ᠪᠤᠭᠤᠲᠤ ᠬᠤᠲᠠ᠄ ᠪᠠᠯᠠ ᠮᠥᠩᠭᠦ ᠶᠢᠨ ᠳᠡᠮᠵᠢᠯᠭᠡ ᠪᠠᠨ ᠴᠢᠩᠭᠠᠳᠬᠠᠵᠤ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2024/7/15
    ᠣᠳᠣᠬᠠᠨ ᠳᠤ᠂ ᠪᠤᠭᠤᠲᠤ ᠬᠤᠲᠠ ᠠᠵᠤ ᠦᠢᠯᠡᠳᠪᠦᠷᠢ ᠶᠢᠨ ᠬᠦᠷᠢᠶᠡᠨ ᠤ ᠮᠢᠩᠭ᠎ᠠ ᠰᠢᠬᠠᠮ ᠲᠦᠷᠦᠯ ᠵᠦᠢᠯ ᠢ ᠨᠠᠷᠢᠨ ᠨᠢᠮᠪᠠᠶ ᠲᠥᠯᠥᠪᠵᠢᠭᠦᠯᠵᠦ᠂ ᠨᠥᠭᠡᠴᠡᠯᠡᠵᠦ᠂ ᠪᠣᠭᠤᠳᠠᠯᠯᠠᠵᠤ᠂ ᠨᠢᠭᠡᠨᠲᠡ ᠥᠪᠡᠷᠲᠡᠭᠡᠨ ᠵᠠᠰᠠᠬᠤ ᠣᠷᠣᠨ ᠳᠤ ᠬᠤᠪᠣᠷ ᠰᠢᠷᠣᠶ ᠶᠢᠨ ᠬᠡᠯᠪᠡᠷᠢ ᠪᠠᠨ ᠬᠤᠪᠢᠷᠠᠭᠤᠯᠬᠤ᠂ ᠲᠤᠰᠬᠠᠶ ᠨᠠᠷᠢᠯᠢᠭ ᠦᠪᠡᠷᠮᠢᠴᠡ ᠰᠢᠨ᠎ᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠥᠷᠥᠯ ᠵᠦᠢᠯ ᠢ 634 ᠮᠡᠳᠡᠭᠦᠯᠦᠨ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠦᠷᠭᠦᠯᠵᠢᠯᠡᠨ ᠴᠢᠷᠮᠠᠶᠢᠨ ᠣᠯᠵᠤ᠂ ᠪᠠᠶᠢᠳᠠᠯ ᠢ ᠠᠰᠢᠭᠯᠠᠨ ᠬᠤᠪᠣᠷ ᠰᠢᠷᠣᠶ ᠶᠢᠨ ᠠᠵᠤ ᠦᠢᠯᠡᠰ ᠤᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢ ᠳᠡᠮᠵᠢᠪᠡ᠃    ᠪᠤᠭᠤᠲᠤ ᠬᠤᠲᠠ ᠤᠯᠤᠰ ᠤᠨ ᠰᠢᠨ᠎ᠡ ᠨᠢᠭᠡ ᠡᠭᠡᠯᠵᠢ ᠶᠢᠨ ᠠᠭᠤᠷᠬᠠᠶ ᠬᠠᠶᠢᠬᠤ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠠᠰᠢᠭᠲᠠᠢ ᠠᠵᠠ ᠲᠣᠬᠢᠶᠠᠯ ᠢ ᠵᠠᠪᠳᠤᠨ᠂ ᠬᠤᠪᠣᠷ ᠰᠢᠷᠣᠶ ᠶᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ᠂ ᠨᠡᠮᠡᠭᠳᠡᠯ ᠤᠨ ᠤᠬᠠᠮᠰᠠᠷ ᠢᠶᠠᠨ ᠴᠢᠩᠭᠠᠷᠠᠭᠤᠯᠵᠤ᠂ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃    ᠨᠢᠳᠤᠨᠤᠨ ᠠᠴᠠ ᠨᠠᠭᠠᠰᠢ ᠠᠵᠤ ᠦᠢᠯᠡᠳᠪᠦᠷᠢ ᠶᠢᠨ ᠬᠦᠷᠢᠶᠡᠨ ᠳᠤ ᠨᠡᠶᠢᠳᠡ 28 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠭᠤᠣᠯᠳᠠᠭᠤ ᠬᠤᠪᠣᠷ ᠰᠢᠷᠣᠢ ᠶᠢᠨ ᠠᠵᠤ ᠦᠢᠯᠡᠰ ᠲᠡᠶᠢᠰᠢ ᠬᠡᠯᠪᠠᠶᠢᠯᠭᠡᠨ ᠬᠦᠴᠦᠯᠡᠵᠦ᠂ ᠭᠤᠣᠯᠳᠠᠯᠭ᠎ᠠ ᠪᠣᠯᠬᠤ ᠠᠵᠤ ᠦᠢᠯᠡᠰ ᠤᠨ ᠪᠥᠭᠡᠮᠨᠡᠷᠡᠯ ᠪᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠤᠳᠤ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠪᠠ᠃    ᠪᠤᠭᠤᠲᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠤᠤᠯ ᠤᠨ ᠪᠠᠶᠢᠭᠤᠯᠤᠯ ᠢᠶᠠᠨ ᠳᠣᠷᠣᠭᠰᠢ ᠬᠤᠪᠢᠶᠠᠷᠢᠯᠠᠨ ᠨᠡᠮᠡᠭᠳᠡᠯ ᠤᠨ ᠬᠡᠮᠵᠢᠶ᠎ᠡ ᠶᠢ ᠳᠡᠭᠡᠭᠰᠢ ᠰᠢᠯᠵᠢᠭᠦᠯᠦᠨ ᠪᠤᠴᠠᠭᠠᠬᠤ᠂ ᠬᠥᠮᠥᠷᠭᠡ ᠶᠢᠨ ᠵᠣᠭᠤᠰ ᠢ ᠲᠤᠰᠬᠠᠶ ᠵᠦᠢᠯ ᠢᠶᠠᠷ ᠳᠣᠭᠢᠷᠠᠭᠤᠯᠬᠤ᠂ ᠳᠡᠭᠡᠳᠦ ᠱᠠᠲᠤᠨ ᠤ ᠰᠢᠯᠵᠢᠭᠦᠯᠦᠨ ᠥᠭᠬᠦ ᠶᠢ ᠲᠡᠮᠡᠴᠡᠨ ᠤᠯᠬᠤ ᠵᠢᠴᠢ ︽ᠡᠳ᠋ ᠤᠨ ᠵᠠᠰᠠᠭ ᠤᠨ ᠮᠥᠩᠭᠦ ᠶᠢ ᠤᠶᠠᠯᠳᠤᠭᠤᠯᠬᠤ᠂ ᠡᠳ᠋ ᠮᠥᠩᠭᠦ ᠪᠠᠷ ᠮᠥᠩᠭᠦ ᠲᠠᠲᠠᠬᠤ︾ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠳᠤ ᠡᠨᠧᠷᠭᠢ ᠣᠯᠭᠤᠪᠠ᠃ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠨᠡᠶᠢᠲᠡ 4.6 ᠳ᠋ᠦᠩᠰᠢᠭᠤᠷ ᠲᠥᠭᠦᠷᠢᠭ ᠥᠭᠴᠦ᠂ 772 ᠠᠵᠤ ᠠᠬᠤᠶᠢᠯᠠᠯ ᠳᠤ ᠠᠰᠢᠭ ᠬᠦᠷᠲᠡᠭᠡᠪᠡ᠃    8000 ᠲᠦᠮᠡᠨ ᠲᠥᠭᠦᠷᠢᠭ ᠤᠨ ᠪᠡᠯᠡ ᠣᠷᠣᠭᠤᠯᠵᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠠᠵᠤ ᠠᠬᠤᠶᠢᠯᠠᠯ ᠤᠨ ︽ᠪᠡᠯᠡ ᠲᠣᠬᠢᠷᠠᠭᠤᠯᠭ᠎ᠠ ᠬᠦᠴᠢᠷᠲᠡᠶ︾ ᠠᠰᠠᠭᠤᠳᠠᠯ ᠢ ᠪᠦᠲᠦᠮᠵᠢᠲᠡᠶ ᠨᠠᠮᠳᠠᠭᠤᠯᠪᠠ᠃ ᠣᠲᠣ ᠪᠣᠯᠲᠠᠯ᠎ᠠ᠂ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ ᠨᠡᠶᠢᠲᠡ 503 ᠬᠤᠪᠢ ᠵᠢᠭᠡᠯᠡᠯᠭᠡ ᠲᠠᠯᠪᠢᠵᠤ᠂ ᠠᠵᠤ ᠠᠬᠤᠶᠢᠯᠠᠯ᠂ ᠬᠤᠪᠢ ᠬᠥᠮᠦᠨ ᠢ 391 ᠡᠷᠦᠬᠡ ᠤᠳᠠᠭ᠎ᠠ ᠲᠡᠳᠬᠦᠵᠦ᠂ ᠰᠠᠭᠤᠷᠢ ᠮᠥᠩᠭᠦ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ︵ᠳᠠᠩᠰᠠᠯᠠᠭᠤᠯᠤᠨ ᠢᠲᠡᠭᠡᠮᠵᠢ ᠣᠯᠭᠤᠬᠤ︶ 12.03 ᠳ᠋ᠦᠩᠰᠢᠭᠤᠷ ᠲᠥᠭᠦᠷᠢᠭ ᠲᠤ ᠬᠦᠷᠴᠦ᠂ ᠵᠢᠭᠡᠯᠡᠯᠭᠡ ᠶᠢᠨ ᠬᠡᠪᠴᠢᠶ᠎ᠡ ᠶᠢ 9.9 ᠳ᠋ᠦᠩᠰᠢᠭᠤᠷ ᠲᠥᠭᠦᠷᠢᠭ ᠲᠠᠯᠪᠢᠪᠠ᠃    ᠣᠳᠣᠬᠠᠨ ᠳᠤ᠂ ᠪᠤᠭᠤᠲᠤ ᠬᠤᠲᠠ ᠲᠦᠷᠦᠭᠦᠦ ᠪᠦᠯᠦᠭ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠢ ᠠᠬᠤᠶ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠳᠤ ᠣᠷᠣᠵᠤ᠂ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠳᠣᠭᠢᠷᠠᠭᠤᠯᠤᠨ ᠥᠭᠡᠷᠡᠴᠢᠯᠡᠬᠦ ᠪᠠ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠳᠥᠯᠭᠢᠨ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠤᠭᠰᠠᠨ ᠬᠤᠲᠠ ᠪᠠᠷ ᠦᠨᠡᠯᠡᠭᠳᠡᠵᠦ᠂ ᠠᠵᠤ ᠦᠢᠯᠡᠳᠪᠦᠷᠢ ᠶᠢᠨ ᠲᠣᠭᠲᠠᠭᠤᠨ ᠢᠶᠠᠷ ᠨᠡᠮᠡᠭᠳᠡᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠬᠤᠲᠠ ᠪᠠᠷ ᠰᠣᠩᠭᠤᠭᠳᠠᠪᠠ᠃ 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ