ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠬᠡᠷ᠂ ᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ᠂ ᠡᠪᠯᠡᠯ ᠤᠨ ᠬᠤᠲᠠ ᠶᠢᠨ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ᠬᠤᠶᠢᠴᠢ ᠦᠶ᠎ᠡ ᠪᠠᠨ | ᠬᠠᠯᠠᠮᠵᠢᠯᠠᠬᠤ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠪᠤᠭᠤᠲᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ︽ᠰᠢᠨ᠎ᠡ ᠴᠠᠭ ᠦᠶ᠎ᠡ ᠶᠢᠨ ᠰᠠᠶᠢᠨ | ᠪᠠᠭᠠᠴᠤᠳ︾ ᠵᠢᠴᠢ ᠠᠷᠪᠠᠨ ᠭᠤᠷᠪᠠᠳᠤᠭᠠᠷ ᠬᠤᠭᠤᠴᠠᠭᠠᠨ ᠤ ᠡᠷᠬᠢᠮ ᠰᠤᠷᠲᠠᠯ ᠲᠠᠢ ᠪᠠᠭᠠᠴᠤᠳ ᠢ ᠰᠢᠯᠭᠠᠷᠠᠭᠤᠯᠤᠨ ᠬᠥᠬᠢᠭᠦᠯᠬᠦ᠂ ᠰᠤᠷᠤᠯᠴᠠᠨ ᠤᠬᠠᠭᠤᠯᠬᠤ | ᠠᠵᠢᠯᠯᠠᠭ᠎ᠠ ᠶᠢ ᠥᠷᠨᠢᠭᠦᠯᠪᠡ᠃ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠪᠣᠯᠤᠨ ᠮᠤᠷᠠᠯ ᠰᠠᠶᠢᠲᠠᠢ ᠪᠠᠭᠠᠴᠤᠳ ᠪᠣᠯ ᠪᠠᠭᠠᠴᠤᠳ ᠬᠡᠦᠬᠡᠳ ᠤᠨ ︽ᠤᠶᠤᠨ | ᠰᠠᠨᠠᠭᠠᠨ ᠤ ᠬᠡᠪ ᠳᠠᠭᠤᠷᠢᠶᠠᠯ︾ ᠮᠥᠨ᠂ ᠳᠡᠷᠭᠡᠳᠡᠬᠢ ᠠᠮᠢᠳᠤᠯᠢᠭ ᠥᠷᠲᠡᠭ ᠤᠨ ᠦᠵᠡᠯᠲᠡ ᠮᠥᠨ᠂ ᠨᠠᠩ ᠴᠤ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ | ᠲᠠᠯᠠᠷᠬᠠᠵᠤ᠂ ᠨᠠᠮ ᠢᠶᠠᠨ ᠳᠠᠭᠠᠬᠤ︾ ᠴᠠᠭ ᠦᠶ᠎ᠡ ᠶᠢᠨ ᠬᠤᠰᠢᠭᠤᠴᠢ ᠮᠥᠨ᠃ ᠲᠣᠰ ᠤᠳᠠᠭᠠᠨ ᠤ ᠰᠣᠩᠭᠤᠨ ᠭᠠᠷᠭᠠᠬᠤ ᠶᠠᠪᠤᠴᠠ ᠳᠤ᠂ ᠲᠣᠭᠤᠷᠢᠭ ᠤᠨ ᠨᠢᠭᠡᠳᠦᠭᠡᠷ | ᠪᠠᠭ᠎ᠠ ᠰᠤᠷᠭᠠᠭᠤᠯᠢ ᠶᠢᠨ ᠰᠤᠷᠤᠭᠴᠢ ᠭᠤᠤ ᠪᠢᠨ ᠵᠢᠶᠧ ᠪᠤᠭᠤᠲᠤ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ︽ ᠮᠤᠷᠠᠯ ᠰᠠᠶᠢᠲᠠᠢ ᠪᠠᠭᠠᠴᠤᠳ︾ ᠢᠶᠠᠷ | ᠰᠣᠩᠭᠤᠭᠳᠠᠪᠠ᠃ | | | | | | | | 6 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠶᠢᠰᠦᠳᠦᠭᠡᠷ ᠬᠤᠭᠤᠴᠠᠭᠠᠨ ᠤ ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ | ᠤᠷᠤᠯᠳᠤᠭᠠᠨ ᠲᠦᠩᠯᠢᠶᠣᠤ ᠬᠤᠲᠠ ᠳᠤ ᠲᠡᠭᠦᠰ ᠠᠮᠵᠢᠯᠲᠠ ᠲᠠᠢ ᠲᠡᠭᠦᠰᠪᠡ᠃ ᠲᠣᠰ ᠤᠳᠠᠭᠠᠨ ᠤ ᠤᠷᠤᠯᠳᠤᠭᠠᠨ ᠳᠤ ᠪᠥᠬᠦ ᠣᠷᠣᠨ ᠤ 103 ᠡᠩᠨᠡᠭᠡ᠂ 800 ᠭᠠᠷᠤᠶ | ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠠᠭ᠋ᠠᠲᠠᠳ ᠢ ᠴᠤᠭᠯᠠᠭᠤᠯᠪᠠ᠃ ᠪᠠᠶ᠋ᠬᠠᠤᠪᠤᠭ᠎ᠠ ᠲᠣᠭᠤᠷᠢᠭ ᠤᠨ ᠲᠥᠯᠥᠭᠡᠯᠡᠭᠴᠢᠳ ᠤᠨ ᠠᠩᠭᠢ ᠭᠠᠷᠮᠠᠭᠠᠢ | ᠢᠯᠡᠷᠡᠯ ᠢᠶᠠᠷ ᠢᠶᠠᠨ ᠬᠤᠶᠠᠷ ᠵᠦᠢᠯ ᠳᠤ ᠬᠤᠶᠠᠳᠤᠭᠠᠷ ᠳᠡᠰ ᠤᠨ ᠱᠠᠩᠨᠠᠯ ᠪᠠ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃ | | | | | | | | 6 ᠳ᠋ᠤᠭᠠᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠬᠢᠭᠡᠳ ᠳᠡᠯᠡᠬᠡᠢ ᠶᠢᠨ | ᠪᠥᠮᠪᠥᠷᠴᠡᠭ ᠤᠨ ᠹᠢᠽᠢᠺ ᠤᠨ ᠰᠤᠳᠤᠯᠭᠠᠨ ᠤ ᠭᠠᠵᠠᠷ ᠵᠡᠷᠭᠡ ᠨᠢᠭᠡᠴᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠡᠷᠭᠢᠯᠡᠭᠰᠡᠨ | ᠨᠢᠶᠤᠪᠢ ᠰᠺᠠᠨᠳᠢ ᠰᠢᠨ᠎ᠡ ᠡᠷᠦᠳᠡᠰᠦ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠪᠠᠶ᠋ᠬᠠᠤᠪᠤᠭ᠎ᠠ ᠬᠤᠪᠣᠷ | ᠰᠢᠷᠣᠶ ᠶᠢᠨ ᠬᠦᠳᠡᠷ ᠤᠨ ᠬᠡᠪᠲᠡᠰᠢ ᠳᠤ ᠣᠪᠤᠭ᠎ᠠ ᠨᠢᠶᠤᠪᠢ ᠶᠢᠨ ᠠᠭᠤᠷᠬᠠᠢ᠂ ᠰᠺᠠᠨᠳᠢ ᠭᠢᠯᠪᠠᠭᠠᠨ ᠴᠢᠯᠠᠭᠤ ᠬᠤᠶᠠᠷ ᠵᠦᠢᠯ ᠤᠨ ᠰᠢᠨ᠎ᠡ ᠡᠷᠦᠳᠡᠰᠦ ᠢᠯᠡᠷᠡᠭᠦᠯᠦᠭᠰᠡᠨ ᠢ | ᠨᠡᠶᠢᠲᠡᠯᠡᠪᠡ᠃ | ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠰᠢᠨ᠎ᠡ ᠬᠦᠳᠡᠷ ᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠰᠢᠨᠵᠢᠯᠡᠭᠡ ᠬᠢᠭᠡᠳ | ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ ᠰᠤᠳᠤᠯᠭᠠᠨ ᠤ ᠭᠠᠵᠠᠷ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ᠂ ᠵᠦᠩ ᠨᠠᠨ ᠶᠡᠭᠡ ᠰᠤᠷᠭᠠᠭᠤᠯᠢ | ᠵᠡᠷᠭᠡ ᠨᠢᠭᠡᠴᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢᠯᠡᠷᠡᠭᠦᠯᠦᠨ ᠨᠡᠷᠡᠶᠢᠳᠬᠦ ᠶᠢᠨ ᠬᠠᠮᠲᠤ ᠭᠤᠶᠤᠴᠢᠯᠠᠨ ᠮᠡᠳᠡᠭᠦᠯᠵᠦ᠂ 2024 ᠣᠨ ᠤ 5 ᠳ᠋ᠤᠭᠠᠷ | ᠰᠠᠷ᠎ᠠ ᠶᠢᠨ 3 ᠤ ᠡᠳᠦᠷ ᠪᠠ 6 ᠳ᠋ᠤᠭᠠᠷ ᠰᠠᠷ᠎ᠠ ᠶᠢᠨ 3 ᠤ ᠡᠳᠦᠷ ᠣᠯᠠᠨ ᠤᠯᠤᠰ ᠤᠨ ᠠᠭᠤᠷᠬᠠᠢ ᠶᠢᠨ ᠭᠠᠷᠤᠯᠲᠠ ᠶᠢᠨ ᠤᠬᠠᠭᠠᠨ ᠤ ᠨᠡᠶᠢᠭᠡᠮᠯᠢᠭ ᠤᠨ ᠰᠢᠨ᠎ᠡ | ᠡᠷᠦᠳᠡᠰᠦ ᠶᠢᠨ ᠨᠡᠷᠡᠶᠢᠳᠦᠯ ᠵᠢᠴᠢ ᠲᠥᠷᠥᠯ ᠬᠤᠪᠢᠶᠠᠬᠤ ᠺᠣᠮᠢᠰ ᠢᠶᠠᠷ ᠲᠤᠰ ᠲᠤᠰ ᠵᠥᠪᠰᠢᠶᠡᠷᠡᠭᠦᠯᠵᠡᠢ᠃ | | |