ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2024/6/26
        ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠨ ᠤ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠳᠬᠠᠨ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ 25 ᠤ ᠡᠳᠦᠷ᠂ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠪᠡᠯᠡ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠭᠦᠯᠦᠯᠲᠡ ᠬᠢᠪᠡ᠃
2024.6.26 区统计局组织召开投资领域统计业务培训会.png
        ᠬᠤᠷᠠᠯ ᠳᠡᠭᠡᠷ᠎ᠡ᠂ ᠠᠵᠢᠯᠲᠠᠳ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ᠂ ᠪᠡᠯᠡ ᠣᠷᠣᠭᠤᠯᠤᠯᠲᠠ ᠶᠢᠨ ᠮᠡᠳᠡᠭᠦᠯᠦᠯᠲᠡ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠭᠤᠯᠭ᠎ᠠ᠂ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠳᠤ ᠬᠡᠷᠡᠭᠰᠡᠬᠦ ᠮᠠᠲ᠋ᠧᠷᠢᠶᠠᠯ᠂ ᠭᠡᠷᠡᠴᠢ ᠪᠠᠷᠢᠮᠲᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ᠂ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠲᠣᠬᠢᠷᠠᠭᠤᠯᠪᠠ᠃        ᠬᠤᠷᠠᠯ ᠠᠴᠠ᠂ ᠠᠵᠤ ᠠᠬᠤᠶᠢᠯᠠᠯ ᠤᠨ ᠬᠢᠨ ᠪᠡᠯᠡ ᠣᠷᠣᠭᠤᠯᠤᠯᠲᠠ ᠶᠢᠨ ᠬᠦᠷᠢᠶᠡᠨ ᠤ ᠪᠦᠷᠢᠳᠬᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠦᠷᠦᠯ ᠵᠦᠢᠯ ᠤᠨ ᠠᠬᠢᠴᠠ ᠵᠢᠴᠢ ᠭᠡᠷᠡᠴᠢᠯᠡᠬᠦ ᠮᠠᠲᠧᠷᠢᠶᠠᠯ ᠢ ᠴᠠᠭ ᠲᠤᠬᠠᠢ ᠳᠤᠨᠢ ᠬᠤᠷᠢᠶᠠᠩᠭᠤᠶᠢᠯᠠᠨ ᠮᠡᠳᠡᠭᠦᠯᠦᠨ ᠬᠦᠷᠭᠡᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠴᠢᠬᠤᠯᠠᠴᠢᠯᠠᠬᠤ ᠦᠭᠡᠢ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠲᠤᠭ᠎ᠠ ᠪᠦᠷᠢᠳᠬᠡᠯ ᠤᠨ ᠠᠵᠢᠯᠲᠠᠳ ᠬᠠᠤᠯᠢ ᠪᠠᠷ ᠵᠠᠰᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠮᠡᠳᠡᠭᠦᠯᠬᠦ ᠦᠭᠡᠢ ᠨᠢᠭᠤᠬᠤ᠂ ᠣᠷᠬᠢᠭᠳᠠᠭᠤᠯᠤᠨ ᠮᠡᠳᠡᠭᠦᠯᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠠᠰᠤ ᠬᠤᠷᠢᠭᠯᠠᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠳᠬᠠᠬᠤ ᠬᠡᠷᠡᠭᠲᠡᠢ᠃        ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠯᠡ ᠣᠷᠣᠭᠤᠯᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠪᠦᠲᠦᠮᠵᠢᠲᠡᠶ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃       
ᠢᠷᠡᠯᠲᠡ᠄ ᠪᠠᠶᠠᠠᠠᠤᠪᠤᠭ᠎ᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ