2024 ᠣᠨ ᠤ 6 ᠳ᠋ᠤᠭᠠᠷ ᠰᠠᠷ᠎ᠠ ᠶᠢᠨ 22 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ | ᠬᠤᠷᠢᠶᠠᠨ ᠤ 785 ᠳ᠋ᠤᠭᠠᠷ ᠲᠣᠭᠠᠲᠤ ᠵᠠᠷᠯᠢᠭ ᠲᠤ ᠭᠠᠷ ᠤᠨ ᠥᠰᠥᠭ ᠵᠢᠷᠤᠵᠤ᠂ ︽ᠬᠤᠪᠣᠷ ᠰᠢᠷᠣᠶ ᠶᠢᠨ ᠬᠠᠮᠢᠶᠠᠷᠤᠯᠲᠠ ᠶᠢᠨ ᠲᠦᠷᠢᠮ︾ ︵ᠳᠣᠷᠣᠭᠰᠢ ︽ᠲᠦᠷᠢᠮ︾ ᠭᠡᠵᠦ | ᠲᠣᠪᠴᠢᠯᠠᠨ᠎ᠠ︶ ᠢ ᠨᠡᠶᠢᠲᠡᠯᠡᠵᠦ᠂ 2024 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠶᠢᠷ᠎ᠠ ᠶᠢᠨ ᠡᠳᠦᠷ᠂ ᠬᠠᠤᠯᠢ ᠴᠠᠭᠠᠵᠠ ᠶᠢᠨ | ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠬᠠᠷᠢᠭᠤᠴᠠᠯᠭᠠᠲᠠᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | ᠠᠰᠠᠭᠤᠯᠲᠠ᠄ ︽ᠲᠦᠷᠢᠮ︾ ᠢ ᠨᠡᠶᠢᠲᠡᠯᠡᠭᠰᠡᠨ ᠠᠬᠤᠶ ᠪᠠᠶᠢᠳᠠᠯ ᠢ ᠲᠥᠬᠦᠮ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠬᠤᠪᠣᠷ ᠰᠢᠷᠣᠢ ᠪᠣᠯ ᠣᠳᠣ ᠦᠶ᠎ᠡ ᠶᠢᠨ ᠠᠵᠤ ᠦᠢᠯᠡᠳᠪᠦᠷᠢ ᠶᠢᠨ ᠳᠤᠲᠠᠭᠳᠠᠵᠤ ᠪᠣᠯᠣᠰᠢ ᠦᠭᠡᠢ ᠴᠢᠬᠤᠯᠠ ᠡᠯᠧᠮᠧᠨ᠋ᠲ ᠪᠠ ᠵᠠᠩᠭᠢᠯᠠᠭ᠎ᠠ ᠶᠢᠨ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠪᠣᠯᠣᠨ᠎ᠠ᠃ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠬᠤᠪᠣᠷ ᠰᠢᠷᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ | ᠠᠵᠤ ᠦᠢᠯᠡᠰ ᠤᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠳᠠᠭ᠃ ᠣᠶᠢᠷ᠎ᠠ ᠶᠢᠨ ᠵᠢᠯ ᠳᠤ ᠂ ᠮᠠᠨ ᠤ ᠤᠯᠤᠰ ᠬᠤᠪᠣᠷ ᠰᠢᠷᠣᠶ ᠶᠢᠨ ᠠᠵᠢᠯ ᠲᠥᠷᠥᠯ ᠳᠤ ᠣᠷᠣᠬᠤ | ᠵᠥᠪᠰᠢᠶᠡᠷᠡᠯ ᠤᠨ ᠪᠠᠷᠢᠮᠵᠢᠶ᠎ᠠ᠂ ᠠᠵᠢᠯ ᠲᠥᠷᠥᠯ ᠢ ᠨᠡᠶᠢᠯᠡᠭᠦᠯᠬᠦ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠠᠯ᠎ᠠ ᠪᠠᠷ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ | ᠲᠣᠭᠲᠠᠭᠠᠵᠤ᠂ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠠᠶ᠃ ᠡᠭᠦᠨ ᠤ ᠬᠠᠮᠲᠤ᠂ ᠮᠠᠨ ᠤ ᠤᠯᠤᠰ ᠤᠨ ᠬᠤᠪᠣᠷ ᠰᠢᠷᠣᠶ ᠶᠢᠨ ᠬᠠᠮᠢᠶᠠᠷᠤᠯᠲᠠ ᠳᠤ | ᠮᠥᠨ ᠬᠦ ᠵᠠᠷᠢᠮ ᠳᠣᠪᠤᠶᠢᠮ᠎ᠠ ᠠᠰᠠᠭᠤᠳᠠᠯ ᠣᠷᠣᠰᠢᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠬᠠᠮᠤᠷᠤᠭᠰᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠴᠢᠬᠤᠯᠠᠲᠠᠶ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠪᠠ ᠪᠣᠬᠢᠷᠲᠤᠯ ᠦᠭᠡᠶ ᠤᠶᠤᠨᠴᠢᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠠᠵᠢᠯ ᠲᠥᠷᠥᠯ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠪᠤᠰᠤ ᠪᠠᠷ ᠨᠡᠭᠡᠭᠡᠨ ᠮᠠᠯᠲᠠᠬᠤ ᠪᠤᠶᠤ ᠬᠠᠤᠯᠢ | ᠪᠤᠰᠤ ᠪᠠᠷ ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ ᠂ ᠭᠦᠢᠴᠡᠳᠬᠡᠬᠦ ᠲᠤᠭ᠎ᠠ ᠦᠭᠡᠶ ᠪᠤᠶᠤ ᠭᠦᠢᠴᠡᠳᠬᠡᠬᠦ ᠲᠤᠭ᠎ᠠ ᠠᠴᠠ ᠳᠠᠪᠠᠭᠤᠯᠤᠨ ᠦᠢᠯᠡᠳᠪᠦᠷᠢᠯᠡᠬᠦ᠂ ᠬᠠᠤᠯᠢ | ᠪᠤᠰᠤ ᠬᠤᠪᠣᠷ ᠰᠢᠷᠣᠶ ᠶᠢᠨ ᠦᠢᠯᠡᠳᠬᠦᠨ ᠢ ᠬᠤᠳᠠᠯᠳᠤᠭᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠷᠭ᠎ᠠ ᠪᠠᠷᠢᠯ ᠨᠢ ᠬᠦᠷᠦᠯᠴᠡᠬᠦ | ᠦᠭᠡᠶ᠂ ᠰᠢᠢᠳᠭᠡᠨ ᠲᠣᠷᠭᠠᠬᠤ ᠡᠷᠴᠢᠮ ᠨᠢ ᠬᠦᠷᠦᠯᠴᠡᠬᠦ ᠦᠭᠡᠶ ᠪᠠᠶᠢᠨ᠎ᠠ᠃ ᠡᠶᠢᠮᠦ ᠠᠴᠠ᠂ ᠲᠤᠰᠬᠠᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠣᠭᠲᠠᠭᠠᠵᠤ᠂ ᠬᠤᠪᠣᠷ | ᠰᠢᠷᠣᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠵᠤ ᠦᠢᠯᠡᠰ ᠤᠨ ᠬᠥᠭᠵᠢᠯᠲᠡ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠴᠢᠬᠤᠯᠠᠲᠠᠶ᠃ | ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠡ ᠶᠢᠨ ᠶᠠᠮᠣᠨ ᠠᠴᠠ ᠦᠢᠷ᠎ᠠ ᠶᠢᠨ ᠵᠢᠯ ᠤᠨ ᠡᠯ᠎ᠠ ᠭᠠᠵᠡᠷ ᠣᠷᠣᠨ ᠤ ᠬᠤᠪᠤᠷ ᠰᠢᠷᠦᠢ ᠶᠢᠨ ᠬᠠᠮᠢᠶᠡᠷᠦᠯᠳᠡ ᠶᠢᠨ | ᠦᠢᠯᠡᠳᠣᠯᠭᠡ ᠶᠢᠨ ᠲᠣᠷᠰᠢᠯᠭ᠎ᠠ ᠶᠢ ᠳ᠋ᠦᠩᠨᠡᠵᠦ᠂ ᠬᠤᠯᠪᠤᠠᠠᠳᠡᠯ ᠪᠦᠬᠦᠢ ᠳᠡᠯ᠎ᠠ ᠶᠢᠨ ᠬᠢᠨ ᠤ ᠰᠠᠨᠠᠯ ᠢ ᠬᠤᠷᠢᠶ᠋ᠬᠠᠥ ᠶᠢᠨ ᠬᠠᠮᠳᠣ ᠨᠡᠶᠢᠭᠡᠮ ᠨᠡᠶᠢᠲᠡ ᠠᠴᠠ ᠢᠯᠡ ᠪᠠᠷ ᠰᠠᠨᠠᠯ | ᠬᠤᠷᠢᠶ᠋ᠬᠠᠰᠠᠨ ᠰᠠᠭᠤᠷᠢᠨ ᠳᠡᠭᠡᠷ᠎ᠠ᠂ ᠳᠥᠷᠥ ᠶᠢᠨ ᠶᠠᠪᠤᠳᠡᠯ ᠤᠨ ᠬᠤᠷᠢᠶ᠎ᠠ ᠳᠤ ︽ᠳᠥᠷᠢᠮ ︵ᠳᠥᠰᠥᠯ ᠢᠶᠠᠷ ᠬᠢᠨᠡᠨ ᠪᠠᠶᠢᠴᠠᠭᠠᠯᠭᠠᠬᠤ ᠡᠬᠡ ᠨᠣᠣᠷᠠᠭ︶︾ ᠢ ᠮᠡᠳᠡᠬᠦᠯᠥᠨ | ᠬᠦᠷᠭᠡᠵᠡᠢ᠃ ᠬᠠᠤᠯᠢ ᠴᠠᠭᠠᠵᠠ ᠶᠢᠨ ᠶᠠᠮᠤᠨ ᠲᠥᠪ ᠤᠨ ᠬᠤᠯᠪᠣᠭᠳᠠᠯ ᠪᠦᠬᠦᠢ ᠨᠢᠭᠡᠴᠢ᠂ ᠡᠯ᠎ᠡ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠢ | ᠥᠷᠭᠡᠨ ᠢᠶᠠᠷ ᠬᠤᠷᠢᠶᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠲᠠᠢ ᠬᠠᠮᠲᠤᠷᠠᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ | ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠪᠠ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠰᠣᠨᠣᠰᠴᠤ᠂ ᠭᠤᠣᠯᠳᠠᠯᠭ᠎ᠠ ᠲᠠᠢ ᠠᠰᠠᠭᠤᠳᠠᠯ ᠢ | ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ᠂ ︽ᠳᠦᠷᠢᠮ ︵ᠲᠥᠰᠦᠯ︶︾ ᠳᠤ ᠵᠠᠰᠠᠪᠤᠷᠢ ᠣᠷᠣᠭᠤᠯᠤᠨ ᠪᠦᠷᠢᠯᠳᠦᠭᠦᠯᠪᠡ᠃ 2024 ᠣᠨ ᠤ 4 ᠳ᠋ᠦ᠋ᠭᠡᠷ ᠰᠠᠷ᠎ᠠ ᠶᠢᠨ | 26 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ︽ᠲᠦᠷᠢᠮ ︵ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ | ᠠᠰᠠᠭᠤᠯᠲᠠ᠄ ︽ᠳᠦᠷᠢᠮ︾ ᠢ ᠲᠣᠭᠲᠠᠭᠠᠭᠰᠠᠨ ᠶᠡᠷᠦᠩᠬᠡᠢ ᠰᠡᠳᠬᠢᠮᠵᠢ ᠨᠢ ᠶᠠᠭᠤ ᠪᠣᠢ︖ | ᠬᠠᠷᠢᠭᠤᠯᠲᠠ᠄ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠣᠣᠷᠠᠬᠢ ᠶᠡᠷᠦᠩᠬᠡᠢ ᠰᠡᠳᠬᠢᠮᠵᠢ ᠶᠢ ᠵᠢᠷᠤᠮᠯᠠᠪᠠ᠄ ᠨᠢᠭᠡ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ ᠶᠢ ᠪᠠᠷᠢᠮᠲᠠᠯᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠵᠤ᠂ ᠤᠯᠤᠰ ᠤᠨ ᠡᠬᠢ ᠪᠠᠶᠠᠯᠢᠭ ᠤᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠤᠪᠣᠷ ᠰᠢᠷᠣᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠠᠵᠤ ᠦᠢᠯᠡᠰ ᠤᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ | ᠲᠦᠷᠢᠮ ᠢ ᠪᠦᠲᠦᠮᠵᠢᠲᠡᠢ ᠵᠣᠯᠭᠠᠭᠤᠯᠬᠤ ᠶᠢ ᠪᠠᠷᠢᠮᠲᠠᠯᠠᠵᠤ᠂ ︽ᠲᠦᠷᠢᠮ︾ ᠢ ᠬᠤᠪᠣᠷ ᠰᠢᠷᠣᠢ ᠶᠢᠨ ᠬᠠᠮᠢᠶᠠᠷᠤᠯᠲᠠ ᠶᠢᠨ ᠲᠤᠰᠬᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ | ᠪᠠᠶᠢᠷᠢ ᠲᠣᠭᠲᠠᠭᠠᠯᠲᠠ ᠪᠣᠯᠭᠠᠬᠤ ᠶᠢ ᠡᠵᠡᠮᠳᠡᠬᠦ ᠶᠢᠨ ᠬᠠᠮᠲᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯᠲᠠ ᠲᠠᠢ ᠰᠠᠶᠢᠲᠤᠷ ᠵᠣᠯᠭᠠᠯᠳᠤᠭᠤᠯᠤᠨ᠎ᠠ᠃ | ᠠᠰᠠᠭᠤᠯᠲᠠ᠄ ︽ᠳᠦᠷᠢᠮ︾ ᠨᠢ ᠬᠤᠪᠣᠷ ᠰᠢᠷᠣᠶ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠶ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠤᠷᠬᠠᠶᠢᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠬᠤᠪᠣᠷ ᠰᠢᠷᠣᠶ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠵᠤ᠂ ᠬᠤᠪᠣᠷ ᠰᠢᠷᠣᠶ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠡᠷᠭᠡ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠪᠣᠷ ᠰᠢᠷᠣᠶ ᠶᠢᠨ | ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠬᠤᠶᠠᠷ ᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠲᠠᠲᠠᠶᠢᠵᠢᠭᠤᠯᠪᠠ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠪᠣᠷ ᠰᠢᠷᠣᠶ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠣᠰᠣᠭᠠᠷ ᠬᠤᠪᠣᠷ ᠰᠢᠷᠣᠶ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ᠠᠰᠠᠭᠤᠯᠲᠠ᠄ ︽ᠲᠦᠷᠢᠮ︾ ᠨᠢ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ ᠶᠠᠮᠠᠷ ᠶᠠᠮᠠᠷ ᠭᠤᠤᠯ ᠠᠷᠭ᠎ᠠ | ᠬᠡᠮᠵᠢᠶ᠎ᠡ ᠶᠢ ᠲᠣᠭᠲᠠᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠪᠠ᠃ ᠤᠯᠤᠰ ᠠᠴᠠ ᠬᠤᠪᠣᠷ ᠰᠢᠷᠣᠶ ᠶᠢᠨ ᠠᠵᠤ ᠦᠢᠯᠡᠰ ᠤᠨ | ᠬᠥᠭᠵᠢᠯᠲᠡ ᠳᠤ ᠨᠢᠭᠡᠳᠦᠯᠲᠡᠶ ᠲᠥᠯᠥᠪᠵᠢᠭᠦᠯᠭᠡ ᠶᠢ ᠬᠡᠷᠡᠭᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠣᠬᠢᠶᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠶᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠲᠤᠪᠤᠶᠢᠯᠭᠠᠪᠠ᠃ ᠤᠯᠤᠰ ᠠᠴᠠ ᠬᠤᠪᠣᠷ ᠰᠢᠷᠣᠶ ᠶᠢᠨ ᠠᠵᠤ ᠦᠢᠯᠡᠰ ᠤᠨ ᠰᠢᠨ᠎ᠡ ᠲᠧᠭᠨᠢᠭ ᠮᠡᠷᠭᠡᠵᠢᠯ᠂ ᠰᠢᠨ᠎ᠡ ᠭᠠᠷ ᠤᠷᠠᠯᠠᠯ᠂ ᠰᠢᠨ᠎ᠡ ᠦᠢᠯᠡᠳᠬᠦᠨ᠂ | ᠰᠢᠨ᠎ᠡ ᠮᠠᠲ᠋ᠧᠷᠢᠶᠠᠯ᠂ ᠰᠢᠨ᠎ᠡ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠵᠣᠷᠢᠭᠵᠢᠭᠤᠯᠤᠨ ᠳᠠᠮᠵᠢᠨ᠎ᠠ᠃ ᠠᠵᠤ ᠠᠬᠤᠶᠢᠯᠠᠯ ᠤᠨ ᠲᠡᠷᠢᠭᠦᠨ ᠤ | ᠬᠡᠷᠡᠭᠯᠡᠭᠡᠨ ᠤ ᠮᠡᠷᠭᠡᠵᠢᠯ᠂ ᠭᠠᠷ ᠤᠷᠠᠯᠠᠯ ᠢ ᠠᠰᠢᠭᠯᠠᠨ ᠬᠤᠪᠣᠷ ᠰᠢᠷᠣᠶ ᠶᠢᠨ ᠬᠤᠶᠠᠳᠠᠬᠢ ᠤᠳᠠᠭ᠎ᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠤᠨ ᠳᠡᠮᠵᠢᠨ᠎ᠡ᠃ | ᠭᠤᠷᠪᠠ ᠳᠤ᠂ ᠪᠣᠬᠢᠷᠲᠤᠯ ᠦᠭᠡᠢ ᠬᠥᠭᠵᠢᠯᠲᠡ᠂ ᠠᠶᠤᠯᠭᠦᠢ ᠦᠢᠯᠡᠳᠪᠦᠷᠢᠯᠡᠯ ᠢ ᠪᠡᠶᠡᠯᠡᠭᠦᠯᠪᠡ᠃ ᠬᠤᠪᠣᠷ ᠰᠢᠷᠣᠶ ᠮᠠᠯᠲᠠᠬᠤ᠂ ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ | ᠂ ᠲᠡᠮᠦᠷᠯᠢᠭ ᠬᠠᠶᠢᠯᠤᠭᠤᠯᠬᠤ᠂ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠳ ᠬᠤᠯᠪᠣᠭᠳᠠᠯ ᠪᠦᠬᠦᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠡᠨᠧᠷᠭᠢ ᠠᠷᠪᠢᠯᠠᠨ | ᠣᠷᠴᠢᠨ ᠲᠣᠭᠤᠷᠢᠨ ᠢ ᠬᠠᠮᠠᠭᠠᠯᠠᠬᠤ᠂ ᠠᠷᠢᠭᠤᠨ ᠴᠡᠪᠡᠷ ᠦᠢᠯᠡᠳᠪᠦᠷᠢᠯᠡᠬᠦ᠂ ᠠᠶᠤᠯᠭᠦᠢ ᠦᠢᠯᠡᠳᠪᠦᠷᠢᠯᠡᠬᠦ ᠪᠠ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠷᠤᠮᠯᠠᠨ᠎ᠠ᠃ | ᠠᠰᠠᠭᠤᠯᠲᠠ᠄ ᠬᠤᠪᠣᠷ ᠰᠢᠷᠣᠶ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠤᠬᠠᠶ ︽ᠲᠦᠷᠢᠮ︾ ᠳᠤ ᠶᠠᠮᠠᠷ ᠲᠠᠯ᠎ᠠ ᠪᠠᠷ | ᠲᠣᠭᠲᠠᠭᠠᠯ ᠭᠠᠷᠭᠠᠭᠰᠠᠨ ᠪᠣᠶ︖ | ᠬᠠᠷᠢᠭᠤᠯᠲᠠ᠄ ᠨᠢᠭᠡ ᠳᠤ᠂ ᠬᠤᠪᠣᠷ ᠰᠢᠷᠣᠢ ᠶᠢ ᠨᠡᠭᠡᠭᠡᠨ ᠮᠠᠯᠲᠠᠬᠤ᠂ ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠲᠣᠳᠤᠷᠬᠠᠶᠢᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠪᠣᠷ ᠰᠢᠷᠣᠶ ᠮᠠᠯᠲᠠᠬᠤ ᠠᠵᠤ ᠠᠬᠤᠶᠢᠯᠠᠯ ᠪᠠ ᠬᠤᠪᠣᠷ ᠰᠢᠷᠣᠶ ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ | ᠠᠵᠤ ᠠᠬᠤᠶᠢᠯᠠᠯ ᠢ ᠲᠣᠭᠲᠠᠭᠠᠨ᠎ᠠ᠃ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠬᠤᠪᠣᠷ ᠰᠢᠷᠣᠶ ᠶᠢ ᠮᠠᠯᠲᠠᠬᠤ ᠪᠠ ᠬᠤᠪᠣᠷ ᠰᠢᠷᠣᠶ ᠶᠢ ᠬᠠᠶᠢᠯᠤᠭᠤᠯᠤᠨ | ᠪᠣᠯᠪᠠᠰᠤᠷᠠᠭᠤᠯᠬᠤ ᠶᠢ ᠰᠠᠯᠭᠠᠬᠤ ᠶᠢ ᠡᠷᠬᠢᠯᠡᠨ ᠬᠢᠵᠦ ᠪᠣᠯᠬᠤ ᠦᠭᠡᠶ᠃ ᠬᠤᠶᠠᠷ ᠲᠤ᠂ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠳᠦᠷᠢᠮ ᠢ ᠪᠠᠶᠢᠭᠤᠯᠪᠠ᠃ | ᠤᠯᠤᠰ ᠠᠴᠠ ᠬᠤᠪᠣᠷ ᠰᠢᠷᠣᠶ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠪᠠ ᠲᠥᠷᠥᠯ ᠵᠦᠢᠯ ᠤᠨ ᠵᠥᠷᠢᠶ᠎ᠡ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ | ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠬᠤᠪᠣᠷ ᠰᠢᠷᠣᠶ ᠶᠢ ᠨᠡᠭᠡᠭᠡᠨ ᠮᠠᠯᠲᠠᠬᠤ ᠪᠠ ᠬᠠᠶᠢᠯᠤᠭᠤᠯᠤᠨ | ᠪᠣᠯᠪᠠᠰᠤᠷᠠᠭᠤᠯᠬᠤ ᠶᠢ ᠰᠠᠯᠭᠠᠬᠤ ᠳᠤ ᠶᠡᠷᠦᠩᠬᠡᠶ ᠬᠡᠮᠵᠢᠶᠡᠨ ᠤ ᠲᠣᠬᠢᠷᠠᠭᠤᠯᠭ᠎ᠠ ᠡᠵᠡᠮᠳᠡᠯ ᠢ ᠬᠡᠷᠡᠭᠵᠢᠭᠦᠯᠬᠦ ᠶᠢᠨ ᠬᠠᠮᠲᠤ ᠬᠥᠳᠡᠯᠦᠩᠭᠦᠶ ᠬᠠᠮᠢᠶᠠᠷᠤᠯᠲᠠ ᠶᠢ ᠰᠢᠯᠢᠳᠡᠭᠵᠢᠭᠦᠯᠦᠨ᠎ᠡ᠃ | ᠭᠤᠷᠪᠠ ᠳᠤ᠂ ᠬᠤᠪᠣᠷ ᠰᠢᠷᠣᠶ ᠶᠢ ᠶᠡᠷᠦᠩᠬᠡᠶᠢᠯᠡᠨ ᠠᠰᠢᠭᠯᠠᠬᠤ ᠶᠢ ᠵᠢᠷᠤᠮᠵᠢᠭᠤᠯᠪᠠ᠃ ᠬᠤᠪᠣᠷ ᠰᠢᠷᠣᠶ ᠶᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠳ ᠬᠤᠪᠣᠷ | ᠰᠢᠷᠣᠶ ᠶᠢᠨ ᠠᠭᠤᠷᠬᠠᠶ ᠶᠢᠨ ᠪᠦᠲᠦᠭᠡᠭᠳᠡᠬᠦᠨ ᠢᠶᠠᠷ ᠲᠦᠭᠦᠬᠡᠶ ᠮᠠᠲ᠋ᠧᠷᠢᠶᠠᠯ ᠪᠣᠯᠭᠠᠨ ᠦᠢᠯᠡᠳᠪᠦᠷᠢᠯᠡᠯ ᠤᠨ ᠠᠵᠢᠯᠯᠠᠭ᠎ᠠ ᠬᠢᠵᠦ ᠪᠣᠯᠬᠤ ᠦᠭᠡᠶ᠃ ᠳᠥᠷᠪᠡ ᠳᠤ᠂ ᠪᠦᠲᠦᠭᠡᠭᠳᠡᠬᠦᠨ ᠢ | ᠮᠥᠷᠳᠡᠨ ᠨᠡᠬᠡᠮᠵᠢᠯᠡᠬᠦ ᠳᠦᠷᠢᠮ ᠢ ᠪᠠᠶᠢᠭᠤᠯᠪᠠ᠃ ᠬᠤᠪᠣᠷ ᠰᠢᠷᠣᠶ ᠮᠠᠯᠲᠠᠬᠤ᠂ ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ᠂ ᠲᠡᠮᠦᠷᠯᠢᠭ ᠪᠣᠯᠪᠠᠰᠤᠷᠠᠭᠤᠯᠬᠤ᠂ | ᠶᠡᠷᠦᠩᠬᠡᠶᠢᠯᠡᠨ ᠠᠰᠢᠭᠯᠠᠬᠤ ᠪᠠ ᠬᠤᠪᠣᠷ ᠰᠢᠷᠣᠶ ᠶᠢᠨ ᠦᠢᠯᠡᠳᠬᠦᠨ ᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠳ ᠬᠤᠪᠣᠷ ᠰᠢᠷᠣᠶ ᠶᠢᠨ ᠦᠢᠯᠡᠳᠬᠦᠨ ᠤ ᠭᠦᠢᠯᠭᠡᠭᠡᠨ ᠤ | ᠮᠡᠳᠡᠭᠡ ᠵᠠᠩᠭᠢ ᠶᠢ ᠦᠨᠡᠨ ᠪᠣᠳᠠᠲᠠᠶ ᠪᠠᠷ ᠲᠡᠮᠳᠡᠭᠯᠡᠬᠦ ᠶᠢᠨ ᠬᠠᠮᠲᠤ ᠬᠤᠪᠣᠷ ᠰᠢᠷᠣᠶ ᠶᠢᠨ ᠦᠢᠯᠡᠳᠬᠦᠨ ᠤ ᠮᠥᠷᠳᠡᠨ ᠤᠬᠤᠴᠢᠯᠠᠬᠤ ᠮᠡᠳᠡᠭᠡ ᠵᠠᠩᠭᠢ ᠶᠢᠨ ᠰᠢᠰᠲ᠋ᠧᠮ ᠳᠤ | ᠣᠷᠣᠭᠤᠯᠬᠤ ᠬᠡᠷᠡᠭᠲᠡᠶ᠃ ᠲᠠᠪᠤ ᠳᠤ᠂ ᠭᠦᠢᠯᠭᠡᠭᠡᠨ ᠤ ᠬᠠᠮᠢᠶᠠᠷᠤᠯᠲᠠ ᠶᠢ ᠴᠢᠩᠭᠠᠳᠬᠠᠪᠠ᠃ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠬᠤᠪᠣᠷ ᠰᠢᠷᠣᠶ ᠶᠢᠨ | ᠦᠢᠯᠡᠳᠬᠦᠨ ᠢ ᠬᠤᠳᠠᠯᠳᠤᠨ ᠠᠪᠬᠤ᠂ ᠡᠳ᠋ᠰᠢᠭᠦᠯᠬᠦ᠂ ᠪᠣᠷᠣᠯᠠᠭᠤᠯᠬᠤ᠂ ᠬᠠᠣᠯᠢ ᠪᠣᠰᠤ ᠪᠠᠷ ᠮᠠᠯᠲᠠᠵᠤ ᠭᠠᠳᠠᠭᠠᠳᠤ ᠳᠤ ᠭᠠᠷᠭᠠᠬᠤ ᠪᠣᠶᠤ ᠬᠠᠤᠯᠢ ᠪᠤᠰᠤ ᠪᠠᠷ ᠬᠠᠶᠢᠯᠤᠭᠤᠯᠤᠨ | ᠪᠣᠯᠪᠠᠰᠤᠷᠠᠭᠤᠯᠬᠤ ᠶᠢ ᠰᠠᠯᠭᠠᠵᠤ ᠪᠣᠯᠬᠤ ᠦᠭᠡᠶ᠃ ᠬᠤᠪᠣᠷ ᠰᠢᠷᠣᠶ ᠶᠢᠨ ᠦᠢᠯᠡᠳᠬᠦᠨ ᠵᠢᠴᠢ ᠬᠠᠮᠢᠶ᠎ᠠ ᠪᠦᠬᠦᠢ ᠮᠡᠷᠭᠡᠵᠢᠯ᠂ ᠭᠠᠷ ᠤᠷᠠᠯᠠᠯ᠂ ᠲᠣᠨᠤᠭ ᠲᠥᠬᠦᠭᠡᠷᠦᠮᠵᠢ ᠶᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠠᠭᠠᠨ ᠬᠤᠯᠪᠣᠭᠳᠠᠯ ᠪᠦᠬᠦᠢ ᠭᠠᠳᠠᠭᠠᠳᠤ ᠠᠷᠠᠯᠵᠢᠶ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠬᠠᠮᠢᠶᠠᠷᠤᠯᠲᠠ ᠶᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ | ᠠᠰᠠᠭᠤᠯᠲᠠ᠄ ︽ᠲᠦᠷᠢᠮ︾ ᠨᠢ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠ ᠬᠠᠤᠯᠢ ᠶᠢᠨ ᠬᠠᠷᠢᠭᠤᠴᠠᠯᠭ᠎ᠠ ᠶᠢᠨ ᠲᠠᠯ᠎ᠠ ᠪᠠᠷ ᠶᠠᠮᠠᠷ ᠲᠣᠭᠲᠠᠭᠠᠯ ᠭᠠᠷᠭᠠᠭᠰᠠᠨ | ᠪᠣᠶ︖ | ᠬᠠᠷᠢᠭᠤᠯᠲᠠ᠄ ᠨᠢᠭᠡ ᠳᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠪᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠠ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠤᠪᠣᠷ ᠰᠢᠷᠣᠶ ᠮᠠᠯᠲᠠᠬᠤ᠂ | ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ᠂ ᠲᠡᠮᠦᠷᠯᠢᠭ ᠬᠠᠶᠢᠯᠤᠭᠤᠯᠬᠤ᠂ ᠶᠡᠷᠦᠩᠬᠡᠶᠢᠯᠡᠨ ᠠᠰᠢᠭᠯᠠᠬᠤ᠂ ᠦᠢᠯᠡᠳᠬᠦᠨ ᠤ ᠭᠦᠢᠯᠭᠡᠭᠡᠨ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠵᠡᠷᠭᠡ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠠᠤᠯᠢ | ᠶᠣᠰᠣᠭᠠᠷ ᠰᠢᠢᠳᠪᠦᠷᠢᠯᠷᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠳᠡᠭᠡᠨ᠂ ᠪᠠᠶᠢᠴᠠᠭᠠᠭᠳᠠᠬᠤ ᠨᠢᠭᠡᠴᠢ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ | ᠮᠠᠲ᠋ᠧᠷᠢᠶᠠᠯ ᠢ ᠪᠠᠶᠢᠴᠠᠭᠠᠨ ᠦᠵᠡᠬᠦ᠂ ᠪᠠᠶᠢᠴᠠᠭᠠᠭᠳᠠᠬᠤ ᠨᠢᠭᠡᠴᠢ ᠵᠢᠴᠢ ᠬᠤᠯᠪᠣᠭᠳᠠᠯ ᠪᠦᠬᠦᠢ ᠬᠥᠮᠦᠰ ᠠᠴᠠ ᠯᠠᠪᠯᠠᠨ ᠠᠰᠠᠭᠤᠬᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ | ᠬᠤᠯᠪᠣᠭᠳᠠᠭᠰᠠᠨ ᠲᠠᠯᠠᠪᠤᠷ ᠲᠤ ᠣᠷᠣᠵᠤ ᠪᠠᠶᠢᠴᠠᠭᠠᠯᠲᠠ ᠬᠢᠬᠦ ᠪᠠ ᠭᠡᠷᠡᠴᠢ ᠠᠪᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠡᠷᠬᠡ ᠲᠠᠢ᠃ ᠬᠤᠶᠠᠷ ᠲᠤ᠂ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠳᠤᠷᠬᠠᠶᠢᠯᠠᠪᠠ᠃ ᠬᠤᠪᠣᠷ ᠰᠢᠷᠣᠶ ᠶᠢ ᠬᠠᠤᠯᠢ ᠪᠤᠰᠤ ᠪᠠᠷ ᠨᠡᠭᠡᠭᠡᠨ ᠮᠠᠯᠲᠠᠬᠤ᠂ ᠬᠠᠶᠢᠯᠤᠭᠤᠯᠤᠨ ᠪᠣᠯᠪᠠᠰᠤᠷᠠᠭᠤᠯᠬᠤ ᠶᠢ ᠰᠠᠯᠭᠠᠬᠤ᠂ ᠶᠡᠷᠦᠩᠬᠡᠶ ᠬᠡᠮᠵᠢᠶ᠎ᠡ ᠶᠢ | ᠲᠣᠬᠢᠷᠠᠭᠤᠯᠤᠨ ᠡᠵᠡᠮᠳᠡᠬᠦ ᠬᠠᠮᠢᠶᠠᠷᠤᠯᠲᠠ ᠶᠢᠨ ᠲᠣᠭᠲᠠᠭᠠᠯ᠂ ᠦᠢᠯᠡᠳᠬᠦᠨ ᠢ ᠨᠡᠬᠡᠮᠵᠢᠯᠡᠨ ᠮᠥᠷᠳᠡᠬᠦ ᠳᠦᠷᠢᠮ ᠢ ᠵᠥᠷᠢᠴᠡᠵᠦ᠂ ᠬᠠᠤᠯᠢ ᠪᠤᠰᠤ ᠪᠠᠷ ᠨᠡᠭᠡᠭᠡᠨ ᠮᠠᠯᠲᠠᠬᠤ ᠪᠤᠶᠤ | ᠬᠠᠤᠯᠢ ᠪᠤᠰᠤ ᠪᠠᠷ ᠲᠡᠮᠦᠷᠯᠢᠭ ᠬᠠᠶᠢᠯᠤᠭᠤᠯᠵᠤ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠣᠬᠢᠴᠠᠩᠭᠤᠶ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠲᠣᠭᠲᠠᠭᠠᠪᠠ᠃ ᠡᠭᠦᠨ ᠤ ᠬᠠᠮᠲᠤ᠂ ᠬᠤᠪᠣᠷ ᠰᠢᠷᠣᠶ ᠮᠠᠯᠲᠠᠬᠤ᠂ ᠬᠠᠶᠢᠯᠠᠭᠤᠯᠤᠨ ᠪᠣᠯᠪᠠᠰᠤᠷᠠᠭᠤᠯᠬᠤ ᠶᠢ ᠰᠠᠯᠭᠠᠬᠤ᠂ ᠲᠡᠮᠦᠷᠯᠢᠭ ᠬᠠᠶᠢᠯᠤᠭᠤᠯᠬᠤ᠂ | ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠨᠢ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ᠂ ᠠᠷᠢᠭᠤᠨ ᠴᠡᠪᠡᠷ ᠦᠢᠯᠡᠳᠪᠦᠷᠢᠯᠡᠬᠦ᠂ ᠠᠶᠣᠯᠭᠦᠢ ᠦᠢᠯᠡᠳᠪᠦᠷᠢᠯᠡᠬᠦ | ᠪᠠ ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠣᠰᠣᠭᠠᠷ | ᠬᠠᠤᠯᠢ ᠶᠣᠰᠣᠭᠠᠷ ᠰᠢᠢᠳᠭᠡᠨ ᠲᠣᠷᠭᠠᠬᠤ ᠬᠡᠷᠡᠭᠲᠡᠶ᠃ | ᠠᠰᠠᠭᠤᠯᠲᠠ᠄ ︽ᠳᠦᠷᠢᠮ︾ ᠢ ᠬᠡᠷᠡᠭᠵᠢᠭᠦᠯᠦᠭᠰᠡᠨ ᠤ ᠳᠠᠷᠠᠭ᠎ᠠ᠂ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦᠪᠣᠢ︖ | ᠬᠠᠷᠢᠭᠤᠯᠲᠠ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠬᠢᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠳᠦᠷᠢᠮ︾ ᠢ ᠲᠤᠭᠤᠰᠢᠯᠠᠭᠤᠯᠤᠨ | ᠬᠡᠷᠡᠭᠵᠢᠭᠦᠯᠬᠦ ᠠᠵᠢᠯ ᠢ ᠬᠠᠮᠲᠤ ᠪᠠᠷ ᠰᠠᠶᠢᠲᠤᠷ ᠭᠦᠢᠴᠡᠳᠬᠡᠨ᠎ᠡ᠃ ᠨᠢᠭᠡ ᠳᠤ᠂ ᠤᠬᠠᠭᠤᠯᠤᠨ ᠲᠠᠶᠢᠯᠪᠤᠷᠢᠯᠠᠬᠤ ᠡᠷᠴᠢᠮ ᠢ ᠴᠢᠩᠭᠠᠷᠠᠭᠤᠯᠤᠨ᠎ᠠ᠃ ︽ᠳᠥᠷᠢᠮ︾ ᠤᠨ ᠲᠣᠰᠬᠠᠢ | ᠮᠡᠷᠭᠡᠵᠢᠯ ᠤᠨ ᠴᠢᠨᠡᠷ ᠢᠶᠠᠷ ᠨᠡᠯᠢᠶᠡᠳ ᠴᠢᠩᠭ᠎ᠠ ᠪᠠᠶᠢᠬᠤ ᠣᠨᠴᠠᠯᠢᠭ ᠲᠤ ᠴᠢᠭᠯᠡᠬᠦᠯᠥᠨ᠂ ᠣᠯᠡᠨ ᠵᠦᠢᠯ ᠤᠨ ᠠᠷᠭ᠎ᠠ ᠮᠠᠶ᠋ᠢᠭ ᠢ ᠭᠡᠷᠡᠭᠯᠡᠨ ︽ᠳᠥᠷᠢᠮ︾ ᠢ ᠣᠬᠠᠭᠤᠯᠵᠦ᠂ ᠬᠤᠪᠤᠷ | ᠰᠢᠷᠦᠢ ᠶᠢᠨ ᠬᠠᠮᠢᠶᠡᠷᠦᠯᠳᠡ ᠶᠢᠨ ᠲᠣᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠨ᠂ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠨ ᠠᠵᠢᠯᠳᠡᠨ᠂ ᠠᠵᠦ ᠠᠬᠤᠶᠢᠯᠠᠯ ᠵᠡᠷᠭᠡ ᠶᠢ | ᠬᠠᠪᠰᠣᠷᠣᠨ ︽ᠲᠦᠷᠢᠮ︾ ᠤᠨ ᠠᠭᠤᠯᠭ᠎ᠠ ᠶᠢ ᠨᠡᠩ ᠰᠠᠶᠢᠨ ᠡᠵᠡᠮᠰᠢᠭᠦᠯᠥᠨᠠ᠃ ᠬᠤᠶᠠᠷ ᠲᠤ᠂ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠠᠳᠬᠤᠨ᠎ᠠ᠃ ︽ᠳᠦᠷᠢᠮ︾ ᠢ | ᠦᠨᠳᠦᠰᠦᠯᠡᠨ ᠲᠣᠭᠲᠠᠭᠠᠭᠰᠠᠨ ᠬᠤᠪᠣᠷ ᠰᠢᠷᠣᠶ ᠶᠢᠨ ᠪᠦᠬᠦ ᠬᠡᠯᠬᠢᠶᠡᠰᠦ ᠶᠢᠨ ᠬᠠᠮᠢᠶᠠᠷᠤᠯᠲᠠ ᠶᠢᠨ ᠳᠦᠷᠢᠮ ᠤᠨ ᠪᠣᠷᠣ ᠲᠥᠯᠥᠪ ᠨᠢ ᠬᠠᠮᠢᠶ᠎ᠠ ᠪᠦᠬᠦᠢ ᠳᠦᠬᠦᠷ ᠳᠦᠷᠢᠮ ᠢ | ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠦᠨᠡᠨ ᠬᠦ ᠰᠠᠶᠢᠲᠤᠷ ᠬᠢᠨ᠎ᠡ᠃ ᠭᠤᠷᠪᠠ ᠳᠤ᠂ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ︽ᠳᠥᠷᠢᠮ︾ ᠢ ᠭᠡᠷᠡᠭᠵᠢᠬᠦᠯᠬᠦ ᠠᠵᠢᠯᠯᠠᠭᠠᠨ ᠤ ᠠᠵᠠ ᠲᠣᠬᠢᠶᠠᠯ ᠢᠶᠠᠷ ᠠᠵᠦ ᠦᠢᠯᠡᠰ ᠤᠨ ᠰᠢᠨᠵᠢᠯᠡᠬᠦ | ᠣᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠪᠠᠷ ᠬᠦᠳᠦᠯᠥᠨ ᠵᠢᠯᠥᠭᠤᠳᠴᠥ ᠪᠠᠶᠢᠭᠠᠳ᠂ ᠠᠵᠦ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠣᠷᠡᠯᠡᠯ᠂ ᠰᠢᠨ᠎ᠡ | ᠦᠢᠯᠡᠳᠬᠦᠨ᠂ ᠰᠢᠨ᠎ᠡ ᠮᠠᠲ᠋ᠧᠷᠢᠶᠡᠯ᠂ ᠰᠢᠨ᠎ᠡ ᠲᠤᠨᠤᠭ ᠳᠥᠬᠦᠭᠡᠷᠦᠮᠵᠢ ᠶᠢ ᠰᠣᠳᠣᠯᠥᠨ ᠨᠡᠭᠡᠭᠡᠬᠦ ᠪᠠ ᠠᠵᠦ ᠦᠢᠯᠡᠰᠵᠢᠬᠦᠯᠬᠦ ᠶᠢ ᠳᠡᠮᠵᠢᠵᠦ᠂ ᠠᠵᠦ ᠦᠢᠯᠡᠰ ᠤᠨ ᠳᠡᠭᠡᠳᠦ | ᠦᠵᠦᠭᠦᠷᠵᠢᠯᠳᠡ᠂ ᠣᠶᠣᠨᠵᠢᠯᠳᠡ᠂ ᠪᠤᠬᠢᠷᠳᠦᠯ ᠦᠭᠡᠢ ᠶᠢᠨ ᠦᠭᠡᠷᠡᠴᠢᠯᠡᠨ ᠰᠢᠨᠡᠳᠭᠡᠵᠦ ᠳᠡᠰ ᠳᠡᠪᠰᠢᠬᠦᠯᠬᠦ ᠶᠢ ᠳᠦᠷᠭᠡᠳᠭᠡᠨ᠂ ᠬᠤᠪᠤᠷ ᠰᠢᠷᠦᠢ ᠶᠢᠨ ᠠᠵᠦ ᠦᠢᠯᠡᠰ ᠤᠨ | ᠬᠦᠭᠵᠢᠯᠳᠡ ᠶᠢᠨ ᠶᠠᠰᠣ ᠴᠢᠨᠡᠷ ᠤᠨ ᠬᠢᠷᠢ ᠭᠡᠮᠵᠢᠶ᠎ᠠ ᠶᠢ ᠳᠡᠭᠡᠭᠰᠢᠯᠡᠭᠦᠯᠦᠨ᠎ᠡ᠃ | |