︽ᠭᠠᠳᠠᠭᠰᠢ ᠶᠠᠪᠤᠭᠰᠠᠨ︾ ᠪᠤᠭᠤᠲᠤ ᠶᠢᠨ ᠬᠤᠪᠣᠷ ᠰᠢᠷᠤᠢ
ᠨᠡᠶᠢᠲᠡᠯᠡᠭᠰᠡᠨ ᠴᠠᠭ᠄
2024/6/19
      ᠬᠠᠩᠵᠧᠦ ᠶᠢᠨ ᠱᠢ ᠽᠢ ᠨᠠᠭᠤᠷ ᠤᠨ ᠬᠥᠪᠡᠭᠡᠨ ᠤ ᠠᠯᠪᠠᠨ ᠠᠰᠠᠷ ᠤᠨ ᠬᠡᠷᠡᠮ ᠳᠡᠭᠡᠷ᠎ᠡ᠂ ᠲᠩᠷᠢ ᠶᠢᠨ ᠬᠥᠬᠡ ᠥᠩᠭᠡ ᠶᠢᠨ ︽ᠪᠤᠭᠤᠲᠤ ᠶᠢᠨ ᠬᠤᠪᠣᠷ ᠰᠢᠷᠤᠢ ᠶᠢᠨ ᠰᠤᠳᠤᠯᠭᠠᠨ ᠤ ᠬᠦᠷᠢᠶᠡᠯᠡᠩ ᠤᠨ ᠬᠠᠩᠵᠧᠦ ᠬᠤᠪᠢᠶᠠᠷᠢ ᠬᠦᠷᠢᠶᠡᠯᠡᠩ︾ ︵ᠬᠠᠩᠵᠧᠦ ᠶᠢᠨ ᠬᠤᠪᠢᠶᠠᠷᠢ ᠬᠦᠷᠢᠶᠡᠯᠡᠩ ᠭᠡᠵᠦ ᠲᠣᠪᠴᠢᠯᠠᠨ᠎ᠠ︶ ᠫᠠᠶᠢᠰᠠ ᠨᠢ ᠦᠳᠡ ᠶᠢᠨ ᠬᠤᠶᠢᠨᠠᠬᠢ ᠨᠠᠷᠠᠨ ᠤ ᠭᠡᠷᠡᠯ ᠳᠣᠣᠷ᠎ᠠ ᠭᠢᠯᠠᠯᠵᠠᠵᠤ ᠪᠠᠶᠢᠨ᠎ᠠ᠃       ᠵᠢᠷᠤᠭ ᠪᠤᠯ ᠬᠠᠩᠵᠧᠦ ᠲᠠᠬᠢ ᠪᠤᠭᠤᠲᠤ ᠶᠢᠨ ᠬᠤᠪᠣᠷ ᠰᠢᠷᠤᠢ ᠶᠢᠨ ᠰᠤᠳᠤᠯᠭᠠᠨ ᠤ ᠬᠦᠷᠢᠶᠡᠯᠡᠩ ᠤᠨ ᠬᠠᠩᠵᠧᠦ ᠶᠢᠨ ᠬᠤᠪᠢᠶᠠᠷᠢ ᠬᠦᠷᠢᠶᠡᠯᠡᠩ ᠪᠣᠯᠤᠨ᠎ᠠ᠃ ᠵᠦᠩ ᠰᠢᠨ ᠰᠦᠯᠵᠢᠶ᠎ᠡ ᠶᠢᠨ ᠰᠤᠷᠪᠤᠯᠵᠢᠯᠠᠭᠴᠢ ᠯᠢ ᠠᠢ ᠫᠢᠩ ᠰᠡᠭᠦᠲᠡᠷᠯᠡᠪᠡ ︵ᠵᠢᠷᠤᠭ︶
     1000 ᠲᠡᠭᠰᠢ ᠳᠥᠷᠪᠡᠯᠵᠢᠨ ᠮᠧᠲᠷ ᠤᠨ ᠠᠵᠢᠯᠯᠠᠬᠤ ᠲᠣᠭᠤᠷᠢᠭ ᠳᠣᠲᠣᠷ᠎ᠠ᠂ ᠬᠠᠩᠵᠧᠦ ᠶᠢᠨ ᠬᠤᠪᠢᠶᠠᠷᠢ ᠬᠦᠷᠢᠶᠡᠯᠡᠩ ᠤᠨ ᠰᠤᠳᠤᠯᠤᠨ ᠨᠡᠭᠡᠭᠡᠬᠦ ᠬᠡᠯᠲᠡᠰ ᠤᠨ ᠳᠡᠳ᠋ ᠳᠠᠷᠤᠭ᠎ᠠ ᠵᠣᠣ ᠶᠦᠩ ᡁᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠰᠤᠳᠤᠯᠵᠤ ᠭᠠᠷᠭᠠᠭᠰᠠᠨ ᠬᠤᠪᠣᠷ ᠰᠢᠷᠤᠢ ᠶᠢᠨ ᠦᠢᠯᠡᠳᠬᠦᠨ ᠢ ᠢᠯᠡᠷᠬᠡᠶᠢᠯᠡᠬᠦ ᠳᠡᠭᠡᠨ᠂ ︽ᠣᠳᠣ ᠪᠤᠭᠤᠲᠤ ᠶᠢᠨ ᠬᠤᠪᠣᠷ ᠰᠢᠷᠤᠢ ᠡᠮᠦᠨᠡᠲᠦ ᠣᠷᠣᠨ ᠤ ᠬᠤᠲᠠ ᠶᠢᠨ ᠬᠠᠩᠵᠧᠦ᠂ ᠰᠢᠶᠠᠮᠧᠨ ᠵᠡᠷᠭᠡ ᠭᠠᠵᠠᠷ ᠤᠨ ᠠᠵᠤ ᠠᠬᠤᠶᠢᠯᠠᠯ᠂ ᠬᠦᠷᠢᠶᠡᠯᠡᠩ ᠭᠠᠵᠠᠷ ᠲᠤ ᠮᠠᠰᠢ ᠶᠡᠭᠡ ᠬᠦᠷᠢᠶᠡᠯᠡᠯ ᠲᠠᠢ ᠪᠠᠶᠢᠨ᠎ᠠ︾ ᠭᠡᠵᠦ ᠬᠡᠯᠡᠪᠡ᠃ᠵᠤᠤ ᠶᠦᠩ ᡁᠢ ᠶᠢᠨ ᠶᠠᠷᠢᠵᠤ ᠪᠠᠶᠢᠭ᠎ᠠ ᠪᠤᠭᠤᠲᠤ ᠶᠢᠨ ᠬᠤᠪᠣᠷ ᠰᠢᠷᠣᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠶᠢᠨ ᠤᠯᠤᠰ ᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠠᠷᠢᠶᠠᠯᠠᠭᠳᠠᠨ᠎ᠠ᠃ ᠢᠯᠡ ᠮᠠᠲ᠋ᠧᠷᠢᠶᠠᠯ ᠠᠴᠠ ᠦᠵᠡᠪᠡᠯ᠂ 1927 ᠣᠨ ᠳᠤ ᠭᠠᠵᠠᠷ ᠰᠢᠨᠵᠢᠯᠡᠭᠡᠨ ᠤ ᠤᠬᠠᠭᠠᠨ ᠤ ᠡᠷᠳᠡᠮᠲᠡᠨ ᠳ᠋ᠢᠩ ᠳ᠋ᠤᠤ ᠾᠧᠩ ᠪᠤᠭᠤᠲᠤ ᠠᠴᠠ ᠪᠠᠶ᠋ᠬᠠᠤᠪᠤᠭ᠎ᠠ ᠠᠭᠤᠷᠬᠠᠢ ᠶᠢᠨ ᠰᠠᠭᠤᠷᠢ ᠶᠢ ᠢᠯᠡᠷᠡᠭᠦᠯᠦᠭᠰᠡᠨ ᠤ ᠳᠠᠷᠠᠭ᠎ᠠ᠂ ᠪᠤᠭᠤᠲᠤ ᠶᠢᠨ ᠬᠤᠪᠣᠷ ᠰᠢᠷᠣᠢ ᠨᠡᠷ᠎ᠡ ᠠᠯᠳᠠᠷᠰᠢᠪᠠ᠃       ᠡᠨᠡ ᠵᠢᠯ ᠠᠴᠠ ᠨᠠᠭᠠᠰᠢ᠂ ᠪᠤᠭᠤᠲᠤ ᠬᠤᠲᠠ ᠨᠠᠩ ᠴᠤ ᠳᠤᠮᠳᠠᠳᠤ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ︵ᠲᠤᠬᠠᠶᠢᠯᠠᠪᠠᠯ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︶ ᠢ ᠪᠠᠶᠢᠭᠤᠯᠬᠤ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠠᠢ᠃︽ᠬᠠᠩᠵᠧᠦ ᠳᠤ᠂ ᠪᠤᠭᠤᠲᠤ ᠶᠢᠨ ᠬᠤᠪᠣᠷ ᠰᠢᠷᠣᠢ ᠨᠢ ᠵᠠᠬ᠎ᠠ ᠳᠡᠯᠭᠡᠭᠦᠷ ᠢ ᠦᠳᠲᠡᠷ ᠲᠦᠷᠭᠡᠨ ᠨᠡᠭᠡᠭᠡᠵᠦ ᠴᠢᠳᠠᠬᠤ ᠪᠥᠭᠡᠳ ᠠᠳᠡᠬᠢ ᠴᠢᠳᠠᠪᠤᠷᠢᠲᠠᠨ ᠤ ᠳᠠᠪᠠᠭᠤᠯᠢᠭ ᠲᠠᠢ ᠴᠤ ᠬᠤᠯᠪᠣᠭ᠎ᠠ ᠲᠠᠢ ᠶᠤᠮ︾᠃ ᠵᠣᠣ ᠶᠦᠩ ᡁᠢ ᠲᠦᠷᠦᠭᠦᠬᠡᠨ ᠬᠠᠩᠵᠧᠦ ᠠᠴᠠ ᠪᠤᠭᠤᠲᠤ ᠶᠢᠨ ᠤᠯᠤᠰ ᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠣᠬᠢᠶᠠᠨ ᠪᠠᠶᠢᠭᠤᠯᠤᠭᠰᠠᠨ ᠵᠠᠭᠤᠴᠢᠯᠠᠭᠤᠷ ᠤᠨ ᠪᠦᠯᠬᠦᠮ ᠤᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ︽ᠣᠳᠣᠬᠠᠨ ᠳᠤ ᠪᠢᠳᠡ ᠨᠢᠭᠡᠨᠲᠡ ᠵᠧᠵᠢᠶᠠᠩ ᠶᠡᠭᠡ ᠰᠤᠷᠭᠠᠭᠤᠯᠢ ︵ᠵᠧᠵᠢᠶᠠᠩ ᠶᠡᠭᠡ ᠰᠤᠷᠭᠠᠭᠤᠯᠢ︶ ᠶᠢᠨ ᠳ᠋ᠣᠺᠲ᠋ᠣᠷ ᠢ ᠬᠤᠶᠠᠷ ᠣᠷᠣᠭᠤᠯᠤᠨ ᠠᠪᠴᠢᠷᠠᠵᠤ᠂ ᠳᠣᠷᠣᠨᠠᠲᠤ ᠶᠢᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠶᠢᠨ ᠳ᠋ᠣᠺᠲ᠋ᠣᠷ᠂ ᠡᠳᠡᠭᠡᠷ ᠴᠢᠳᠠᠪᠤᠷᠢᠲᠠᠨ ᠬᠤᠪᠣᠷ ᠰᠢᠷᠣᠶ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠠᠯ᠎ᠠ ᠪᠠᠷ ᠮᠠᠰᠢ ᠶᠡᠭᠡ ᠦᠢᠯᠡᠳᠦᠯ ᠦᠵᠡᠭᠦᠯᠵᠡᠢ︾ ᠭᠡᠵᠡᠢ᠃        ᠵᠤᠤ ᠶᠦᠩ ᡁᠢ ᠬᠤᠶᠠᠷ ᠵᠢᠯ ᠤᠨ ᠡᠮᠦᠨ᠎ᠡ ᠪᠤᠭᠤᠲᠤ ᠠᠴᠠ ᠬᠠᠩᠵᠧᠦ ᠳᠤ ᠢᠷᠡᠵᠦ ᠠᠵᠢᠯᠯᠠᠭᠰᠠᠨ ᠲᠤᠬᠠᠢ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠬᠠᠩᠵᠧᠦ ᠳᠤ ᠬᠤᠪᠢᠶᠠᠷᠢ ᠬᠦᠷᠢᠶᠡᠯᠡᠩ ᠪᠠᠶᠢᠭᠤᠯᠬᠤ ᠬᠡᠷᠡᠭᠲᠡᠢ᠂ ᠦᠨᠳᠦᠰᠦᠨ ᠬᠠᠷᠠᠯᠲᠠ ᠨᠢ ︽ᠢᠷᠡᠭᠡᠳᠦᠢ ᠳᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠲᠠᠯ᠎ᠠ ᠪᠠᠷ ᠬᠡᠷᠡᠭᠯᠡᠭᠡᠨ ᠤ ᠰᠠᠭᠤᠷᠢ ᠰᠤᠳᠤᠯᠭᠠᠨ ᠪᠠ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠤᠤᠭᠠᠯ ᠡᠭᠦᠳᠦᠯᠲᠡ ᠶᠢᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠰᠢᠪᠲᠤᠯᠤᠯᠲᠠ ᠭᠠᠷᠭᠠᠵᠤ᠂ ᠤᠯᠤᠰ᠂ ᠭᠠᠵᠠᠷ ᠣᠷᠣᠨ ᠤ ᠴᠢᠬᠤᠯᠠ ᠶᠡᠭᠡ ᠬᠡᠷᠡᠭᠴᠡᠭᠡ ᠳᠤ ᠤᠤᠭᠠᠯ ᠡᠭᠦᠳᠦᠯᠲᠡ ᠶᠢᠨ ᠮᠡᠷᠭᠡᠵᠢᠯ ᠪᠠ ᠭᠤᠣᠯ ᠵᠠᠩᠭᠢᠯᠠᠭ᠎ᠠ ᠶᠢᠨ ᠮᠡᠷᠭᠡᠵᠢᠯ ᠤᠨ ᠪᠠᠲᠤᠯᠠᠭ᠎ᠠ ᠬᠠᠩᠭᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠳᠠᠪᠠᠭᠤᠯᠢᠭ ᠢ ᠪᠦᠷᠢᠯᠳᠦᠭᠦᠯᠬᠦ ᠬᠡᠷᠡᠭᠲᠡᠢ︾ ᠭᠡᠵᠦ ᠲᠠᠨᠢᠯᠴᠠᠭᠤᠯᠪᠠ᠃        ᠪᠤᠭᠤᠲᠤ ᠶᠢᠨ ᠬᠤᠪᠣᠷ ᠰᠢᠷᠤᠢ ᠶᠢᠨ ᠨᠡᠷ᠎ᠡ ᠠᠯᠳᠠᠷ ᠪᠠ ᠨᠡᠷ᠎ᠡ ᠠᠯᠳᠠᠷᠰᠢᠯ ᠤᠨ ᠬᠡᠮᠵᠢᠶ᠎ᠡ ᠨᠢ ᠬᠠᠩᠵᠧᠦ ᠳᠤ ᠯᠡ ᠬᠢᠵᠠᠭᠠᠷᠯᠠᠭᠳᠠᠬᠤ ᠪᠢᠰᠢ᠃ᠵᠧᠵᠢᠶᠠᠩ ᠤᠨ ᠱᠤᠤᠰᠢᠩ ᠤᠨ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠪᠦᠬᠦ ᠪᠥᠮᠪᠥᠷᠴᠡᠭ ᠲᠤ ᠠᠯᠳᠠᠷᠰᠢᠭᠰᠠᠨ ᠴᠠᠬᠢᠯᠭᠠᠨ ᠮᠠᠰᠢᠨ ᠤ ᠠᠵᠤ ᠠᠬᠤᠶᠢᠯᠠᠯ ᠤᠨ ᠸᠧ ᠯᠦᠩ ᠬᠤᠪᠢ ᠣᠷᠣᠭᠤᠯᠤᠯᠲᠠ ᠶᠢ ᠡᠷᠬᠡᠰᠢᠶᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ︵ᠳᠤᠷᠤᠭᠰᠢ ︽ᠸᠧ ᠯᠦᠩ ᠬᠤᠪᠢ ᠣᠷᠣᠭᠤᠯᠤᠯᠲᠠ ᠶᠢ ᠡᠷᠬᠡᠰᠢᠶᠡᠬᠦ ᠪᠦᠯᠦᠭᠯᠡᠯ︾ ᠭᠡᠵᠦ ᠲᠣᠪᠴᠢᠯᠠᠨ᠎ᠠ︶ ᠶᠢ ᠣᠯᠠᠨ ᠵᠢᠯ ᠤᠨ ᠲᠤᠷᠰᠢ ᠪᠤᠭᠤᠲᠤ ᠶᠢᠨ ᠬᠤᠪᠣᠷ ᠰᠢᠷᠤᠢ ᠶᠢ ᠬᠡᠷᠡᠭᠯᠡᠬᠦ ᠪᠠᠷ ᠳᠠᠮᠵᠢᠨ ᠂ ᠣᠯᠠᠨ ᠤᠯᠤᠰ ᠤᠨ ᠵᠠᠬ᠎ᠠ ᠳᠡᠯᠭᠡᠭᠦᠷ ᠳᠡᠭᠡᠷ᠎ᠡ ᠴᠤᠭ ᠵᠢᠪᠬᠤᠭ᠎ᠠ ᠲᠡᠭᠦᠯᠳᠡᠷ ᠲᠠᠢ ᠪᠣᠯᠵᠠᠢ᠃        ︽ᠭᠠᠳᠠᠭᠠᠳᠤ ᠤᠯᠤᠰ ᠲᠤ ᠪᠢᠳᠡ ᠠᠩᠭ᠍ᠯᠢ᠂ ᠭᠧᠷᠮᠠᠨ᠂ ᠫᠤᠯᠠᠨᠳ᠋᠂ ᠰᠧᠷᠪᠢᠶ᠎ᠠ᠂ ᠢᠲ᠋ᠠᠯᠢ᠂ ᠮᠧᠺᠰᠢᠺᠦ ᠵᠡᠷᠭᠡ ᠭᠠᠵᠠᠷ ᠤᠳ ᠲᠤ ᠪᠦᠷ ᠦᠢᠯᠡᠳᠪᠦᠷᠢ ᠶᠢᠨ ᠰᠠᠭᠤᠷᠢᠨ ᠭᠠᠵᠠᠷ ᠲᠠᠢ︔ ᠤᠯᠤᠰ ᠤᠨ ᠳᠣᠲᠣᠭᠠᠳᠤ ᠳᠤ᠂ ᠪᠢᠳᠡ ᠱᠠᠩ ᠢᠦᠶ᠂ ᠨᠠᠨ ᠶᠠᠩ᠂ ᠵᠢᠨᠠᠨ ᠳᠤ ᠦᠢᠯᠡᠳᠪᠦᠷᠢ ᠶᠢᠨ ᠰᠠᠭᠤᠷᠢᠨ ᠭᠠᠵᠠᠷ ᠲᠠᠢ︾᠃ ᠲᠤᠰ ᠪᠦᠯᠦᠭᠯᠡᠯ ᠤᠨ ᠭᠦᠢᠴᠡᠳᠬᠡᠬᠦ ᠬᠡᠷᠡᠭ ᠮᠡᠳᠡᠭᠴᠢ ᠮᠦᠸᠧ ᠢᠦᠢ ᠹᠧᠩ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠣᠳᠣᠬᠠᠨ ᠳᠤ ᠪᠦᠯᠦᠭᠯᠡᠯ ᠤᠨ ᠪᠦᠬᠦ ᠪᠥᠮᠪᠥᠷᠴᠡᠭ ᠤᠨ ᠪᠠᠶᠢᠷᠢᠯᠠᠭᠤᠯᠤᠯᠲᠠ ᠦᠨᠳᠦᠰᠦᠨ ᠳᠡᠭᠡᠨ ᠳᠠᠭᠤᠰᠤᠭᠰᠠᠨ ᠪᠠᠶᠢᠨ᠎ᠠ᠃ᠪᠤᠭᠤᠲᠤ ᠶᠢᠨ ᠬᠤᠪᠣᠷ ᠰᠢᠷᠤᠢ ᠳᠤᠮᠳᠠᠳᠤ ᠤᠯᠤᠰ ᠤᠨ ᠡᠮᠦᠨᠡᠲᠦ ᠣᠷᠣᠨ ᠤ ᠵᠠᠬ᠎ᠠ ᠳᠡᠯᠭᠡᠭᠦᠷ ᠢ ᠵᠠᠯᠭᠠᠭ᠎ᠠ ᠪᠠᠷ ᠨᠡᠭᠡᠭᠡᠬᠦ ᠶᠢᠨ ᠬᠠᠮᠲᠤ ᠪᠤᠭᠤᠲᠤ ᠬᠤᠲᠠ ᠶᠢᠨ ︽ᠬᠤᠶᠠᠷ ᠬᠤᠪᠣᠷ ᠰᠢᠷᠤᠢ ᠶᠢᠨ ᠰᠠᠭᠤᠷᠢᠨ ᠭᠠᠵᠠᠷ︾ ᠢ ᠪᠠᠶᠢᠭᠤᠯᠬᠤ ᠬᠤᠷᠳᠤᠴᠠ ᠶᠢ ᠡᠰᠡᠷᠬᠦ ᠴᠢᠭᠯᠡᠯ ᠢᠶᠠᠷ ᠲᠦᠷᠭᠡᠳᠭᠡᠵᠡᠢ᠃          5 ᠳ᠋ᠤᠭᠠᠷ ᠰᠠᠷ᠎ᠠ ᠶᠢᠨ 20 ᠤ ᠡᠳᠦᠷ᠂ ᠸᠧ ᠯᠦᠩ ᠬᠤᠪᠢ ᠡᠷᠬᠡᠰᠢᠶᠡᠬᠦ ᠪᠦᠯᠦᠭᠯᠡᠯ ᠠᠴᠠ ᠪᠡᠯᠡ ᠣᠷᠣᠭᠤᠯᠤᠭᠰᠠᠨ ᠸᠧ ᠯᠦᠩ ᠪᠤᠭᠤᠲᠤ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠰᠦᠯ ᠪᠤᠭᠤᠲᠤ ᠶᠢᠨ ᠤᠯᠤᠰ ᠤᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠡᠬᠢᠯᠡᠪᠡ᠃ ᠲᠣᠰ ᠲᠦᠰᠦᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠳᠤ 5.2 ᠲᠦᠮᠡᠨ ᠢᠵᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ 3.2 ᠲᠦᠮᠡᠨ ᠳᠣᠤᠷ᠎ᠠ ᠬᠤᠷᠳᠤᠴᠠ ᠲᠠᠢ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ 1300 ᠰᠠᠭᠤᠷᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ 2 ᠲᠦᠮᠡᠨ ᠲᠣᠨ ᠴᠢᠳᠬᠤᠮᠠᠯ ᠲᠣᠨᠤᠭ᠂ 100MWh ᠡᠨᠧᠷᠭᠢ ᠬᠠᠳᠠᠭᠠᠯᠠᠬᠤ ᠰᠢᠰᠲ᠋ᠧᠮ ᠤᠨ ᠬᠤᠷᠠᠮᠠᠯ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ ᠪᠣᠯᠤᠨ᠎ᠠ᠃         ᠪᠤᠭᠤᠲᠤ ᠬᠤᠲᠠ ᠶᠢᠨ ᠳᠠᠷᠤᠭ᠎ᠠ ᠵᠠᠩ ᠷᠦᠢ ᠡᠭᠦᠨ ᠢ ᠦᠨᠳᠦᠰᠦᠯᠡᠪᠡᠯ᠂ ᠢᠷᠡᠭᠡᠳᠦᠢ ᠳᠤ᠂ ᠪᠤᠭᠤᠲᠤ ᠬᠤᠲᠠ ᠳᠤᠮᠳᠠᠳᠤ ᠤᠯᠤᠰ ᠤᠨ ᠨᠥᠯᠥᠭᠡᠯᠡᠬᠦ ᠬᠦᠴᠦᠨ ᠲᠠᠢ ᠬᠤᠪᠣᠷ ᠰᠢᠷᠤᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ ᠭᠡᠵᠡᠢ᠃ ᠲᠡᠭᠦᠨ ᠤ ᠡᠨᠡ ᠦᠭᠡ ᠨᠢ ᠴᠤ ᠭᠠᠳᠠᠷ ᠣᠷᠣᠨ ᠠᠴᠠ ᠪᠤᠭᠤᠲᠤ ᠶᠢᠨ ᠬᠤᠪᠣᠷ ᠰᠢᠷᠣᠶ ᠶᠢᠨ ︽ᠭᠠᠳᠠᠭᠰᠢ ᠭᠠᠷᠴᠤ︾ ᠣᠯᠤᠭᠰᠠᠨ ᠬᠤᠷᠢᠶᠠᠯᠲᠠ ᠶᠢᠨ ᠨᠢᠭᠡ ᠪᠣᠯᠵᠠᠶ᠃
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ