ᠲᠡᠭᠦᠰᠬᠦ ᠪᠣᠯᠣᠯ᠎ᠠ᠂ ᠬᠡᠷᠪᠡ ᠲᠠ ᠨᠢᠭᠡᠨᠲᠡ ᠠᠵᠢᠯ ᠣᠯᠣᠭᠰᠠᠨ ᠡᠰᠡᠬᠦᠯ᠎ᠡ ᠶᠠᠭ ᠠᠵᠢᠯ ᠡᠷᠢᠵᠦ ᠪᠠᠶᠢᠭ᠎ᠠ ᠪᠤᠶᠤ ᠪᠡᠶ᠎ᠡ ᠪᠠᠨ ᠳᠠᠭᠠᠭᠠᠵᠤ ᠦᠢᠯᠡᠰ | ᠪᠣᠰᠬᠠᠬᠤ ᠶᠢ ᠪᠣᠳᠣᠵᠤ ᠪᠠᠶᠢᠭ᠎ᠠ ᠶᠤᠮ ᠪᠣᠯ ᠁ ᠪᠦᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠳᠡᠮᠵᠢᠯᠭᠡ ᠣᠯᠵᠤ ᠪᠣᠯᠤᠨ᠎ᠠ︕ ᠳᠣᠣᠷᠠᠬᠢ ᠲᠥᠷᠥ ᠶᠢᠨ ᠪᠣᠳᠣᠯᠭ᠎ᠠ ᠶᠢᠨ ᠨᠥᠬᠦᠪᠥᠷᠢ ᠮᠥᠩᠭᠦ ᠶᠢ ᠠᠪᠴᠤ ᠪᠠᠨ ᠪᠢᠲᠡᠭᠡᠢ ᠮᠠᠷᠲᠠᠴᠢᠬ᠎ᠠ᠃ | | ᠠᠵᠢᠯ ᠮᠡᠷᠭᠡᠵᠢᠯ ᠤᠨ ᠪᠤᠯᠪᠠᠰᠤᠷᠠᠯ ᠤᠨ ᠨᠦᠬᠦᠪᠦᠷᠢ | ᠨᠥᠬᠦᠪᠥᠷᠢ ᠬᠦᠷᠲᠡᠬᠦ ᠡᠲᠡᠭᠡᠳ᠄ | ᠠᠵᠢᠯ ᠣᠯᠭᠤᠬᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠪᠣᠯᠤᠨ ᠦᠢᠯᠡᠰ ᠪᠣᠰᠬᠠᠬᠤ ᠪᠣᠯᠪᠠᠰᠤᠷᠠᠯ ᠳᠤ ᠣᠷᠣᠯᠴᠠᠭᠰᠠᠨ ᠲᠡᠭᠦᠰᠬᠦ ᠣᠨ ᠤ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠃ | ᠨᠥᠬᠦᠪᠥᠷᠢ ᠶᠢᠨ ᠪᠠᠷᠢᠮᠵᠢᠶ᠎ᠠ᠄ | ᠮᠤᠵᠢ ᠶᠢᠨ ᠱᠠᠲᠤᠨ ᠤ ᠪᠤᠶᠤ ᠬᠤᠲᠠ ︵ᠲᠤᠰᠬᠠᠢ ᠣᠷᠣᠨ︶ ᠶᠢᠨ ᠳᠡᠰ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠭᠤᠶᠤᠴᠢᠯᠠᠨ ᠠᠪᠬᠤ ᠶᠠᠪᠤᠴᠠ᠄ | ᠮᠤᠵᠢ ᠶᠢᠨ ᠱᠠᠲᠤᠨ ᠤ ᠪᠤᠶᠤ ᠬᠤᠲᠠ ︵ᠲᠤᠰᠬᠠᠢ ᠣᠷᠣᠨ︶ ᠶᠢᠨ ᠳᠡᠰ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | | ᠠᠵᠢᠯ ᠮᠡᠷᠭᠡᠵᠢᠯ ᠤᠨ ᠤᠷ᠎ᠠ ᠴᠢᠳᠠᠪᠤᠷᠢ ᠤᠨ ᠦᠨᠡᠯᠡᠯᠲᠡ ᠶᠢᠨ ᠨᠦᠬᠦᠪᠦᠷᠢ | ᠨᠥᠬᠦᠪᠥᠷᠢ ᠬᠦᠷᠲᠡᠬᠦ ᠡᠲᠡᠭᠡᠳ᠄ | ᠠᠩᠬ᠎ᠠ ᠤᠳᠠᠭᠠᠨ ᠤ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠯᠡᠯᠲᠡ ᠶᠢ ᠦᠩᠭᠡᠷᠡᠭᠡᠭᠰᠡᠨ ᠮᠦᠷᠲᠡᠭᠡᠨ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ | ︵ᠪᠤᠶᠤ ᠠᠵᠢᠯ ᠮᠡᠷᠭᠡᠵᠢᠯ ᠤᠨ ᠲᠠᠰ ᠤᠨ ᠦᠨᠡᠮᠯᠡᠯ᠂ ᠲᠤᠰᠬᠠᠶ ᠠᠵᠢᠯ ᠮᠡᠷᠭᠡᠵᠢᠯ ᠤᠨ ᠴᠢᠳᠠᠪᠤᠷᠢ ᠶᠢᠨ ᠦᠨᠡᠮᠯᠡᠯ᠂ ᠪᠣᠯᠪᠠᠰᠤᠷᠠᠯ ᠳᠤ ᠬᠢᠷᠢ ᠲᠡᠩᠴᠡᠭᠰᠡᠨ | ᠦᠨᠡᠮᠯᠡᠯ ᠪᠠᠭᠲᠠᠬᠤ ᠦᠭᠡᠶ︶ ᠣᠯᠤᠭᠰᠠᠨ ᠲᠡᠭᠦᠰᠬᠦ ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠃ | ᠨᠥᠬᠦᠪᠥᠷᠢ ᠶᠢᠨ ᠪᠠᠷᠢᠮᠵᠢᠶ᠎ᠠ᠄ | ᠮᠤᠵᠢ ᠶᠢᠨ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠣᠭᠲᠠᠭᠠᠨ᠎ᠠ᠃ | ᠭᠤᠶᠤᠴᠢᠯᠠᠨ ᠠᠪᠬᠤ ᠶᠠᠪᠤᠴᠠ᠄ | ᠲᠤᠬᠠᠢ ᠶᠢᠨ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | | ᠨᠡᠶᠢᠭᠡᠮ ᠤᠨ ᠳᠠᠭᠠᠳᠬᠠᠯ ᠤᠨ ᠨᠦᠬᠦᠪᠦᠷᠢ | ᠨᠥᠬᠦᠪᠥᠷᠢ ᠬᠦᠷᠲᠡᠬᠦ ᠡᠲᠡᠭᠡᠳ᠄ | ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠮᠢᠳᠤᠯᠢᠭ ᠢᠶᠠᠷ | ᠠᠵᠢᠯ ᠣᠯᠤᠭᠰᠠᠨ ᠤ ᠳᠠᠷᠠᠭ᠎ᠠ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠵᠠᠷᠤᠳᠠᠯ ᠳᠤ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠥᠬᠦᠪᠥᠷᠢ | ᠣᠯᠭᠤᠨ᠎ᠠ᠃ | ᠨᠥᠬᠦᠪᠥᠷᠢ ᠶᠢᠨ ᠪᠠᠷᠢᠮᠵᠢᠶ᠎ᠠ᠄ | ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠶ ᠲᠤᠰᠢᠶᠠᠬᠤ ᠰᠦᠢᠳᠬᠡᠯ ᠤᠨ 2 /3 ᠶᠢᠨ ᠨᠦᠬᠦᠪᠦᠷᠢ ᠶᠢᠨ ᠬᠤᠭᠤᠴᠠᠭ᠎ᠠ ᠠᠴᠠ ᠬᠡᠲᠦᠷᠡᠬᠦ ᠦᠭᠡᠶ᠂ | ᠬᠠᠮᠤᠭ ᠤᠨ ᠤᠷᠲᠤ ᠳᠤ ᠪᠠᠨ 2 ᠵᠢᠯ ᠠᠴᠠ ᠬᠡᠲᠦᠷᠡᠬᠦ ᠦᠭᠡᠶ᠃ | ᠭᠤᠶᠤᠴᠢᠯᠠᠨ ᠠᠪᠬᠤ ᠶᠠᠪᠤᠴᠠ᠄ | ᠠᠮᠢᠳᠤᠯᠢᠭ ᠢᠶᠠᠷ ᠠᠵᠢᠯ ᠣᠯᠤᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠦᠨᠳᠦᠰᠦᠨ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ ᠪᠤᠶᠤ ᠬᠠᠭᠤᠯᠪᠤᠷᠢ᠂ ᠠᠮᠢᠳᠤᠯᠢᠭ ᠢᠶᠠᠷ ᠠᠵᠢᠯ | ᠣᠯᠤᠭᠰᠠᠨ ᠭᠡᠷᠡᠴᠢ ᠮᠠᠲ᠋ᠧᠷᠢᠶᠠᠯ ᠵᠡᠷᠭᠡ ᠶᠢ ᠬᠠᠩᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠭᠤᠶᠤᠴᠢᠯᠠᠭᠴᠢ ᠶᠢᠨ ᠬᠤᠪᠢ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠪᠠᠩᠬᠢ ᠶᠢᠨ ᠲᠠᠩᠰᠠᠨ ᠡᠷᠦᠬᠡ ᠳᠤ ᠥᠭᠭᠦᠨ᠎ᠡ᠃ | | ᠨᠢᠭᠡ ᠯᠡ ᠤᠳᠠᠭ᠎ᠠ ᠳᠡᠭᠡᠷ᠎ᠡ ᠠᠵᠢᠯ ᠡᠷᠢᠬᠦ ᠨᠥᠬᠦᠪᠥᠷᠢ | ᠨᠥᠬᠦᠪᠥᠷᠢ ᠬᠦᠷᠲᠡᠬᠦ ᠡᠲᠡᠭᠡᠳ᠄ | ᠲᠡᠭᠦᠰᠬᠦ ᠰᠤᠷᠤᠯᠭ᠎ᠠ ᠶᠢᠨ ᠣᠨ ᠳᠤ ᠪᠠᠨ ᠢᠳᠡᠪᠬᠢᠲᠡᠶ ᠠᠵᠢᠯ ᠡᠷᠢᠵᠦ ᠦᠢᠯᠡᠰ ᠪᠣᠰᠬᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ | ᠪᠠᠶᠢᠭ᠎ᠠ ᠭᠡᠷ ᠪᠦᠯᠢ᠂ ᠠᠵᠢᠯ ᠦᠭᠡᠶ ᠭᠡᠷ ᠪᠦᠯᠢ᠂ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠢᠨᠠᠬᠤ ᠡᠲᠡᠭᠡᠳ ᠪᠣᠯᠤᠨ ᠣᠨᠴᠠ ᠬᠦᠴᠢᠷᠳᠡᠯᠲᠡᠶ ᠬᠥᠮᠦᠰ ᠤᠨ | ᠳᠣᠲᠣᠷᠠᠬᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠵᠡᠮᠳᠡᠭ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠣᠯᠤᠭᠰᠠᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ᠃ | ᠨᠥᠬᠦᠪᠥᠷᠢ ᠶᠢᠨ ᠪᠠᠷᠢᠮᠵᠢᠶ᠎ᠠ᠄ | ᠮᠤᠵᠢ ᠶᠢᠨ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠣᠭᠲᠠᠭᠠᠨ᠎ᠠ᠃ | ᠭᠦᠢᠴᠡᠳᠭᠡᠬᠦ ᠶᠠᠪᠤᠴᠠ᠄ | ᠨᠥᠬᠦᠴᠡᠯ ᠳᠤ ᠨᠡᠶᠢᠴᠡᠬᠦ ᠲᠡᠭᠦᠰᠦᠭᠰᠡᠳ ᠪᠠᠶᠢᠭ᠎ᠠ ᠰᠤᠷᠭᠠᠭᠤᠯᠢ ᠳᠤ ᠪᠠᠨ ᠠᠵᠢᠯ ᠡᠷᠢᠬᠦ ᠦᠢᠯᠡᠰ ᠪᠣᠰᠬᠠᠬᠤ ᠨᠥᠬᠦᠪᠥᠷᠢ ᠭᠤᠶᠤᠴᠢᠯᠠᠵᠤ᠂ ᠲᠤᠬᠠᠶ ᠶᠢᠨ | ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ︵ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠵᠡᠮᠳᠡᠭ᠂ ᠤᠤᠯ ᠤᠨ ᠳᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯᠲᠡᠶ ᠭᠡᠷ ᠪᠦᠯᠢ᠂ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ᠂ ᠣᠨᠴᠠ ᠬᠦᠴᠢᠷᠳᠡᠯᠲᠡᠶ ᠵᠡᠮᠳᠡᠭᠴᠦᠳ ᠤᠨ ᠭᠡᠷ ᠪᠦᠯᠢ᠂ ᠣᠨᠴᠠ | ᠬᠦᠴᠢᠷᠳᠡᠯᠲᠡᠶ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠭᠡᠷ ᠪᠣᠯᠢ︶ ᠣᠯᠵᠤ ᠪᠠᠶᠢᠭ᠎ᠠ ᠭᠡᠷᠡᠴᠢ ᠮᠠᠲ᠋ᠧᠷᠢᠶᠠᠯ᠂ ᠰᠤᠷᠭᠠᠭᠤᠯᠢ ᠶᠢᠨ ᠬᠠᠷᠢᠶᠠᠯᠠᠯ ᠤᠨ ᠭᠡᠷᠡᠴᠢ ᠶᠢᠨ | ᠬᠠᠭᠤᠯᠪᠤᠷᠢ ᠵᠡᠷᠭᠡ ᠶᠢ ᠬᠠᠩᠭᠠᠬᠤ ᠬᠡᠷᠡᠭᠲᠡᠶ᠃ | ᠭᠤᠶᠤᠴᠢᠯᠠᠬᠤ ᠮᠠᠲ᠋ᠧᠷᠢᠶᠠᠯ ᠢ ᠲᠡᠭᠦᠰᠦᠭᠰᠡᠳ ᠤᠨ ᠪᠠᠶᠢᠭ᠎ᠠ ᠰᠤᠷᠭᠠᠭᠤᠯᠢ ᠠᠩᠬ᠎ᠠ ᠬᠢᠨᠠᠬᠤ ᠪᠠ ᠵᠠᠷᠯᠠᠨ ᠨᠡᠶᠢᠲᠡᠯᠡᠵᠦ᠂ ᠲᠤᠬᠠᠶ ᠶᠢᠨ ᠭᠠᠵᠠᠷ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠢᠨᠠᠭᠤᠯᠤᠭᠰᠠᠨ ᠤ ᠳᠠᠷᠠᠭ᠎ᠠ᠂ ᠨᠥᠬᠦᠪᠥᠷᠢ ᠶᠢᠨ ᠪᠡᠯᠡ | ᠮᠥᠩᠭᠦ ᠶᠢ ᠲᠡᠭᠦᠰᠦᠭᠰᠡᠳ ᠤᠨ ᠬᠤᠪᠢ ᠬᠥᠮᠦᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠳᠠᠩᠰᠠᠨ ᠡᠷᠦᠬᠡ ᠳᠤ ᠦᠭᠭᠦᠨ᠎ᠡ᠃ | | | ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ | ᠨᠥᠬᠦᠪᠥᠷᠢ ᠬᠦᠷᠲᠡᠬᠦ ᠡᠲᠡᠭᠡᠳ᠄ | ᠨᠥᠬᠦᠴᠡᠯ ᠳᠤ ᠨᠡᠶᠢᠴᠡᠭᠰᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠤᠨ ᠬᠤᠪᠢ | ᠬᠥᠮᠦᠨ ᠤ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠤᠨ᠎ᠠ᠂ ᠡᠳ᠋ ᠤᠨ ᠵᠠᠰᠠᠭ ᠠᠴᠠ ᠳᠠᠮ ᠬᠦᠦ ᠣᠯᠭᠤᠨ᠎ᠠ᠃ ᠬᠤᠷᠰᠢᠨ ᠦᠢᠯᠡᠰ | ᠪᠣᠰᠬᠠᠪᠠᠯ᠂ ᠵᠢᠭᠡᠯᠡᠯᠭᠡ ᠶᠢᠨ ᠨᠥᠬᠦᠴᠡᠯ ᠳᠤ ᠨᠡᠶᠢᠴᠡᠭᠰᠡᠨ ᠬᠤᠷᠰᠢᠨ ᠦᠢᠯᠡᠰ ᠪᠣᠰᠬᠠᠬᠤ ᠬᠥᠮᠦᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠵᠣᠭᠤᠰ ᠤᠨ | ᠲᠤᠭ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ ᠪᠣᠯᠤᠨ᠎ᠠ᠃ | ᠭᠤᠶᠤᠴᠢᠯᠠᠨ ᠠᠪᠬᠤ ᠶᠠᠪᠤᠴᠠ᠄ | ᠲᠤᠬᠠᠢ ᠶᠢᠨ ᠭᠠᠵᠠᠷ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | | ᠨᠢᠭᠡ ᠯᠡ ᠤᠳᠠᠭ᠎ᠠ ᠳᠡᠭᠡᠷ᠎ᠡ ᠦᠢᠯᠡᠰ ᠪᠣᠰᠬᠠᠬᠤ ᠨᠦᠬᠦᠪᠦᠷᠢ | ᠨᠥᠬᠦᠪᠥᠷᠢ ᠬᠦᠷᠲᠡᠬᠦ ᠡᠲᠡᠭᠡᠳ᠄ | ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠪᠠᠶᠢᠭᠤᠯᠤᠨ ᠡᠷᠬᠢᠯᠡᠭᠰᠡᠨ ᠪᠤᠶᠤ ᠬᠤᠪᠢ ᠶᠢᠨ ᠡᠵᠡᠩᠨᠡᠯᠲᠡ ᠬᠢᠭᠰᠡᠨ ᠮᠥᠷᠲᠡᠭᠡᠨ ᠠᠵᠤ ᠠᠬᠤᠶᠢᠯᠠᠯ | ᠪᠠᠶᠢᠭᠤᠯᠤᠨ ᠡᠷᠬᠢᠯᠡᠭᠰᠡᠨ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠡᠷᠬᠢᠯᠡᠭᠰᠡᠨ᠂ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ | ᠬᠢᠭᠰᠡᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠪᠠᠶᠢᠳᠠᠯ ᠢᠶᠠᠷ ᠠᠵᠢᠯᠯᠠᠭᠰᠠᠨ ᠰᠤᠷᠭᠠᠭᠤᠯᠢ ᠠᠴᠠ ᠪᠠᠨ ᠰᠠᠯᠤᠭᠰᠠᠨ 2 ᠵᠢᠯ ᠤᠨ ᠳᠣᠲᠤᠷᠠᠬᠢ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠃ | ᠨᠥᠬᠦᠪᠥᠷᠢ ᠶᠢᠨ ᠪᠠᠷᠢᠮᠵᠢᠶ᠎ᠠ᠄ | ᠮᠤᠵᠢ ᠶᠢᠨ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠣᠭᠲᠠᠭᠠᠨ᠎ᠠ᠃ | ᠭᠤᠶᠤᠴᠢᠯᠠᠨ ᠠᠪᠬᠤ ᠶᠠᠪᠤᠴᠠ᠄ | ᠮᠤᠵᠢ ᠶᠢᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢ ᠲᠣᠭᠲᠠᠭᠠᠨ᠎ᠠ᠃ | | | ᠭᠠᠶᠢᠯᠢ ᠳᠠᠳᠠᠪᠤᠷᠢ ᠶᠢᠨ ᠬᠠᠷᠠᠭᠠᠯᠵᠠᠯ | ᠨᠥᠬᠦᠪᠥᠷᠢ ᠬᠦᠷᠲᠡᠬᠦ ᠡᠲᠡᠭᠡᠳ᠄ | ᠲᠡᠭᠦᠰᠬᠦ ᠣᠨ ᠤ ᠳᠣᠲᠣᠷ᠎ᠠ ᠬᠤᠪᠢ ᠶᠢᠨ ᠡᠵᠡᠩᠨᠡᠯᠲᠡ ᠬᠢᠵᠦ ᠪᠠᠶᠢᠭ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︽ᠠᠵᠢᠯ ᠣᠯᠣᠭᠰᠠᠨ ᠦᠢᠯᠡᠰ | ᠪᠣᠰᠬᠠᠭᠰᠠᠨ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠪᠤᠶᠤ ︽ᠲᠡᠭᠦᠰᠬᠦ ᠣᠨ ᠤ | ᠳᠣᠲᠣᠷ᠎ᠠ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ︾ ᠶᠢ ᠲᠣᠳᠤᠷᠬᠠᠶᠢᠯᠠᠬᠤ︶ ᠪᠤᠶᠤ ︽ᠠᠵᠢᠯ | ᠣᠯᠣᠭᠰᠠᠨ ᠪᠠ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠦᠨᠡᠮᠯᠡᠯ︾ ︵︽ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠭᠠᠶᠢᠯᠢ ᠲᠠᠲᠠᠪᠤᠷᠢ ᠶᠢᠨ | ᠲᠥᠷᠥ ᠶᠢᠨ ᠪᠣᠳᠣᠯᠭ᠎ᠠ︾ ᠶᠢ ᠲᠣᠳᠤᠷᠬᠠᠶᠢᠯᠠᠬᠤ︶ ᠲᠠᠢ ᠡᠲᠡᠭᠡᠳ᠃ | ᠨᠥᠬᠦᠪᠥᠷᠢ ᠶᠢᠨ ᠪᠠᠷᠢᠮᠵᠢᠶ᠎ᠠ᠄ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠠᠩᠰᠠᠯᠠᠭᠤᠯᠤᠭᠰᠠᠨ ᠲᠤᠰ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ᠡᠷᠦᠬᠡ ᠪᠦᠷᠢ ᠵᠢᠯ ᠳᠤ | 20000 ᠲᠥᠭᠦᠷᠢᠭ ᠢᠶᠠᠷ ᠬᠢᠵᠠᠭᠠᠷ ᠲᠤᠭ᠎ᠠ ᠪᠣᠯᠭᠠᠵᠤ ᠲᠤᠬᠠᠶ ᠶᠢᠨ ᠵᠢᠯ ᠤᠨ ᠪᠣᠳᠠᠲᠠᠶ ᠲᠤᠰᠢᠶᠠᠪᠠᠰᠤ ᠵᠣᠬᠢᠬᠤ ᠨᠡᠮᠡᠭᠳᠡᠯ ᠥᠷᠲᠡᠭ ᠤᠨ ᠭᠠᠶᠢᠯᠢ᠂ | ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ | ᠬᠥᠮᠦᠵᠢᠯ ᠤᠨ ᠨᠡᠮᠡᠯᠲᠡ ᠪᠠ ᠬᠤᠪᠢ ᠬᠥᠮᠦᠨ ᠤ ᠣᠯᠵᠠᠪᠤᠷᠢ ᠶᠢᠨ ᠭᠠᠶᠢᠯᠢ ᠶᠢ ᠳᠠᠷᠠᠭᠠᠯᠠᠨ ᠬᠠᠰᠤᠨ᠎ᠠ᠃ | ᠬᠢᠵᠠᠭᠠᠷ ᠲᠤᠭ᠎ᠠ ᠶᠢᠨ ᠪᠠᠷᠢᠮᠵᠢᠶ᠎ᠠ ᠶᠢ ᠬᠠᠮᠤᠭ ᠤᠨ ᠥᠨᠳᠥᠷ ᠲᠤ ᠪᠠᠨ 20% ᠪᠠᠷ ᠳᠡᠭᠡᠭᠰᠢᠯᠡᠭᠦᠯᠵᠦ ᠪᠣᠯᠤᠨ᠎ᠠ᠂ ᠡᠯ᠎ᠡ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ | ᠲᠤᠰ ᠬᠡᠮᠵᠢᠶᠡᠨ ᠳᠣᠲᠣᠷ᠎ᠠ ᠪᠣᠳᠠᠲᠠᠶ ᠬᠢᠵᠠᠭᠠᠷ ᠲᠤᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃ | ᠭᠤᠶᠤᠴᠢᠯᠠᠨ ᠠᠪᠬᠤ ᠶᠠᠪᠤᠴᠠ᠄ | ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠭᠠᠶᠢᠯᠢ ᠶᠢᠨ ᠶᠠᠪᠤᠳᠠᠯ ᠤᠨ | ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠶᠢ ᠲᠣᠭᠲᠠᠭᠠᠨ᠎ᠠ᠃ | |