠤ ᠳᠠᠷᠠᠭ᠎ᠠ ᠨᠢ ᠴᠤᠴᠠᠯᠬᠤ︾ ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ | ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠭᠠᠳ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠰᠢᠨᠡᠳᠬᠡᠨ | ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ᠡᠷᠭᠢᠯᠳᠦᠭᠦᠯᠬᠦ — ᠳᠠᠷᠢᠬᠤ — | ᠪᠣᠯᠪᠠᠰᠤᠷᠠᠭᠤᠯᠬᠤ — ᠦᠢᠯᠡᠴᠢᠯᠡᠬᠦ — ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠶᠡᠭᠡ | ᠬᠤᠪᠢᠰᠤᠯᠲᠠ ᠶᠢ ᠠᠬᠢᠭᠤᠯᠵᠠᠢ᠃ | ᠬᠤᠶᠠᠷ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ ᠲᠠᠢ ᠪᠤᠢ︖ | ︽ᠮᠡᠳᠡᠭᠳᠡᠯ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ | ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ ᠠᠰᠠᠭᠤᠳᠠᠯ ᠢ | ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ | ᠤᠶᠠᠯᠳᠤᠭᠤᠯᠤᠨ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ | ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ | ᠪᠢᠴᠢᠭ ᠮᠠᠲ᠋ᠧᠷᠢᠶᠠᠯ ᠳᠠᠬᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠬᠠᠰᠤᠵᠤ᠂ ᠬᠡᠰᠡᠭ | ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃ | ᠭᠤᠷᠪᠠ᠂ ᠭᠤᠣᠯ ᠠᠭᠤᠯᠭ᠎ᠠ | ︽ᠮᠡᠳᠡᠭᠳᠡᠯ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ᠳᠥᠷᠪᠡ ᠶᠢ ᠲᠣᠭᠲᠠᠭᠠᠬᠤ ᠳᠥᠷᠪᠡ ᠶᠢ ᠠᠳᠬᠤᠬᠤ ᠭᠤᠷᠪᠠ ᠶᠢ ᠪᠠᠲᠤᠯᠠᠬᠤ︾ ᠶᠢ ᠢᠯᠡᠷᠡᠭᠦᠯᠪᠡ᠃ | ︽ᠳᠥᠷᠪᠡ ᠶᠢ ᠲᠣᠭᠲᠠᠭᠠᠬᠤ︾ ᠪᠣᠯ ︽ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ ᠲᠣᠭᠲᠠᠭᠠᠬᠤ︾᠂ | ︽ᠳᠥᠷᠪᠡ ᠶᠢ ᠠᠳᠬᠤᠬᠤ︾ ᠪᠣᠯ ︽ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ | ᠠᠳᠬᠤᠬᠤ︾᠂ ︽ᠭᠤᠷᠪᠠ ᠶᠢ ᠪᠠᠲᠤᠯᠠᠬᠤ︾ ᠪᠣᠯ ︽ᠪᠡᠯᠡ ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ ᠲᠣᠭᠲᠠᠴᠠ ᠶᠢᠨ ᠪᠠᠲᠤᠯᠠᠭ᠎ᠠ︾ ᠪᠣᠯᠣᠨ᠎ᠠ᠃ | ︵ᠨᠢᠭᠡ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ︾᠂ | ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ | ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ | ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ︾᠂ ︽ᠭᠤᠷᠪᠠ ᠶᠢ ᠬᠦᠴᠦᠨ | ᠦᠭᠡᠢ ᠪᠣᠯᠭᠠᠬᠤ ᠲᠠᠪᠤ ᠶᠢ ᠨᠢᠭᠡᠳᠬᠡᠬᠦ ᠨᠢᠭᠡ ᠶᠢ ᠰᠢᠨᠡᠳᠬᠡᠬᠦ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ᠪᠠᠭ᠎ᠠ ᠲᠠᠷᠢᠶ᠎ᠠ ᠶᠢ ᠶᠡᠭᠡ ᠲᠠᠷᠢᠶ᠎ᠠ | ᠪᠣᠯᠭᠠᠬᠤ︾ ᠶᠢ ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ︾᠂ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ | ᠲᠣᠭᠲᠠᠭᠠᠬᠤ᠂ ᠲᠤᠬᠠᠶᠢᠯᠠᠪᠠᠯ ︽ᠱᠠᠩᠨᠠᠬᠤ ᠲᠣᠭᠲᠠᠴᠠ ᠶᠢ ᠪᠠᠶᠢᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ ᠲᠥᠭᠦᠷᠢᠭ | ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ | ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃ | ︵ᠬᠤᠶᠠᠷ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ︾᠂ | ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ︾ | ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ ᠭᠠᠵᠠᠷ ᠰᠣᠩᠭᠤᠬᠤ ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ | ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠶᠢ ᠵᠢᠷᠤᠮᠵᠢᠭᠤᠯᠵᠤ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠳ᠋ᠷᠣᠨ ᠳᠠᠭᠠᠭᠠᠴᠢᠯᠠᠯᠲᠠ | ᠵᠠᠷᠯᠠᠬᠤ᠂ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ ᠠᠪᠬᠤ ᠶᠢ ᠠᠳᠬᠤᠬᠤ᠂ ᠲᠤᠬᠠᠶᠢᠯᠠᠪᠠᠯ ︽ᠰᠢᠯᠭᠠᠨ ᠠᠪᠴᠤ ᠬᠥᠮᠥᠷᠭᠡᠯᠡᠬᠦ ᠶᠢ | ᠵᠢᠷᠤᠮᠵᠢᠭᠤᠯᠵᠤ︾᠂ ᠡᠯ᠎ᠡ ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ ᠲᠡᠩᠴᠡᠬᠦ ᠦᠭᠡᠢ ᠶᠢ ᠨᠢ | ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ | ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ᠬᠡᠨ ᠬᠡᠷᠡᠭᠯᠡᠪᠡᠯ ᠬᠡᠨ ᠬᠠᠮᠢᠶᠠᠷᠴᠤ ᠬᠠᠮᠠᠭᠠᠯᠠᠨ︾᠂ ᠬᠠᠮᠢᠶᠠᠷᠴᠤ ᠬᠠᠮᠠᠭᠠᠯᠠᠬᠤ ᠪᠡᠯᠡ | ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ | ᠪᠡᠯᠡᠳᠬᠡᠮᠵᠢ ᠶᠢ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃ | ︵ᠭᠤᠷᠪᠠ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ︾᠂ ᠲᠥᠰᠥᠯ ᠤᠨ | ᠪᠡᠯᠡ ᠣᠷᠣᠭᠤᠯᠤᠯᠲᠠ ᠶᠢ ︽ᠨᠢᠭᠡ ᠭᠠᠵᠠᠷ ᠢ ᠨᠢᠭᠡ ᠵᠥᠪᠯᠡᠵᠦ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ︾᠂ ᠲᠤᠰᠠᠭᠠᠷ | ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ | ᠪᠠᠲᠤᠯᠠᠭ᠎ᠠ᠂ ᠲᠤᠬᠠᠶᠢᠯᠠᠪᠠᠯ ︽ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ | ᠥᠪᠡᠷ ᠤᠨ ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ︾᠃ ᠭᠤᠷᠪᠠ ᠳᠤ ᠲᠣᠭᠲᠠᠴᠠ ᠶᠢᠨ | ᠪᠠᠲᠤᠯᠠᠭ᠎ᠠ᠂ ᠲᠤᠬᠠᠶᠢᠯᠠᠪᠠᠯ ︽ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ ᠢᠨᠵᠧᠨᠧᠷᠢᠩ ᠤᠨ ︽ᠪᠠᠶᠢᠭᠤᠯᠬᠤ | ᠬᠠᠮᠢᠶᠠᠷᠬᠤ ᠡᠵᠡᠩᠨᠡᠬᠦ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃ | ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ |