HPV ᠶᠢᠨ ᠸᠠᠺᠼᠢᠨ ᠢ ᠳᠠᠷᠢᠬᠤ ᠪᠣᠯ ᠰᠠᠪᠠ ᠶᠢᠨ ᠬᠦᠵᠦᠭᠦᠨ ᠤ ᠦᠮᠡᠨ ᠡᠪᠡᠳᠴᠢᠨ ᠢ ᠰᠡᠷᠭᠡᠶᠢᠯᠡᠬᠦ ᠠᠩᠬᠠᠨ ᠤ ᠠᠯᠬᠤᠮ ᠪᠣᠯᠤᠨ᠎ᠠ
ᠨᠡᠶᠢᠲᠡᠯᠡᠭᠰᠡᠨ ᠴᠠᠭ᠄
2024/7/18
    ᠰᠠᠪᠠ ᠶᠢᠨ ᠬᠦᠵᠦᠭᠦᠨ ᠤ ᠦᠮᠡᠨ ᠪᠣᠯ ᠮᠠᠨ ᠤ ᠤᠯᠤᠰ ᠤᠨ ᠡᠮᠡᠭᠲᠡᠶᠢᠴᠦᠳ ᠤᠨ ᠠᠮᠠᠷᠬᠠᠨ ᠡᠭᠦᠰᠬᠦ ᠬᠤᠶᠠᠳᠤᠭᠠᠷ ᠶᠡᠭᠡ ᠬᠤᠤᠷᠳᠤ ᠬᠠᠪᠤᠳᠠᠷ ᠪᠣᠯᠣᠨ᠎ᠠ    ᠰᠠᠪᠠᠨ ᠤ ᠬᠦᠵᠦᠭᠦᠨ ᠤ ᠥᠮᠡᠨ᠂ ᠡᠨᠡ ᠨᠢ ᠮᠠᠨ ᠤ ᠤᠯᠤᠰ ᠤᠨ ᠡᠮᠡᠭᠲᠡᠶᠢᠴᠦᠳ ᠤᠨ ᠳᠤᠮᠳᠠ ᠠᠮᠠᠷᠬᠠᠨ ᠡᠭᠦᠰᠬᠦ ᠬᠤᠶᠠᠳᠤᠭᠠᠷ ᠶᠡᠭᠡ ᠬᠤᠣᠷᠲᠤ ᠬᠠᠪᠤᠳᠠᠷ ᠪᠠᠶᠢᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠶᠠᠭ ᠴᠢᠮᠡᠭᠡ ᠠᠨᠢᠷ ᠦᠭᠡᠢ ᠪᠠᠷ ᠨᠦᠯᠦᠭᠡᠯᠡᠵᠦ ᠪᠠᠶᠢᠨ᠎ᠠ᠃ ᠵᠢᠯ ᠪᠦᠷᠢ ᠶᠢᠨ ᠰᠢᠨ᠎ᠡ ᠪᠠᠷ ᠨᠡᠮᠡᠭᠳᠡᠵᠦ ᠪᠠᠶᠢᠭ᠎ᠠ ᠰᠠᠪᠠ ᠶᠢᠨ ᠬᠦᠵᠦᠭᠦᠦ ᠶᠢᠨ ᠥᠮᠡᠨ ᠡᠪᠡᠳᠴᠢᠨ ᠤ ᠵᠢᠱᠢᠶ᠎ᠡ ᠪᠠᠷᠤᠭ 14 ᠲᠦᠮᠡ ᠪᠠᠶᠢᠵᠤ᠂ ᠦᠬᠦᠵᠦ ᠪᠠᠶᠢᠭ᠎ᠠ ᠨᠢ ᠪᠠᠷᠤᠭ 3.7 ᠲᠦᠮᠡ ᠪᠠᠶᠢᠬᠤ ᠪᠥᠭᠡᠳ ᠡᠨᠡ ᠬᠦ ᠲᠤᠭ᠎ᠠ ᠨᠢ ᠬᠥᠮᠦᠰ ᠤᠨ ᠰᠡᠳᠬᠢᠯ ᠢ ᠰᠣᠴᠢᠭᠠᠮ᠎ᠠ ᠪᠠᠶᠢᠨ᠎ᠠ᠃ ᠥᠨᠳᠥᠷ ᠠᠶᠤᠯᠲᠠᠢ ᠬᠡᠯᠪᠡᠷᠢ ᠶᠢᠨ HPV ᠶᠢᠨ ᠬᠠᠯᠳᠠᠪᠤᠷᠢᠯᠠᠯ ᠪᠣᠯ ᠰᠠᠪᠠ ᠶᠢᠨ ᠬᠦᠵᠦᠭᠦᠨ ᠤ ᠥᠮᠡᠨ ᠤ ᠭᠤᠣᠯ ᠶᠠᠷᠭᠠᠴᠢᠨ ᠪᠣᠯᠤᠨ᠎ᠠ᠂ 2023 ᠣᠨ ᠤ ICO/IARC ᠳᠤᠮᠳᠠᠳᠤ ᠤᠯᠤᠰ ᠤᠨ HPV ᠶᠢᠨ ᠬᠤᠯᠪᠣᠭᠳᠠᠯ ᠪᠦᠬᠦᠢ ᠡᠪᠡᠳᠴᠢᠨ ᠤ ᠮᠡᠳᠡᠭᠦᠯᠦᠯᠲᠡ ᠶᠢ ᠦᠨᠳᠦᠰᠦᠯᠡᠪᠡᠯ᠄ ᠳᠤᠮᠳᠠᠳᠤ ᠤᠯᠤᠰ ᠤᠨ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠤ 98% ᠨᠢ ᠪᠠᠷᠤᠭ ᠥᠨᠳᠥᠷ ᠠᠶᠤᠯᠲᠠᠢ ᠬᠡᠯᠪᠡᠷᠢ ᠶᠢᠨ HPV ᠠᠴᠠ ᠪᠣᠯᠵᠠᠢ᠃ ᠲᠡᠶᠢᠮᠦ ᠮᠥᠷᠲᠡᠭᠡᠨ ᠰᠠᠪᠠ ᠶᠢᠨ ᠬᠦᠵᠦᠭᠦᠨ ᠤ ᠥᠮᠡᠨ ᠠᠴᠠ ᠪᠤᠰᠤᠳ ᠥᠨᠳᠥᠷ ᠠᠶᠤᠯᠲᠠᠢ ᠬᠡᠯᠪᠡᠷᠢ ᠶᠢᠨ HPV ᠨᠢ ᠪᠠᠰᠠ ᠬᠤᠰᠬᠢᠨᠠᠭ᠂ ᠤᠮᠠᠢ ᠶᠢᠨ ᠵᠠᠮ ᠵᠡᠷᠭᠡ ᠣᠯᠠᠨ ᠬᠡᠰᠡᠭ ᠤᠨ ᠥᠮᠡᠨ ᠢ ᠡᠭᠦᠰᠬᠡᠳᠡᠭ᠃    ᠮᠠᠨ ᠤ ᠤᠯᠤᠰ ᠤᠨ ᠡᠮᠡᠭᠲᠡᠶᠢᠴᠦᠳ ᠤᠨ HPV ᠶᠢᠨ ᠬᠠᠯᠳᠠᠪᠤᠷᠢᠯᠠᠯ ᠤᠨ ᠬᠡᠯᠪᠡᠷᠢ ᠨᠢ ᠣᠨᠴᠠᠭᠠᠢ ᠪᠠᠶᠢᠵᠤ᠂ ᠣᠷᠢᠳᠴᠢᠯᠠᠨ ᠰᠡᠷᠬᠡᠶᠢᠯᠡᠬᠦ ᠳᠤ 52᠂ 58 ᠵᠦᠢᠯ ᠠᠴᠠ ᠰᠡᠷᠡᠮᠵᠢᠯᠡᠬᠦ ᠴᠢᠬᠤᠯᠠᠲᠠᠢ    ᠣᠳᠣᠬᠠᠨ ᠳᠤ ᠨᠢᠭᠡᠨᠲᠡ ᠮᠡᠳᠡᠭᠰᠡᠨ ᠥᠨᠳᠥᠷ ᠠᠶᠤᠯᠲᠠᠢ ᠬᠡᠯᠪᠡᠷᠢ ᠳᠤ HPV52/58/16/18/31/33/35/45 ᠪᠠᠭᠲᠠᠨ᠎ᠠ᠃ ᠡᠶᠢᠮᠦ ᠣᠯᠠᠨ ᠥᠨᠳᠥᠷ ᠠᠶᠤᠯᠲᠠᠢ ᠬᠡᠯᠪᠡᠷᠢ ᠶᠢᠨ HPV ᠳᠣᠲᠣᠷ᠎ᠠ ᠠᠴᠠ ᠠᠯᠢ ᠠᠯᠢ ᠨᠢ ᠮᠠᠨ ᠤ ᠤᠯᠤᠰ ᠤᠨ ᠡᠮᠡᠭᠲᠡᠶᠢᠴᠦᠳ ᠲᠤ ᠠᠮᠠᠷᠬᠠᠨ ᠬᠠᠯᠳᠠᠪᠤᠷᠢᠯᠠᠬᠤ ᠪᠤᠢ︖ ᠳᠤᠮᠳᠠᠳᠤ ᠤᠯᠤᠰ ᠤᠨ 170 ᠲᠦᠮᠡᠨ ᠡᠮᠡᠭᠲᠡᠢ ᠶᠢᠨ HPV ᠳᠤ ᠬᠠᠯᠳᠠᠪᠤᠷᠢᠯᠠᠭᠰᠠᠨ ᠡᠪᠡᠳᠴᠢᠨ ᠤ ᠤᠬᠠᠭᠠᠨ ᠤ ᠰᠤᠳᠤᠯᠤᠯ ᠤᠨ ᠨᠢᠭᠡ ᠡᠮᠬᠢᠳᠭᠡᠯ  ᠳᠤ ᠢᠯᠡᠷᠡᠭᠦᠯᠦᠭᠰᠡᠨ ᠢᠶᠠᠷ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠮᠠᠷᠬᠠᠨ ᠬᠠᠯᠳᠠᠪᠤᠷᠢᠯᠠᠬᠤ ᠭᠤᠷᠪᠠᠨ ᠵᠦᠢᠯ ᠤᠨ HPV ᠶᠢᠨ ᠬᠡᠯᠪᠡᠷᠢ ᠨᠢ ᠲᠤᠰ ᠲᠤᠰ ᠄ HPV16᠂ HPV52 ᠪᠠ HPV58 ᠪᠣᠯᠤᠨ᠎ᠠ᠃ ᠮᠠᠨ ᠤ ᠤᠯᠤᠰ ᠤᠨ ᠰᠠᠪᠠ ᠶᠢᠨ ᠬᠦᠵᠦᠭᠦᠨ ᠤ ᠥᠮᠡᠨ ᠤ ᠡᠪᠡᠳᠴᠢᠲᠡᠨ ᠳᠤ HPV52/58 ᠶᠢᠨ ᠡᠵᠡᠯᠡᠬᠦ ᠬᠠᠷᠢᠴᠠᠯ ᠨᠢ ᠳᠡᠯᠡᠬᠡᠢ ᠨᠡᠶᠢᠲᠡ ᠶᠢᠨ ᠳᠤᠮᠳᠠᠴᠢ ᠲᠥᠪᠰᠢᠨ ᠠᠴᠠ ᠬᠤᠶᠠᠷ ᠳᠠᠬᠢᠨ ᠥᠨᠳᠥᠷ ᠪᠠᠶᠢᠨ᠎ᠠ᠃ ᠡᠭᠦᠨ ᠠᠴᠠ ᠮᠠᠨ ᠤ ᠤᠯᠤᠰ ᠤᠨ ᠥᠨᠳᠥᠷ ᠠᠶᠤᠯᠲᠠᠢ ᠬᠡᠯᠪᠡᠷᠢ ᠶᠢᠨ HPV ᠶᠢᠨ ᠲᠠᠷᠬᠠᠯᠲᠠ ᠨᠢ ᠣᠨᠴᠠᠭᠠᠢ ᠪᠠᠶᠢᠵᠤ HPV52 ᠪᠠ 58 ᠬᠡᠯᠪᠡᠷᠢ ᠶᠢᠨ ᠬᠠᠯᠳᠠᠪᠤᠷᠢᠯᠠᠯ  ᠢ ᠣᠮᠳᠤᠭᠠᠶᠢᠯᠠᠵᠤ ᠪᠣᠯᠬᠤ ᠦᠭᠡᠢ ᠭᠡᠳᠡᠭ ᠢ ᠮᠡᠳᠡᠵᠦ ᠪᠣᠯᠣᠨ᠎ᠠ᠃HPV ᠶᠢᠨ ᠬᠠᠯᠳᠠᠪᠤᠷᠢᠯᠠᠯ ︽ᠬᠤᠶᠠᠷ ᠣᠷᠭᠢᠯ︾ ᠢᠯᠡᠷᠡᠵᠤ᠂ ᠬᠦᠷᠴᠦ ᠢᠷᠡᠬᠦ ᠠᠴᠠ ᠡᠮᠦᠨ᠎ᠡ ᠪᠦᠬᠦ ᠲᠠᠯ᠎ᠠ ᠪᠠᠷ ᠰᠠᠬᠢᠨ ᠬᠠᠮᠠᠭᠠᠯᠠᠬᠤ ᠬᠡᠷᠡᠭᠲᠡᠢ     ᠥᠨᠳᠥᠷ ᠠᠶᠤᠯᠲᠠᠢ ᠶᠢᠨ ᠵᠥᠷᠢᠶ᠎ᠡ ᠠᠴᠠ ᠪᠤᠰᠤᠳ᠂ ᠮᠠᠨ ᠤ ᠤᠯᠤᠰ ᠤᠨ ᠡᠮᠡᠭᠲᠡᠶᠢᠴᠦᠳ ᠤᠨ HPV ᠶᠢᠨ ᠬᠠᠯᠳᠠᠪᠤᠷᠢᠯᠠᠯ ᠨᠠᠰᠤᠨ ᠤ ᠨᠡᠮᠡᠭᠳᠡᠯ ᠢ ᠳᠠᠭᠠᠯᠳᠤᠨ ᠪᠠᠰᠠ ᠬᠤᠣᠰ ᠣᠷᠭᠢᠯ ᠤᠨ ᠲᠠᠷᠬᠠᠯᠲᠠ ᠶᠢᠨ ᠣᠨᠴᠠᠯᠢᠭ ᠭᠠᠷᠴᠤ᠂ ᠬᠤᠶᠠᠷ ᠣᠷᠭᠢᠯ ᠨᠢ ᠲᠤᠰ ᠲᠤᠰ ︽15 — 24 ᠨᠠᠰᠤ︾ ᠪᠠ ︽40 — 44 ᠨᠠᠰᠤ︾ ᠶᠢᠨ ᠦᠶ᠎ᠡ ᠳᠤ ᠢᠯᠡᠷᠡᠳᠡᠭ᠃ ᠳᠠᠪᠲᠠᠯᠲᠠ ᠶᠢᠨ HPV ᠸᠢᠷᠦ᠋ᠰ ᠤᠨ ᠬᠠᠯᠳᠠᠪᠤᠷᠢᠯᠠᠯ ᠨᠢ ᠰᠠᠨᠠᠮᠰᠠᠷ ᠦᠭᠡᠢ ᠪᠠᠷ ᠮᠠᠨ ᠤ ᠤᠯᠤᠰ ᠤᠨ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠡᠭᠦᠰᠬᠦ ᠲᠦᠭᠰᠢᠭᠦᠷᠢ ᠶᠢ ᠨᠡᠮᠡᠭᠳᠡᠭᠦᠯᠵᠦ ᠪᠠᠶᠢᠨ᠎ᠠ᠃ ᠡᠶᠢᠮᠦ ᠠᠴᠠ᠂ ᠶᠠᠭ ᠰᠠᠶ᠋ᠢᠬᠠᠨ ᠰᠤᠷᠤᠯᠭ᠎ᠠ ᠠᠵᠢᠯ ᠤᠨ ᠬᠤᠭᠤᠴᠠᠭᠠᠨ ᠳᠤ ᠪᠠᠶᠢᠭ᠎ᠠ ᠡᠮᠡᠭᠲᠡᠢ ᠭᠡᠰᠡᠨ ᠦᠭᠡᠢ᠂ ᠡᠰᠡᠬᠦᠯ᠎ᠡ ᠭᠡᠷ ᠪᠦᠯᠢ ᠠᠵᠢᠯ ᠦᠢᠯᠡᠰ ᠤᠨ ᠬᠤᠭᠤᠴᠠᠭᠠᠨ ᠳᠤ ᠪᠠᠶᠢᠭ᠎ᠠ ᠡᠮᠡᠭᠲᠡᠢ ᠭᠡᠰᠡᠨ ᠦᠭᠡᠢ ᠴᠥᠮ ᠣᠷᠭᠢᠯ ᠬᠦᠷᠴᠦ ᠢᠷᠡᠬᠦ ᠠᠴᠠ ᠡᠮᠦᠨ᠎ᠡ ᠥᠪᠡᠷ ᠢ ᠪᠠᠨ ᠰᠠᠶᠢᠲᠤᠷ ᠬᠠᠮᠠᠭᠠᠯᠠᠬᠤ ᠬᠡᠷᠡᠭᠲᠡᠢ᠃    HPV ᠶᠢᠨ ᠸᠠᠺᠼᠢᠨ ᠤ ᠪᠣᠢ ᠪᠣᠯᠣᠭᠰᠠᠨ ᠨᠢ ᠴᠢᠮᠡᠭᠡ ᠠᠨᠢᠷ ᠦᠭᠡᠢ ᠲᠥᠭᠰᠢᠭᠦᠷᠢ ᠶᠢ ᠡᠰᠡᠷᠭᠦᠴᠡᠬᠦ ᠳᠤ ᠡᠮᠡᠭᠲᠡᠢ ᠬᠦᠮᠦᠨ ᠪᠦᠷᠢ ᠳᠤ ᠬᠦᠴᠦᠲᠦ ᠵᠡᠪᠰᠡᠭ ᠬᠠᠩᠭᠠᠵᠠᠢ᠃ ᠲᠡᠷᠡ ᠨᠢ ᠪᠢᠳᠡᠨ ᠤ ᠡᠷᠡᠭᠦᠯ ᠮᠡᠨᠳᠦ ᠳᠤ ᠨᠢᠭᠡ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠴᠢᠳᠠᠭᠰᠠᠨ ᠢᠶᠠᠷ ᠪᠠᠷᠠᠬᠤ ᠦᠭᠡᠢ ᠪᠠᠰᠠ ᠪᠢᠳᠡᠨ ᠢ ᠠᠮᠢᠳᠤᠷᠠᠯ ᠤᠨ ᠳᠤᠮᠳᠠᠬᠢ ᠥᠷᠢᠰᠦᠯᠳᠦᠭᠡᠨ ᠳᠤ ᠨᠡᠩ ᠲᠠᠶᠢᠪᠤᠩ ᠬᠠᠨᠳᠤᠭᠤᠯᠵᠤ ᠴᠢᠳᠠᠨ᠎ᠠ᠃ 2017 ᠣᠨ ᠤ ᠳᠤᠮᠳᠠᠳᠤ ᠤᠯᠤᠰ ᠤᠨ ᠰᠠᠪᠠ ᠶᠢᠨ ᠬᠦᠵᠦᠭᠦᠨ ᠤ ᠦᠮᠠᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠥᠭᠯᠡᠭᠦᠷ ᠤᠨ ᠭᠤᠷᠪᠠᠳᠤᠭᠠᠷ ᠳᠡᠰ ᠤᠨ ᠰᠡᠷᠭᠡᠶᠢᠯᠡᠯᠲᠡ ᠶᠢᠨ ᠠᠷᠭ᠎ᠠ ᠪᠣᠳᠣᠯᠭ᠎ᠠ ᠳᠤ HPV ᠶᠢᠨ ᠸᠠᠺᠼᠢᠨ ᠢ ᠲᠠᠷᠢᠬᠤ ᠨᠢ ᠳᠠᠷᠤᠢ ᠨᠢᠭᠡᠳᠦᠭᠡᠷ ᠠᠯᠬᠤᠮ ᠪᠣᠯᠤᠨ᠎ᠠ ᠭᠡᠵᠦ ᠳᠤᠷᠠᠳᠪᠠ᠃    ᠶᠢᠰᠤᠨ ᠸᠠᠯᠧᠨ᠋ᠲᠲᠤ HPV ᠶᠢᠨ ᠸᠠᠺᠼᠢᠨ ᠨᠢ ᠠᠭᠤᠤ ᠡᠮᠡᠭᠲᠡᠶᠢᠴᠦᠳ ᠢ ᠬᠠᠮᠠᠭᠠᠯᠠᠪᠠ    ᠶᠢᠰᠦᠨ ᠸᠠᠯᠧᠨ᠋ᠲᠲᠤ HPV ᠶᠢᠨ ᠸᠠᠺᠼᠢᠨ ᠵᠠᠬ᠎ᠠ ᠳᠡᠯᠭᠡᠭᠦᠷ ᠲᠤ ᠭᠠᠷᠤᠭᠰᠠᠨ ᠠᠴᠠ ᠨᠠᠭᠠᠰᠢ ᠠᠭᠤᠤ ᠡᠮᠡᠭᠲᠡᠢ ᠨᠢᠭᠡᠪᠦᠷᠢ ᠶᠢ ᠬᠠᠮᠠᠭᠠᠯᠠᠭᠰᠠᠭᠠᠷ ᠢᠷᠡᠪᠡ᠃ ᠶᠢᠰᠤᠨ ᠸᠠᠯᠧᠨ᠋ᠲᠲᠤ ᠸᠠᠺᠼᠢᠨ ᠨᠢ ᠥᠨᠳᠥᠷ ᠠᠶᠤᠯᠲᠠᠢ ᠬᠡᠯᠪᠡᠷᠢ ᠶᠢᠨ HPV16᠂ 18᠂ 31᠂ 33᠂ 45᠂ 52᠂ 58 ᠪᠣᠯᠤᠨ ᠳᠣᠣᠷ᠎ᠠ ᠠᠶᠤᠯᠲᠠᠢ ᠬᠡᠯᠪᠡᠷᠢ ᠶᠢᠨ HPV6᠂ 11 ᠶᠢ ᠪᠠᠭᠲᠠᠭᠠᠭᠰᠠᠨ 9 ᠵᠦᠢᠯ ᠤᠨ HPV ᠶᠢᠨ ᠬᠡᠯᠪᠡᠷᠢ ᠶᠢ ᠰᠡᠷᠭᠡᠶᠢᠯᠡᠵᠦ᠂ ᠮᠠᠨ ᠤ ᠤᠯᠤᠰ ᠲᠤ ᠳᠡᠯᠭᠡᠷᠡᠮᠡᠯ ᠴᠢᠨᠠᠷ ᠢᠶᠠᠷ ᠨᠡᠩ ᠥᠨᠳᠥᠷ HPV52 / 58 ᠬᠡᠯᠪᠡᠷᠢ ᠶᠢ ᠬᠠᠮᠤᠷᠴᠤ᠂ ᠡᠮᠡᠭᠲᠡᠶᠢᠴᠦᠳ ᠲᠤ ᠨᠡᠩ ᠪᠦᠬᠦ ᠲᠠᠯ᠎ᠠ ᠶᠢᠨ ᠬᠠᠮᠠᠭᠠᠯᠠᠯᠲᠠ ᠶᠢ ᠬᠠᠩᠭᠠᠪᠠ᠃ ᠡᠭᠦᠨ ᠤ ᠬᠠᠮᠲᠤ᠂ ᠮᠠᠨ ᠤ ᠤᠯᠤᠰ ᠤᠨ HPV ᠶᠢᠨ ᠬᠠᠯᠳᠠᠪᠤᠷᠢᠯᠠᠯ ᠨᠢ ︽ᠬᠤᠣᠰ ᠣᠷᠬᠢᠯ︾ ᠤᠨ ᠣᠨᠴᠠᠯᠢᠭ ᠲᠠᠢ ᠪᠣᠯᠬᠤᠷ ᠭᠠᠭᠴᠠᠬᠠᠨ ᠵᠠᠯᠠᠭᠤᠴᠤᠳ HPV ᠶᠢᠨ ᠸᠠᠺᠼᠢᠨ ᠤ ᠲᠠᠷᠢᠯᠭ᠎ᠠ ᠶᠢ ᠬᠢᠬᠦ ᠴᠢᠬᠤᠯᠠᠲᠠᠢ ᠪᠢᠰᠢ᠂ ᠬᠠᠷᠢᠨ ᠨᠡᠩ ᠤᠯᠠᠨ ᠠᠳᠠᠯᠢ ᠪᠤᠰᠤ ᠨᠠᠰᠤᠨ ᠤ ᠡᠮᠡᠭᠲᠡᠶᠢᠴᠦᠳ ᠪᠠᠰᠠ ︽ᠵᠡᠪᠰᠡᠭ︾ ᠢ ᠠᠪᠴᠤ ᠥᠪᠡᠷ ᠢ ᠪᠠᠨ ᠬᠠᠮᠠᠭᠠᠯᠠᠵᠤ ᠪᠣᠯᠣᠨ᠎ᠠ᠃    ᠵᠠᠷᠢᠮ ᠬᠥᠮᠦᠨ ᠨᠠᠰᠤᠨ ᠤ ᠨᠡᠮᠡᠭᠳᠡᠯ ᠢ ᠳᠠᠭᠠᠯᠳᠤᠬᠤ ᠪᠤᠶᠤ HPV ᠳᠤ ᠬᠠᠯᠳᠠᠪᠤᠷᠢᠯᠠᠭᠳᠠᠭᠰᠠᠨ ᠨᠢ ᠸᠠᠺᠼᠢᠨ ᠤ ᠲᠠᠷᠢᠯᠭ᠎ᠠ ᠶᠢᠨ ᠦᠷ᠎ᠡ ᠪᠦᠲᠦᠮᠵᠢ ᠶᠢ ᠨᠥᠯᠥᠭᠡᠯᠡᠬᠦ ᠮᠠᠭᠠᠳ ᠭᠡᠵᠦ ᠰᠠᠨᠠᠭᠠᠰᠢᠷᠠᠬᠤ ᠮᠠᠭᠠᠳ᠃ ᠬᠠᠮᠤᠭ ᠳᠣᠬᠢᠷᠠᠮᠵᠢᠲᠠᠢ ᠨᠠᠰᠤᠨ ᠠᠴᠠ ᠳᠠᠪᠠᠭᠰᠠᠨ ᠴᠤ HPV ᠳᠤ ᠬᠠᠷᠠᠬᠠᠨ ᠬᠠᠯᠳᠠᠪᠤᠷᠢᠯᠠᠭᠳᠠᠭ᠎ᠠ ᠦᠭᠡᠢ ᠡᠮᠡᠭᠲᠡᠢ ᠳᠤ HPV ᠶᠢᠨ ᠸᠠᠺᠼᠢᠨ ᠨᠢ ᠮᠥᠨ ᠯᠡ ᠮᠠᠰᠢ ᠰᠠᠶᠢᠨ ᠰᠡᠷᠭᠡᠶᠢᠯᠡᠨ ᠬᠠᠮᠠᠭᠠᠯᠠᠬᠤ ᠦᠷ᠎ᠡ ᠳ᠋ᠦᠩ ᠲᠠᠢ ᠭᠡᠵᠦ ᠠᠯᠢ ᠬᠡᠳᠦᠶᠢᠨ ᠬᠤᠯᠪᠣᠭᠳᠠᠯ ᠪᠦᠬᠦᠢ ᠰᠤᠳᠤᠯᠭᠠᠨ ᠠᠴᠠ ᠢᠯᠡᠷᠡᠭᠦᠯᠦᠭᠰᠡᠨ ᠶᠤᠮ ᠃ ᠬᠠᠯᠳᠠᠪᠤᠷᠢᠯᠠᠭᠳᠠᠵᠤ ᠥᠩᠭᠡᠷᠡᠭᠰᠡᠨ ᠴᠤ ᠸᠠᠺᠼᠢᠨ ᠨᠢ ᠮᠥᠨ ᠯᠠ ᠨᠡᠯᠢᠶᠡᠳ ᠰᠠᠶᠢᠨ ᠬᠠᠮᠠᠭᠠᠯᠠᠬᠤ ᠬᠦᠴᠦᠨ ᠢ ᠬᠠᠩᠭᠠᠳᠠᠭ ᠃ ᠲᠡᠶᠢᠮᠦ ᠮᠥᠷᠲᠡᠭᠡᠨ HPV ᠶᠢᠨ ᠬᠠᠯᠳᠠᠪᠤᠷᠢᠯᠠᠯ ᠨᠢ ᠨᠢᠭᠡ ᠯᠡ ᠤᠳᠠᠭ᠎ᠠ ᠳᠤ ᠣᠯᠠᠨ ᠬᠡᠯᠪᠡᠷᠢ ᠪᠠᠷ ᠬᠠᠯᠳᠠᠪᠤᠷᠢᠯᠠᠳᠠᠭ ᠦᠭᠡᠢ ᠂ ᠳᠣᠬᠢᠷᠠᠮᠵᠢᠲᠤ ᠨᠠᠰᠤᠨ ᠤ ᠡᠮᠡᠭᠲᠡᠶᠢᠴᠦᠳ ᠡᠷᠲᠡᠬᠡᠨ ᠲᠠᠷᠢᠬᠤ ᠨᠢ ᠪᠠᠰᠠ ᠬᠠᠯᠳᠠᠪᠤᠷᠢᠯᠠᠭᠳᠠᠭ᠎ᠠ ᠦᠭᠡᠢ ᠨᠡᠩ ᠣᠯᠠᠨ ᠬᠡᠯᠪᠡᠷᠢ ᠳᠤ ᠪᠦᠲᠦᠮᠵᠢᠲᠡᠢ ᠬᠠᠮᠠᠭᠠᠯᠠᠯᠲᠠ ᠬᠠᠩᠭᠠᠬᠤ ᠪᠣᠯᠤᠨ᠎ᠠ᠃
07月18日接种HPV疫苗是预防宫颈癌的第一步.jpg
 
ᠢᠷᠡᠯᠲᠡ᠄ ᠤᠮᠠᠷᠠᠳᠤ ᠬᠢᠯᠢ ᠶᠢᠨ ᠡᠮᠡᠭᠲᠡᠶᠢᠴᠦᠳ ᠤᠨ ᠳᠠᠭᠤᠨ