ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠤᠨ ᠬᠡᠪᠴᠢᠶᠡᠨ ᠤ ᠦᠷᠭᠦᠯᠵᠢᠯᠡᠨ ᠪᠤᠵᠠᠭᠠᠶᠢᠷᠠᠬᠤ ᠶᠢ ᠳᠠᠭᠠᠯᠳᠤᠨ | ᠂ ᠲᠤᠭᠤᠭᠠᠨ ᠭᠡᠷ ᠤᠨ ᠶᠡᠭᠡ ᠬᠡᠮᠵᠢᠶᠡᠨ ᠤ ᠬᠤᠭ ᠨᠣᠪᠰᠢ ᠭᠠᠷᠤᠭᠰᠠᠨ ᠪᠠᠶᠢᠨ᠎ᠠ᠃ ᠲᠣᠭᠤᠭᠠᠨ ᠭᠡᠷ ᠤᠨ ᠬᠤᠭ ᠨᠣᠪᠰᠢ ᠠᠮᠠᠷᠬᠠᠨ ᠢᠯᠵᠠᠷᠠᠬᠤ᠂ ᠣᠷᠭᠠᠨᠢᠭ | ᠪᠣᠳᠠᠰ ᠤᠨ ᠠᠭᠤᠯᠤᠭᠳᠠᠴᠠ ᠡᠯᠪᠡᠭ ᠵᠡᠷᠭᠡ ᠣᠨᠴᠠᠯᠢᠭ ᠲᠠᠢ ᠪᠠᠶᠢᠵᠤ᠂ ᠳᠤᠷ᠎ᠠ ᠪᠠᠷ ᠢᠶᠠᠨ ᠬᠠᠶᠠᠬᠤ ᠨᠢ ᠬᠤᠲᠠ ᠶᠢᠨ ᠳᠦᠷᠢ ᠲᠥᠷᠬᠦ ᠣᠷᠴᠢᠨ ᠳᠤ ᠮᠠᠭᠤ | ᠨᠥᠯᠥᠭᠡ ᠦᠵᠡᠭᠦᠯᠬᠦ ᠨᠢ ᠯᠠᠪᠲᠠᠢ ᠃ ᠮᠠᠨ ᠤ ᠬᠤᠲᠠ ᠶᠢᠨ ᠲᠣᠭᠤᠭᠠᠨ ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ ᠤᠨ ᠬᠤᠭᠤᠰᠣᠨ ᠢ | ᠨᠥᠬᠦᠪᠥᠷᠢᠯᠡᠵᠦ᠂ ᠲᠣᠭᠤᠭᠠᠨ ᠬᠡᠷ ᠤᠨ ᠬᠤᠭ ᠨᠣᠪᠰᠢ ᠶᠢᠨ ᠪᠥᠬᠦ ᠬᠡᠯᠬᠢᠶᠡᠨ ᠤ ᠪᠢᠲᠡᠭᠦᠦ ᠭᠤᠭᠴᠤᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠣᠲᠣ ᠶᠢᠨ | ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ︽ᠪᠤᠭᠤᠲᠤ | ᠬᠤᠲᠠ ᠶᠢᠨ ᠲᠣᠭᠤᠭᠠᠨ ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠪᠠ᠃ | ᠨᠠᠷᠢᠨ ᠠᠭᠤᠯᠭ᠎ᠠ ᠶᠢ ᠬᠠᠮᠲᠤ ᠳᠤ ᠪᠠᠨ ᠦᠵᠡᠵᠡᠭᠡᠶ᠎ᠡ᠄ | | ᠪᠤᠭᠤᠲᠤ ᠬᠤᠲᠠ ᠶᠢᠨ ᠲᠣᠭᠤᠭᠠᠨ ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ | ᠨᠡᠬᠡᠬᠡᠯᠲᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠢ᠂ ᠲᠥᠪ ᠤᠨ | ᠰᠢᠭᠤᠳ ᠬᠠᠷᠢᠶ᠎ᠠ᠂ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠪᠤᠭᠤᠲᠤ ᠬᠤᠲᠠ ᠶᠢᠨ ᠲᠣᠭᠤᠭᠠᠨ ᠬᠡᠷ ᠤᠨ ᠬᠤᠭ ᠨᠣᠪᠰᠢ ᠶᠢᠨ | ᠬᠠᠮᠢᠶᠠᠷᠤᠯᠲᠠ ᠶᠢᠨ ᠠᠷᠭ᠎ᠠ︾ ᠶᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 7 ᠳ᠋ᠤᠭᠠᠷ ᠰᠠᠷ᠎ᠠ ᠶᠢᠨ 3 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶ | | | ᠪᠤᠭᠤᠲᠤ ᠬᠤᠲᠠ ᠶᠢᠨ ᠲᠣᠭᠤᠭᠠᠨ ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠣᠷᠪᠣᠰ ᠪᠤᠭᠤᠲᠤ ᠬᠤᠲᠠ ᠶᠢᠨ ᠲᠣᠭᠤᠭᠠᠨ ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠦᠵᠡᠮᠵᠢ ᠣᠷᠴᠢᠨ | ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠨ᠂ ᠢᠳᠡᠭᠡᠨ ᠤ ᠠᠮᠤᠷ ᠲᠦᠪᠰᠢᠨ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ | ᠲᠣᠭᠤᠭᠠᠨ ᠬᠡᠷ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠬᠤᠤᠷ ᠦᠭᠡᠶᠢᠵᠢᠭᠦᠯᠬᠦ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠠᠬᠢᠭᠤᠯᠬᠤ ᠶᠢᠨ | ᠲᠤᠰᠠᠳᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾᠂ ︽ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠲᠦᠷᠢᠮ︾ ᠵᠢᠴᠢ ︽ | ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠦᠨᠳᠦᠰᠦᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠱᠤᠭᠤᠮ ᠢ ᠪᠠᠷᠢᠮᠲᠠᠯᠠᠵᠤ᠂ ᠪᠤᠭᠤᠲᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ | ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠣᠷᠪᠣᠰ ᠲᠣᠰ ᠠᠷᠭ᠎ᠠ ᠳᠤ ᠬᠡᠯᠡᠵᠦ ᠪᠠᠶᠢᠭ᠎ᠠ ᠲᠣᠭᠤᠭᠠᠨ ᠭᠡᠷ ᠤᠨ ᠬᠤᠭ ᠨᠣᠪᠰᠢ ᠨᠢ ᠠᠮᠢᠳᠤᠷᠠᠯ ᠤᠨ ᠬᠤᠭ ᠨᠣᠪᠰᠢ ᠶᠢᠨ ᠠᠢ ᠳᠤ | ᠬᠠᠷᠢᠶᠠᠯᠠᠭᠳᠠᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠪᠣᠯᠣᠨ ᠣᠯᠠᠨ ᠨᠡᠶᠢᠲᠡ ᠶᠢᠨ ᠪᠠᠶᠢᠭᠤᠯᠤᠮᠵᠢ ᠨᠤᠭᠤᠳ ᠢᠳᠡᠭᠡᠨ ᠪᠣᠯᠪᠠᠰᠤᠷᠠᠭᠤᠯᠬᠤ᠂ ᠢᠳᠡᠭᠡᠨ | ᠤᠮᠳᠠᠭᠠᠨ ᠤ ᠦᠢᠯᠡᠴᠢᠯᠡᠭᠡ᠂ ᠨᠢᠭᠡᠴᠢ ᠶᠢᠨ ᠬᠤᠭᠤᠯᠠ ᠬᠠᠩᠭᠠᠬᠤ ᠵᠡᠷᠭᠡ ᠠᠵᠢᠯᠯᠠᠭ᠎ᠠ ᠳᠤ ᠪᠣᠢ ᠪᠣᠯᠣᠭᠰᠠᠨ ᠢᠳᠡᠭᠡᠨ ᠤ ᠰᠢᠭᠠᠷᠤ᠂ ᠢᠳᠡᠭᠡᠨ | ᠪᠣᠯᠪᠠᠰᠤᠷᠠᠭᠤᠯᠤᠭᠰᠠᠨ ᠬᠠᠶᠠᠭᠳᠠᠮᠠᠯ ᠮᠠᠲ᠋ᠧᠷᠢᠶᠠᠯ ᠪᠣᠯᠣᠨ ᠬᠠᠶᠠᠭᠳᠠᠮᠠᠯ ᠲᠣᠰᠣ ᠵᠡᠷᠭᠡ ᠶᠢ ᠵᠢᠭᠠᠵᠤ ᠪᠣᠢ᠃ | ᠲᠤᠭᠤᠭᠠᠨ ᠭᠡᠷ ᠤᠨ ᠬᠤᠭ ᠨᠣᠪᠰᠢ ᠭᠠᠷᠭᠠᠳᠠᠭ ᠨᠢᠭᠡᠴᠢ ᠭᠡᠳᠡᠭ ᠨᠢ ᠢᠳᠡᠭᠡᠨ ᠪᠣᠯᠪᠠᠰᠤᠷᠠᠭᠤᠯᠬᠤ ᠨᠢᠭᠡᠴᠢ᠂ ᠢᠳᠡᠭᠡᠨ ᠤᠮᠳᠠᠭᠠᠨ ᠤ ᠡᠵᠡᠩᠨᠡᠯᠲᠡ ᠶᠢᠨ | ᠨᠢᠭᠡᠴᠢ᠂ ᠨᠢᠭᠡᠴᠢ ᠶᠢᠨ ᠬᠤᠭᠤᠯᠠᠨ ᠭᠡᠷ ᠵᠡᠷᠭᠡ ᠲᠤᠭᠤᠭᠠᠨ ᠭᠡᠷ ᠤᠨ ᠬᠤᠭ ᠨᠣᠪᠰᠢ ᠭᠠᠷᠭᠠᠳᠠᠭ ᠨᠢᠭᠡᠴᠢ ︵ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠪᠠᠭᠲᠠᠭᠠᠨ᠎ᠠ︶ ᠪᠣᠯᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠪᠣᠷᠤᠯᠠᠭᠤᠯᠬᠤ ᠵᠠᠬ᠎ᠠ | ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢ ᠵᠢᠭᠠᠵᠤ ᠪᠤᠶ᠃ | ᠭᠤᠷᠪᠠᠳᠤᠭᠠᠷ ᠵᠣᠷᠪᠣᠰ ᠲᠣᠰ ᠬᠤᠲᠠ ᠶᠢᠨ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠲᠤᠭᠤᠭᠠᠨ ᠭᠡᠷ ᠤᠨ ᠬᠤᠭ ᠨᠣᠪᠰᠢ ᠶᠢ | ᠭᠠᠷᠭᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠢᠴᠢ ᠬᠢᠨᠠᠨ ᠬᠠᠮᠢᠶᠠᠷᠬᠤ ᠠᠵᠢᠯᠯᠠᠭ᠎ᠠ ᠳᠤ ᠲᠣᠰ ᠠᠷᠭ᠎ᠠ ᠶᠢ ᠬᠡᠷᠡᠭᠯᠡᠨ᠎ᠡ᠃ | ᠳᠥᠷᠪᠡᠳᠦᠭᠡᠷ ᠵᠣᠷᠪᠣᠰ ᠲᠣᠰ ᠬᠤᠲᠠ ᠶᠢᠨ ᠲᠣᠭᠤᠭᠠᠨ ᠭᠡᠷ ᠤᠨ ᠬᠤᠭ ᠨᠣᠪᠰᠢ ᠶᠢᠨ ᠬᠠᠮᠢᠶᠠᠷᠤᠯᠲᠠ ᠳᠤ ︽ᠬᠡᠮᠵᠢᠶ᠎ᠡ ᠶᠢ ᠪᠠᠭᠠᠰᠬᠠᠬᠤ᠂ ᠬᠤᠤᠷ | ᠦᠭᠡᠶᠢᠵᠢᠭᠦᠯᠬᠦ᠂ ᠡᠬᠢ ᠪᠠᠶᠠᠯᠢᠭᠵᠢᠭᠤᠯᠬᠤ︾ ᠪᠠ ︽ᠬᠡᠨ ᠭᠠᠷᠭᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠰᠠᠭᠠᠷ ᠬᠠᠶᠠᠬᠤ᠂ ᠨᠢᠭᠡᠳᠦᠯᠲᠡᠶ | ᠴᠤᠭᠯᠠᠭᠤᠯᠤᠨ ᠲᠡᠭᠡᠭᠡᠪᠦᠷᠢᠯᠡᠬᠦ᠂ ᠲᠥᠪᠯᠡᠷᠡᠭᠦᠯᠦᠨ ᠴᠡᠭ ᠲᠣᠭᠲᠠᠭᠠᠨ ᠰᠢᠢᠳᠪᠦᠷᠢᠯᠡᠬᠦ ᠲᠦᠷᠢᠮ ᠢ ᠬᠡᠷᠡᠭᠵᠢᠭᠦᠯᠦᠨ᠎ᠡ᠃ | ᠲᠠᠪᠤᠳᠤᠭᠠᠷ ᠵᠤᠷᠪᠤᠰ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯ ᠲᠤᠰ | ᠬᠤᠲᠠ ᠶᠢᠨ ᠲᠣᠭᠤᠭᠠᠨ ᠭᠡᠷ ᠤᠨ ᠬᠤᠭ ᠨᠣᠪᠰᠢ ᠶᠢ ᠭᠠᠷᠭᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠲᠣᠭᠤᠭᠠᠨ ᠭᠡᠷ ᠤᠨ ᠬᠤᠭ ᠨᠣᠪᠰᠢ ᠶᠢ ᠭᠠᠷᠭᠠᠬᠤ᠂ ᠴᠤᠭᠯᠠᠭᠤᠯᠬᠤ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠳᠤ | ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠡᠯ᠎ᠡ ᠬᠤᠰᠢᠭᠤ ᠰᠢᠶᠠᠨ ᠲᠣᠭᠤᠷᠢᠭ᠂ ᠬᠤᠪᠣᠷ ᠰᠢᠷᠣᠶ ᠳᠡᠭᠡᠳᠦ ᠰᠢᠨ᠎ᠡ ᠮᠡᠷᠭᠡᠵᠢᠯ ᠠᠵᠤ ᠦᠢᠯᠡᠰ ᠤᠨ ᠨᠡᠬᠡᠬᠡᠯᠲᠡ ᠶᠢᠨ ᠣᠷᠣᠨ ᠤ ᠬᠤᠲᠠ ᠶᠢᠨ ᠦᠵᠡᠮᠵᠢ | ᠣᠷᠴᠢᠨ ᠲᠣᠭᠤᠷᠢᠨ ᠤ ᠠᠷᠢᠭᠤᠨ ᠴᠡᠪᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠳᠠᠬᠢ ᠲᠤᠭᠤᠭᠠᠨ | ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠠᠵᠢᠯ ᠢ ᠪᠣᠳᠠᠲᠠᠶ ᠬᠠᠷᠢᠭᠤᠴᠠᠨ᠎ᠠ᠃ | ᠬᠤᠲᠠ᠂ ᠲᠣᠭᠤᠷᠢᠭ ᠬᠤᠶᠠᠷ ᠱᠠᠲᠤᠨ ᠤ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠭᠤᠭᠠᠨ ᠭᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠨ᠎ᠡ᠃ | ᠵᠢᠷᠭᠤᠳᠤᠭᠠᠷ ᠵᠣᠷᠪᠣᠰ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠴᠡᠪᠡᠷ ᠨᠣᠭᠤᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ᠂ ᠪᠣᠯᠪᠠᠰᠤᠷᠠᠭᠤᠯᠬᠤ | ᠮᠡᠷᠭᠡᠰᠢᠯ ᠪᠣᠯᠤᠨ ᠲᠤᠭᠤᠭᠠᠨ ᠭᠡᠷ᠂ ᠬᠤᠭᠤᠯᠠᠨ ᠭᠡᠷ ᠤᠨ ᠬᠤᠭᠤᠯᠠ ᠤᠮᠳᠠ ᠶᠢ ᠠᠷᠪᠢᠯᠠᠬᠤ ᠵᠡᠷᠭᠡ ᠠᠷᠭ᠎ᠠ ᠬᠡᠯᠪᠡᠷᠢ ᠶᠢ ᠰᠠᠨᠠᠭᠠᠴᠢᠯᠠᠨ᠂ ᠲᠣᠭᠤᠭᠠᠨ ᠭᠡᠷ ᠤᠨ | ᠬᠤᠭ ᠨᠣᠪᠰᠢ ᠶᠢᠨ ᠡᠭᠦᠰᠬᠦ ᠬᠡᠮᠵᠢᠶ᠎ᠡ ᠶᠢ ᠪᠠᠭᠠᠰᠬᠠᠨ᠎ᠠ᠃ | ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ | ᠰᠢᠨ᠎ᠡ ᠮᠡᠷᠭᠡᠰᠢᠯ᠂ ᠰᠢᠨ᠎ᠡ ᠮᠡᠷᠭᠡᠵᠢᠯ᠂ ᠰᠢᠨ᠎ᠡ ᠠᠷᠭ᠎ᠠ ᠬᠡᠯᠪᠡᠷᠢ ᠪᠠᠷ ᠲᠣᠭᠤᠭᠠᠨ ᠭᠡᠷ ᠤᠨ ᠬᠤᠭ ᠨᠣᠪᠰᠢ ᠶᠢ ᠨᠠᠷᠢᠯᠢᠭ ᠪᠣᠯᠪᠠᠰᠤᠷᠠᠭᠤᠯᠬᠤ ᠶᠢ ᠵᠣᠷᠢᠭᠵᠢᠭᠤᠯᠤᠨ | ᠳᠡᠮᠵᠢᠨ᠎ᠡ᠃ | ᠲᠣᠭᠤᠭᠠᠨ ᠭᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ | | ᠳᠣᠯᠣᠳᠤᠭᠠᠷ ᠵᠣᠷᠪᠣᠰ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠳᠤ ᠲᠥᠯᠥᠪᠦᠷᠢ ᠲᠠᠢ ᠦᠢᠯᠡᠴᠢᠯᠡᠭᠡ ᠶᠢ ᠬᠡᠷᠡᠭᠵᠢᠭᠦᠯᠵᠦ᠂ ᠲᠣᠭᠤᠭᠠᠨ | ᠭᠡᠷ ᠤᠨ ᠬᠤᠭ ᠨᠣᠪᠰᠢ ᠶᠢ ᠭᠠᠷᠭᠠᠳᠠᠭ ᠨᠢᠭᠡᠴᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠣᠭᠤᠭᠠᠨ ᠭᠡᠷ ᠤᠨ ᠬᠤᠭ | ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠪᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠣᠭᠤᠭᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ ᠰᠦᠢᠳᠬᠡᠯ ᠢ ᠲᠤᠰᠢᠶᠠᠨ᠎ᠠ᠃ | ᠨᠠᠢᠮᠠᠳᠤᠭᠠᠷ ᠵᠣᠷᠪᠣᠰ ᠢᠳᠡᠭᠡᠨ ᠤᠮᠳᠠᠭᠠᠨ ᠤ ᠠᠵᠢᠯ ᠲᠥᠷᠥᠯ ᠤᠨ ᠨᠡᠶᠢᠭᠡᠮᠯᠢᠭ ᠤᠳ ᠠᠵᠢᠯ ᠲᠥᠷᠥᠯ ᠤᠨ ᠥᠪᠡᠷ ᠢ ᠪᠠᠨ ᠬᠢᠵᠠᠭᠠᠷᠯᠠᠬᠤ ᠪᠠ | ᠦᠢᠯᠡᠴᠢᠯᠡᠭᠡᠨ ᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠲᠥᠷᠥᠯ ᠤᠨ ᠳᠣᠲᠣᠷᠠᠬᠢ ᠲᠣᠭᠤᠭᠠᠨ ᠭᠡᠷ ᠤᠨ ᠬᠤᠭ ᠨᠣᠪᠰᠢ ᠶᠢ ᠭᠠᠷᠭᠠᠬᠤ᠂ ᠴᠤᠭᠯᠠᠭᠤᠯᠬᠤ᠂ | ᠲᠡᠭᠡᠭᠡᠪᠦᠷᠢᠯᠡᠬᠦ ᠪᠠ ᠰᠢᠢᠳᠪᠦᠷᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠲᠣᠭᠤᠭᠠᠨ ᠭᠡᠷ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠠᠷᠭ᠎ᠠ ᠶᠢ | ᠳᠡᠯᠭᠡᠷᠡᠭᠦᠯᠵᠦ᠂ ᠲᠣᠭᠤᠭᠠᠨ ᠭᠡᠷ ᠤᠨ ᠬᠤᠭ ᠨᠣᠪᠰᠢ ᠶᠢ ᠬᠤᠤᠷ ᠦᠭᠡᠶᠢᠵᠢᠭᠦᠯᠦᠨ ᠰᠢᠢᠳᠪᠦᠷᠢᠯᠡᠬᠦ ᠠᠵᠢᠯ ᠢ ᠰᠢᠮᠳᠠᠭᠤᠯᠤᠨ ᠰᠠᠶᠢᠲᠤᠷ ᠬᠢᠨ᠎ᠡ᠃ | | ᠬᠤᠶᠠᠳᠤᠭᠠᠷ ᠪᠦᠯᠦᠭ ᠲᠦᠯᠦᠪᠵᠢᠭᠦᠯᠬᠦ ᠪᠠ ᠪᠦᠲᠦᠭᠡᠨ ᠪᠠᠶᠢᠭᠤᠯᠬᠤ | ᠶᠢᠰᠦᠳᠦᠭᠡᠷ ᠵᠣᠷᠪᠣᠰ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠤᠷ ᠭᠠᠵᠠᠷ ᠢ ᠰᠣᠩᠭᠤᠬᠤ ᠳᠤ ᠪᠠᠨ ᠬᠤᠲᠠ ᠶᠢᠨ ᠶᠡᠷᠦᠩᠬᠡᠶ | ᠲᠥᠯᠥᠪᠵᠢᠭᠦᠯᠭᠡ᠂ ᠣᠷᠣᠨ ᠪᠦᠰᠡ ᠶᠢᠨ ᠣᠷᠴᠢᠨ ᠲᠣᠭᠤᠷᠢᠨ ᠤ ᠲᠥᠯᠥᠪᠵᠢᠭᠦᠯᠭᠡ᠂ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ | ᠲᠤᠰᠬᠠᠢ ᠵᠦᠢᠯ ᠤᠨ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠰᠢᠨᠵᠢᠯᠡᠬᠦ ᠤᠬᠠᠭᠠᠨᠴᠢ ᠵᠦᠢ | ᠵᠣᠬᠢᠰᠲᠠᠢ ᠪᠠᠶᠢᠷᠢᠰᠢᠭᠤᠯᠤᠨ᠂ ᠲᠤᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠤᠷ ᠭᠠᠵᠠᠷ ᠤᠨ ᠦᠢᠯᠡᠴᠢᠯᠡᠭᠡᠨ ᠤ ᠣᠷᠣᠨ ᠪᠦᠰᠡ᠂ | ᠦᠢᠯᠡᠴᠢᠯᠡᠭᠡᠨ ᠤ ᠨᠢᠭᠡᠴᠢ᠂ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠴᠢᠳᠠᠪᠤᠷᠢ᠂ ᠲᠡᠭᠡᠭᠡᠪᠦᠷᠢ ᠶᠢᠨ ᠣᠷᠣᠨ ᠵᠠᠢ᠂ ᠤᠷᠢᠳᠴᠢᠯᠠᠨ ᠦᠯᠡᠳᠡᠭᠡᠭᠰᠡᠨ | ᠬᠥᠭᠵᠢᠯᠲᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠤᠯᠬᠢᠯᠠᠨ᠎ᠠ᠃ | ᠠᠷᠪᠠᠳᠤᠭᠠᠷ ᠵᠣᠷᠪᠣᠰ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠤᠯᠤᠰ ᠤᠨ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ | ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠶᠢᠨ ᠬᠠᠮᠲᠤ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠮᠡᠷᠭᠡᠵᠢᠯ ᠤᠨ | ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠰᠢᠯᠭᠠᠨ ᠠᠪᠤᠨ᠎ᠠ᠃ ᠰᠢᠯᠭᠠᠨ ᠠᠪᠤᠯᠲᠠ ᠳᠤ ᠪᠠᠲᠤᠯᠠᠭᠳᠠᠭᠰᠠᠨ ᠦᠭᠡᠶ | ᠪᠤᠶᠤ ᠰᠢᠯᠭᠠᠨ ᠠᠪᠤᠯᠲᠠ ᠳᠤ ᠬᠢᠷᠢ ᠲᠡᠩᠴᠡᠭᠰᠡᠨ ᠦᠭᠡᠶ ᠪᠣᠯ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠶ᠃ | ᠠᠷᠪᠠᠨ ᠨᠢᠭᠡᠳᠦᠭᠡᠷ ᠵᠣᠷᠪᠣᠰ ᠶᠠᠮᠠᠷᠪᠠ ᠨᠢᠭᠡᠴᠢ ᠪᠠ ᠬᠤᠪᠢ ᠬᠥᠮᠦᠨ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ᠂ ᠲᠠᠯᠠᠪᠤᠷ | ᠭᠠᠵᠠᠷ ᠢ ᠳᠤᠷ᠎ᠠ ᠪᠠᠷ ᠢᠶᠠᠨ ᠬᠠᠭᠠᠬᠤ ᠂ ᠰᠤᠯᠠ ᠲᠠᠯᠪᠢᠬᠤ ᠪᠤᠶᠤ ᠨᠤᠷᠠᠭᠠᠵᠤ ᠪᠣᠯᠬᠤ ᠦᠭᠡᠢ︔ ᠦᠨᠡᠨ ᠬᠦ ᠬᠠᠭᠠᠬᠤ᠂ ᠰᠤᠯᠠ ᠲᠠᠯᠪᠢᠬᠤ ᠪᠤᠶᠤ ᠨᠤᠷᠠᠭᠠᠬᠤ | ᠴᠢᠬᠤᠯᠠ ᠲᠠᠢ ᠪᠣᠯ ᠡᠷᠬᠡᠪᠰᠢ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ | ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠬᠦ ᠶᠢᠨ ᠬᠠᠮᠲᠤ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠨ᠎ᠡ᠃ | | ᠭᠤᠷᠪᠠᠳᠤᠭᠠᠷ ᠪᠦᠯᠦᠭ ᠲᠣᠭᠤᠭᠠᠨ ᠭᠡᠷ ᠤᠨ ᠬᠤᠭ ᠨᠣᠪᠰᠢ ᠶᠢ ᠭᠠᠷᠭᠠᠬᠤ ᠂ ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ | ᠠᠷᠪᠠᠨ ᠬᠤᠶᠠᠳᠤᠭᠠᠷ ᠵᠤᠷᠪᠤᠰ ᠲᠣᠭᠤᠭᠠᠨ ᠭᠡᠷ ᠤᠨ ᠬᠤᠭ ᠨᠣᠪᠰᠢ ᠶᠢ ᠭᠠᠷᠭᠠᠬᠤ ᠨᠢᠭᠡᠴᠢ ᠪᠣᠯ ᠲᠣᠭᠤᠭᠠᠨ ᠭᠡᠷ ᠤᠨ ᠬᠤᠭ ᠨᠣᠪᠰᠢ ᠶᠢ ᠬᠠᠶᠠᠬᠤ | ᠬᠠᠷᠢᠭᠤᠴᠠᠯᠭᠠᠲᠠᠨ ᠪᠣᠯᠬᠤᠷ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄ | ︵ᠨᠢᠭᠡ︶ ᠬᠤᠯᠪᠣᠭᠳᠠᠯ ᠪᠦᠬᠦᠢ ᠲᠣᠭᠲᠠᠭᠠᠯ ᠪᠤᠶᠤ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠲᠣᠭᠤᠭᠠᠨ ᠭᠡᠷ ᠤᠨ ᠬᠤᠭ ᠨᠣᠪᠰᠢ | ᠴᠤᠭᠯᠠᠭᠤᠯᠬᠤ ᠰᠠᠪᠠ ᠶᠢ ᠬᠡᠷᠡᠭᠯᠡᠵᠦ᠂ ᠲᠣᠭᠤᠭᠠᠨ ᠭᠡᠷ ᠤᠨ ᠬᠤᠭ ᠨᠣᠪᠰᠢ ᠶᠢ ᠲᠤᠰᠠᠭᠠᠷ ᠴᠤᠭᠯᠠᠭᠤᠯᠬᠤ ᠪᠠ ᠬᠠᠳᠠᠭᠠᠯᠠᠨ᠎ᠠ︔ | ︵ᠬᠤᠶᠠᠷ︶ ᠬᠠᠶᠠᠭᠳᠠᠮᠠᠯ ᠲᠣᠰᠣ ᠶᠢ ᠭᠠᠷᠭᠠᠭᠰᠠᠨ ᠪᠣᠯ᠂ ᠣᠷᠴᠢᠨ ᠲᠣᠭᠤᠷᠢᠨ ᠢ ᠬᠠᠮᠠᠭᠠᠯᠠᠬᠤ ᠲᠣᠭᠲᠠᠭᠠᠯ ᠶᠣᠰᠣᠭᠠᠷ᠂ ᠲᠣᠰᠣ ᠬᠥᠨᠳᠡᠶᠢᠷᠡᠭᠦᠯᠬᠦ ᠲᠠᠲᠠᠭᠠᠯ | ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠤᠭᠰᠠᠷᠠᠭᠤᠯᠵᠤ᠂ ᠢᠳᠡᠭᠡᠨ ᠤ ᠲᠣᠰᠣ ᠶᠢ ᠰᠢᠭᠤᠳ ᠭᠠᠳᠠᠭᠰᠢᠯᠠᠭᠤᠯᠬᠤ ᠠᠴᠠ ᠵᠠᠶᠢᠯᠠᠰᠬᠢᠬᠦ ᠬᠡᠷᠡᠭᠲᠡᠶ︔ | | ︵ᠭᠤᠷᠪᠠ︶ ᠴᠤᠭᠯᠠᠭᠤᠯᠤᠭᠰᠠᠨ ᠰᠠᠪᠠ ᠪᠠ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢᠨ ᠪᠦᠷᠢᠨ ᠪᠦᠲᠦᠨ᠂ ᠴᠡᠪᠡᠷ ᠲᠡᠭᠰᠢ ᠪᠠ ᠬᠡᠪ ᠤᠨ | ᠬᠡᠷᠡᠭᠯᠡᠯᠲᠡ ᠶᠢ ᠪᠠᠲᠤᠯᠠᠬᠤ ᠬᠡᠷᠡᠭᠲᠡᠢ︔ | ︵ᠲᠦᠷᠪᠡ︶ ᠡᠵᠡᠩᠨᠡᠬᠦ ᠵᠦᠪᠰᠢᠶᠡᠷᠡᠯ ᠢ ᠣᠯᠤᠭᠰᠠᠨ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠨᠢᠭᠡᠴᠢ ᠲᠠᠢ | ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠬᠡᠯᠡᠯᠴᠡᠭᠡᠷ ᠲᠣᠭᠲᠠᠵᠤ᠂ ᠪᠣᠯᠵᠣᠨ ᠲᠣᠭᠲᠠᠭᠰᠠᠨ ᠴᠠᠭ᠂ ᠭᠠᠵᠠᠷ᠂ ᠤᠳᠠᠭ᠎ᠠ ᠪᠠ ᠠᠷᠭ᠎ᠠ ᠮᠠᠶ᠋ᠢᠭ ᠢᠶᠠᠷ | ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠲᠡᠭᠡᠭᠡᠪᠦᠷᠢᠯᠡᠨ᠎ᠡ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠪᠤᠰᠤᠳ ᠲᠣᠭᠲᠠᠭᠠᠯ᠃ | ᠠᠷᠪᠠᠨ ᠭᠤᠷᠪᠠᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠲᠡᠭᠰᠢ ᠪᠠᠷ ᠥᠷᠢᠰᠦᠯᠳᠦᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ︶ ᠶᠢ ᠡᠵᠡᠩᠨᠡᠯᠲᠡ ᠶᠢᠨ ᠴᠢᠨᠠᠷᠲᠠᠶ ᠬᠤᠷᠢᠶᠠᠨ ᠴᠤᠭᠯᠠᠭᠤᠯᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠵᠥᠪᠰᠢᠶᠡᠷᠡᠯ ᠤᠨ ᠲᠣᠭᠲᠠᠭᠠᠯ ᠭᠠᠷᠭᠠᠵᠤ᠂ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ︶ ᠶᠢ | ᠡᠵᠡᠩᠨᠡᠯᠲᠡ ᠶᠢᠨ ᠴᠢᠨᠠᠷᠲᠠᠶ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠣᠯᠭᠤᠬᠤ ᠶᠢᠨ | ᠬᠠᠮᠲᠤ ᠳᠠᠭᠠᠭᠠᠴᠢᠯᠠᠭᠴᠢ ᠲᠠᠢ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ︶ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ | ᠰᠢᠢᠳᠪᠦᠷᠢᠯᠡᠬᠦ ᠡᠵᠡᠩᠨᠡᠯᠲᠡ ᠶᠢᠨ ᠬᠡᠯᠡᠯᠴᠡᠭᠡᠷ ᠲᠣᠭᠲᠠᠵᠤ᠂ ᠡᠵᠡᠩᠨᠡᠯᠲᠡ ᠶᠢᠨ ᠬᠡᠯᠡᠯᠴᠡᠭᠡᠷ ᠲᠣᠭᠲᠠᠭᠠᠬᠤ ᠳᠤ ᠡᠵᠡᠩᠨᠡᠯᠲᠡ ᠶᠢᠨ ᠬᠤᠭᠤᠴᠠᠭ᠎ᠠ᠂ | ᠦᠢᠯᠡᠴᠢᠯᠡᠭᠡᠨ ᠤ ᠪᠠᠷᠢᠮᠵᠢᠶ᠎ᠠ ᠵᠡᠷᠭᠡ ᠠᠭᠤᠯᠭ᠎ᠠ ᠶᠢ ᠪᠣᠯᠵᠣᠨ ᠲᠣᠭᠲᠠᠭᠠᠬᠤ ᠶᠢᠨ ᠬᠠᠮᠲᠤ᠂ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ | ᠨᠣᠪᠰᠢ︶ ᠶᠢ ᠡᠵᠡᠩᠨᠡᠯᠲᠡ ᠶᠢᠨ ᠴᠢᠨᠠᠷᠲᠠᠶ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠦᠢᠯᠡᠴᠢᠯᠡᠭᠡᠨ ᠤ ᠵᠥᠪᠰᠢᠶᠡᠷᠡᠯ ᠤᠨ ᠦᠨᠡᠮᠯᠡᠯ ᠤᠨ | ᠳᠠᠭᠠᠯᠳᠤᠭᠤᠯᠤᠯ ᠪᠣᠯᠭᠠᠨ᠎ᠠ᠃ | ᠠᠷᠪᠠᠨ ᠳᠥᠷᠪᠡᠳᠦᠭᠡᠷ ᠵᠤᠷᠪᠤᠰ ᠡᠵᠡᠩᠨᠡᠯᠲᠡ ᠶᠢᠨ ᠴᠢᠨᠠᠷᠲᠠᠶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ | ᠰᠢᠢᠳᠪᠦᠷᠢᠯᠡᠬᠦ ᠦᠢᠯᠡᠴᠢᠯᠡᠭᠡᠨ ᠤ ᠠᠵᠢᠯᠯᠠᠭ᠎ᠠ ᠬᠢᠵᠦ ᠪᠠᠶᠢᠭ᠎ᠠ ᠨᠢᠭᠡᠴᠢ ᠨᠦᠭᠦᠳ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ︶ ᠶᠢᠨ | ᠡᠵᠡᠩᠨᠡᠯᠲᠡ ᠶᠢᠨ ᠴᠢᠨᠠᠷᠲᠠᠶ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠬᠤ ᠬᠡᠷᠡᠭᠲᠡᠶ᠃ | | ᠬᠤᠰᠢᠭᠤ ᠰᠢᠶᠠᠨ ᠤ ᠱᠠᠲᠤᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠨᠲᠡ | ᠵᠥᠪᠰᠢᠶᠡᠷᠡᠯ ᠣᠯᠤᠭᠰᠠᠨ ᠠᠮᠢᠳᠤᠷᠠᠯ ᠤᠨ ᠬᠤᠭ ᠨᠣᠪᠰᠢ ︵ᠲᠣᠭᠤᠭᠠᠨ ᠭᠡᠷ ᠤᠨ ᠬᠤᠭ ᠨᠣᠪᠰᠢ︶ ᠶᠢ ᠡᠵᠡᠩᠨᠡᠯᠲᠡ ᠶᠢᠨ ᠴᠢᠨᠠᠷᠲᠠᠶ ᠬᠤᠷᠢᠶᠠᠨ ᠴᠤᠭᠯᠠᠭᠤᠯᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠨᠢᠭᠡᠴᠢ ᠶᠢᠨ ᠨᠡᠷᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠠᠷᠪᠠᠨ ᠲᠠᠪᠤᠳᠤᠭᠠᠷ ᠵᠤᠷᠪᠤᠰ ᠡᠵᠡᠩᠨᠡᠯᠲᠡ ᠶᠢᠨ ᠴᠢᠨᠠᠷᠲᠠᠶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠠᠵᠢᠯ ᠬᠢᠵᠦ | ᠪᠠᠶᠢᠭ᠎ᠠ ᠨᠢᠭᠡᠴᠢ ᠨᠦᠭᠦᠳ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠲᠥᠷᠥᠯ ᠬᠤᠪᠢᠶᠠᠨ ᠴᠤᠭᠯᠠᠭᠤᠯᠬᠤ ᠴᠢᠳᠠᠪᠤᠷᠢ ᠲᠠᠢ ᠪᠦᠷᠢᠨ ᠨᠢᠭᠲᠠ ᠲᠤᠰᠬᠠᠶ ᠴᠤᠭᠯᠠᠭᠤᠯᠬᠤ ᠰᠠᠪᠠ︔ | ︵ᠬᠤᠶᠠᠷ︶ ᠦᠮᠡᠬᠡᠢ ᠦᠨᠦᠷ ᠲᠠᠷᠬᠠᠬᠤ ᠶᠢ ᠰᠡᠷᠭᠡᠶᠢᠯᠡᠬᠦ᠂ ᠠᠰᠬᠠᠬᠤ ᠶᠢ ᠰᠡᠷᠭᠡᠶᠢᠯᠡᠬᠦ᠂ ᠤᠷᠬᠢᠬᠤ ᠠᠴᠠ ᠰᠡᠷᠭᠡᠶᠢᠯᠡᠬᠦ ᠴᠢᠳᠠᠮᠵᠢ ᠲᠠᠢ ᠲᠣᠭᠤᠭᠠᠨ ᠭᠡᠷ ᠤᠨ | ᠬᠤᠭ ᠨᠣᠪᠰᠢ ᠲᠡᠭᠡᠭᠡᠪᠦᠷᠢᠯᠡᠬᠦ ᠳᠤ ᠲᠤᠰᠬᠠᠢ ᠬᠡᠷᠡᠭᠯᠡᠬᠦ ᠲᠡᠷᠭᠡ ᠬᠥᠰᠬᠡ᠂ ᠶᠠᠪᠤᠵᠤ ᠰᠠᠭᠤᠬᠤ ᠵᠢᠴᠢ ᠠᠴᠢᠶᠠᠯᠠᠵᠤ ᠪᠠᠭᠤᠯᠭᠠᠬᠤ ᠲᠡᠮᠳᠡᠭᠯᠡᠭᠦᠷ ᠤᠭᠰᠠᠷᠠᠬᠤ︔ | ︵ᠭᠤᠷᠪᠠ︶ ᠬᠠᠤᠯᠢ ᠶᠣᠰᠣᠨ ᠤ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ ᠲᠠᠢ︔ | ︵ᠲᠦᠷᠪᠡ︶ ᠲᠣᠭᠲᠠᠮᠠᠯ ᠠᠵᠢᠯᠯᠠᠬᠤ ᠭᠠᠵᠠᠷ ᠪᠠ ᠮᠠᠰᠢᠨ᠂ ᠲᠥᠬᠦᠭᠡᠷᠦᠮᠵᠢ᠂ ᠲᠡᠷᠭᠡ ᠬᠥᠰᠬᠡ ᠵᠣᠭᠰᠣᠬᠤ ᠲᠠᠯᠠᠪᠤᠷ ᠲᠠᠢ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ ᠲᠣᠭᠲᠠᠭᠠᠭᠰᠠᠨ ᠪᠤᠰᠤᠳ ᠨᠥᠬᠦᠴᠡᠯ᠃ | ᠠᠷᠪᠠᠨ ᠵᠢᠷᠭᠤᠳᠤᠭᠠᠷ ᠵᠤᠷᠪᠤᠰ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠬᠢᠵᠦ ᠪᠠᠶᠢᠭ᠎ᠠ ᠨᠢᠭᠡᠴᠢ ᠳᠣᠣᠷᠠᠬᠢ ᠨᠥᠬᠦᠴᠡᠯ ᠢ | ᠪᠦᠷᠢᠯᠳᠦᠭᠦᠯᠬᠦ ᠬᠡᠷᠡᠭᠲᠡᠶ᠄ | ︵ᠨᠢᠭᠡ︶ ᠰᠢᠢᠳᠪᠦᠷᠢᠯᠡᠬᠦ ᠪᠡᠯᠡᠳᠬᠡᠮᠵᠢ ᠶᠢᠨ ᠭᠠᠵᠠᠷ ᠢ ᠰᠣᠩᠭᠤᠬᠤ ᠨᠢ ᠬᠤᠲᠠ ᠬᠥᠳᠡᠭᠡ ᠶᠢᠨ ᠲᠥᠯᠥᠪᠵᠢᠭᠦᠯᠭᠡ ᠳᠤ ᠨᠡᠶᠢᠴᠡᠭᠦᠯᠬᠦ ᠶᠢᠨ ᠬᠠᠮᠲᠤ | ᠲᠥᠯᠥᠪᠵᠢᠭᠦᠯᠭᠡ ᠶᠢᠨ ᠵᠥᠪᠰᠢᠶᠡᠷᠡᠯ ᠢ ᠣᠯᠤᠨ᠎ᠠ︔ | ︵ᠬᠤᠶᠠᠷ︶ ᠠᠳᠠᠭ ᠲᠠᠭᠠᠨ ᠲᠠᠪᠤᠨ ᠨᠡᠷ᠎ᠡ ᠠᠩᠬ᠎ᠠ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ ᠬᠥᠮᠦᠨ᠂ ᠡᠭᠦᠨ ᠳᠤ ᠣᠷᠴᠢᠨ ᠲᠣᠭᠤᠷᠢᠨ ᠤ | ᠢᠨᠵᠧᠨᠧᠷᠢᠩ᠂ ᠮᠧᠬᠠᠨᠢᠭ᠂ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ ᠲᠤᠰᠬᠠᠶ ᠮᠡᠷᠭᠡᠵᠢᠯ ᠤᠨ ᠮᠡᠷᠭᠡᠵᠢᠯᠲᠡᠨ ᠢ ᠪᠠᠭᠲᠠᠭᠠᠨ᠎ᠠ᠂ ᠡᠭᠦᠨ ᠳᠤ ᠮᠡᠷᠭᠡᠵᠢᠯ ᠤᠨ | ᠬᠠᠷᠢᠭᠤᠴᠠᠯᠭᠠᠲᠠᠨ ᠨᠢ 5 ᠵᠢᠯ ᠠᠴᠠ ᠳᠡᠭᠡᠭᠰᠢ ᠬᠤᠭ ᠨᠣᠪᠰᠢ ᠰᠢᠢᠳᠪᠦᠷᠢᠯᠡᠬᠦ ᠠᠵᠢᠯ ᠤᠨ ᠲᠤᠷᠰᠢᠯᠭ᠎ᠠ ᠲᠠᠢ ᠪᠥᠭᠡᠳ ᠳᠤᠮᠳᠠ ᠵᠡᠷᠭᠡ ᠠᠴᠠ ᠳᠡᠭᠡᠭᠰᠢᠬᠢ | ᠲᠤᠰᠬᠠᠶ ᠮᠡᠷᠭᠡᠵᠢᠯ ᠤᠨ ᠴᠣᠯᠠ ᠲᠠᠢ᠃ | ︵ᠭᠤᠷᠪᠠ︶ ᠬᠡᠷᠡᠭᠯᠡᠭᠰᠡᠨ ᠮᠡᠷᠭᠡᠵᠢᠯ᠂ ᠤᠷᠠᠯᠠᠯ ᠨᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠪᠠ ᠲᠧᠩᠨᠢᠭ ᠮᠡᠷᠭᠡᠵᠢᠯ ᠤᠨ ᠳᠦᠷᠢᠮᠵᠢᠯ ᠳᠤ ᠨᠡᠶᠢᠴᠡᠭᠰᠡᠨ | ᠪᠠᠶᠢᠬᠤ ᠬᠡᠷᠡᠭᠲᠡᠢ︔ | ︵ᠲᠦᠷᠪᠡ︶ ᠬᠠᠶᠠᠭᠳᠠᠮᠠᠯ ᠤᠰᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠵᠡᠷᠭᠡ ᠪᠣᠬᠢᠷᠲᠤᠯ ᠪᠣᠳᠠᠰ ᠢ ᠰᠢᠢᠳᠪᠦᠷᠢᠯᠡᠬᠦ ᠪᠤᠯᠤᠮᠵᠢᠲᠠᠢ ᠮᠡᠷᠭᠡᠵᠢᠯ ᠤᠨ | ᠲᠥᠰᠦᠯ ᠪᠠ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠲᠥᠰᠦᠯ ᠲᠠᠢ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠮᠡᠳᠡᠭᠦᠯᠦᠯᠲᠡ ᠶᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠬᠤ ᠬᠡᠷᠡᠭᠲᠡᠶ︔ | ︵ᠲᠠᠪᠤ︶ ᠪᠣᠬᠢᠷᠲᠤᠯ ᠢ ᠬᠢᠵᠠᠭᠠᠷᠯᠠᠬᠤ ᠪᠠ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠪᠡᠯᠡᠳᠬᠡᠯ ᠲᠥᠰᠦᠯ ᠲᠠᠢ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠳᠤ | ᠲᠣᠭᠲᠠᠭᠠᠭᠰᠠᠨ ᠪᠤᠰᠤᠳ ᠨᠥᠬᠦᠴᠡᠯ᠃ | ᠠᠷᠪᠠᠨ ᠳᠣᠯᠣᠳᠤᠭᠠᠷ ᠵᠤᠷᠪᠤᠰ ᠡᠵᠡᠩᠨᠡᠯᠲᠡ ᠶᠢᠨ ᠴᠢᠨᠠᠷᠲᠠᠶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠠᠵᠢᠯ | ᠬᠢᠵᠦ ᠪᠠᠶᠢᠭ᠎ᠠ ᠨᠢᠭᠡᠴᠢ ᠨᠦᠭᠦᠳ ᠳᠣᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠲᠣᠭᠤᠭᠠᠨ ᠭᠡᠷ ᠤᠨ ᠬᠤᠭ ᠨᠤᠪᠰᠢ ᠭᠠᠷᠭᠠᠭᠰᠠᠳ ᠲᠠᠢ ᠴᠣᠭᠯᠠᠭᠤᠯᠬᠤ᠂ ᠵᠦᠬᠡᠬᠡᠪᠦᠷᠢᠯᠡᠬᠦ ᠬᠡᠯᠡᠯᠴᠡᠭᠡᠷ ᠲᠣᠭᠳᠠᠬᠤ ᠶᠢᠨ ᠬᠠᠮᠳᠣ᠂ | ᠵᠦᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠡᠳᠣᠷ ᠠᠴᠠ ᠡᠬᠢᠯᠡᠨ 10 ᠡᠳᠦᠷ ᠤᠨ ᠲᠣᠳᠣᠷ᠎ᠠ ᠪᠠᠶᠢᠭ᠎ᠠ ᠬᠤᠰᠢᠭᠤ ᠰᠢᠶᠠᠨ ᠲᠣᠭᠤᠷᠢᠭ ᠤᠨ ᠬᠤᠳᠠ ᠶᠢᠨ | ᠣᠷᠴᠢᠨ ᠲᠣᠭᠤᠷᠢᠨ ᠤ ᠠᠷᠢᠭᠤᠨ ᠴᠡᠪᠡᠷ ᠤᠨ ᠭᠤᠣᠯ ᠬᠠᠮᠢᠶᠠᠷᠬᠤ ᠰᠠᠯᠠᠭ᠎ᠠ ᠮᠦᠴᠢᠷ ᠲᠤ ᠲᠠᠩᠰᠠᠯᠠᠭᠤᠯᠤᠨ᠎ᠠ︔ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠯᠠᠬᠤ ᠪᠠᠷᠢᠮᠵᠢᠶ᠎ᠠ ᠪᠣᠯᠣᠨ ᠠᠵᠢᠯᠯᠠᠬᠤ ᠵᠢᠷᠣᠮᠯᠠᠯ ᠵᠢᠴᠢ ᠲᠣᠭᠤᠭᠠᠨ ᠭᠡᠷ ᠤᠨ ᠬᠤᠭ ᠨᠤᠪᠰᠢ ᠡᠬᠦᠰᠭᠡᠭᠴᠢ ᠬᠦᠮᠦᠨ ᠤ ᠪᠤᠯᠵᠤᠨ ᠲᠤᠭᠳᠠᠭᠰᠠᠨ ᠴᠠᠭ᠂ | ᠭᠠᠵᠠᠷ᠂ ᠠᠷᠭ᠎ᠠ ᠮᠠᠶ᠋ᠢᠭ ᠢᠶᠠᠷ ᠲᠣᠭᠤᠭᠠᠨ ᠭᠡᠷ ᠤᠨ ᠬᠤᠭ ᠨᠣᠪᠰᠢ ᠶᠢ ᠴᠠᠭ ᠲᠣᠬᠠᠢ ᠳᠤᠨᠢ ᠴᠣᠭᠯᠠᠭᠤᠯᠵᠣ᠂ ᠵᠦᠬᠡᠬᠡᠪᠦᠷᠢᠯᠡᠨᠠ︔ | ︵ᠬᠤᠶᠠᠷ︶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠨᠢᠭᠡᠴᠢ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ | ᠥᠷᠨᠢᠭᠦᠯᠵᠦ᠂ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠬᠤᠷᠢᠶᠠᠨ ᠴᠤᠭᠯᠠᠭᠤᠯᠬᠤ᠂ | ᠲᠡᠭᠡᠭᠡᠪᠦᠷᠢᠯᠡᠬᠦ ᠳᠤ ᠵᠢᠷᠤᠮᠵᠢᠯ ᠲᠠᠢ ᠠᠵᠢᠯᠯᠠᠵᠤ᠂ ᠲᠣᠭᠤᠭᠠᠨ ᠭᠡᠷ ᠤᠨ ᠬᠤᠭ ᠨᠣᠪᠰᠢ ᠡᠭᠦᠰᠭᠡᠭᠴᠢ ᠳᠤ ᠰᠠᠨᠠᠭᠠᠴᠢᠯᠠᠭ᠎ᠠ ᠠᠴᠠ ᠪᠠᠨ ᠠᠵᠢᠯ ᠤᠨ ᠦᠨᠡᠮᠯᠡᠯ ᠢᠶᠠᠨ | ᠭᠠᠷᠭᠠᠬᠤ ᠶᠢᠨ ᠬᠠᠮᠲᠤ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ ᠬᠠᠮᠢᠶ᠎ᠠ ᠪᠦᠬᠦᠢ ᠪᠠᠷᠢᠮᠲᠠ ᠶᠢ ᠦᠨᠡᠨ ᠪᠣᠳᠠᠲᠠᠢ ᠪᠠᠷ ᠲᠠᠭᠯᠠᠨ ᠪᠢᠴᠢᠬᠦ ᠬᠡᠷᠡᠭᠲᠡᠢ︔ | ︵ᠭᠤᠷᠪᠠ︶ ᠲᠣᠭᠲᠠᠭᠰᠠᠨ ᠵᠠᠮ ᠢᠶᠠᠷ 24 ᠴᠠᠭ ᠤᠨ ᠳᠣᠲᠣᠷ᠎ᠠ ᠴᠤᠭᠯᠠᠭᠤᠯᠤᠭᠰᠠᠨ ᠲᠣᠭᠤᠭᠠᠨ ᠭᠡᠷ ᠤᠨ ᠬᠤᠭ ᠨᠣᠪᠰᠢ ᠶᠢ ᠬᠤᠰᠢᠭᠤ ᠰᠢᠶᠠᠨ ᠤ ᠱᠠᠲᠤᠨ ᠤ | ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠲᠣᠭᠤᠭᠠᠨ ᠭᠡᠷ ᠤᠨ ᠬᠤᠭ ᠨᠣᠪᠰᠢ ᠶᠢ | ᠰᠢᠢᠳᠪᠦᠷᠢᠯᠡᠬᠦ ᠨᠢᠭᠡᠴᠢ ᠳᠤ ᠬᠦᠷᠭᠡᠵᠦ ᠰᠢᠢᠳᠪᠦᠷᠢᠯᠡᠭᠦᠯᠦᠨ᠎ᠡ︔ | ︵ᠲᠦᠷᠪᠡ︶ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠤᠷᠢᠳᠠᠪᠠᠷ ᠬᠡᠷᠡᠭᠯᠡᠨ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠭᠠᠷᠭᠠᠬᠤ | ᠬᠡᠷᠡᠭᠲᠡᠶ᠃ ᠲᠤᠰᠬᠠᠶ ᠬᠤᠷᠢᠶᠠᠨ ᠲᠡᠭᠡᠭᠡᠪᠦᠷᠢᠯᠡᠬᠦ ᠲᠡᠷᠭᠡ ᠬᠥᠰᠬᠡ ᠶᠢ ᠬᠡᠷᠡᠭᠯᠡᠵᠦ᠂ ᠲᠡᠷᠭᠡ ᠬᠥᠰᠬᠡ ᠶᠢᠨ ᠭᠠᠳᠠᠨ᠎ᠠ ᠲᠠᠯ᠎ᠠ ᠳᠤ ᠬᠤᠷᠢᠶᠠᠨ ᠲᠡᠭᠡᠭᠡᠪᠦᠷᠢᠯᠡᠬᠦ | ᠨᠢᠭᠡᠴᠢ ᠶᠢᠨ ᠨᠡᠷᠡᠶᠢᠳᠦᠯ ᠪᠠ ᠲᠡᠮᠳᠡᠭ ᠢ ᠡᠯᠭᠦᠵᠦ᠂ ᠪᠦᠷᠢᠮᠦᠰᠦᠨ ᠪᠢᠲᠡᠭᠦᠮᠵᠢᠯᠡᠭᠰᠡᠨ ᠲᠡᠭᠡᠭᠡᠪᠦᠷᠢ ᠶᠢ ᠬᠡᠷᠡᠭᠵᠢᠭᠦᠯᠵᠦ᠂ ᠲᠡᠭᠡᠭᠡᠪᠦᠷᠢ ᠶᠢᠨ ᠪᠠᠭᠠᠵᠢ ᠵᠢᠴᠢ | ᠬᠠᠮᠢᠶ᠎ᠠ ᠪᠦᠬᠦᠢ ᠰᠢᠯᠵᠢᠭᠦᠯᠦᠨ ᠲᠡᠭᠡᠭᠡᠪᠦᠷᠢᠯᠡᠬᠦ ᠲᠥᠬᠦᠭᠡᠷᠦᠮᠵᠢ ᠶᠢ ᠪᠦᠷᠢᠨ ᠪᠦᠲᠦᠨ᠂ ᠴᠡᠪᠡᠷ ᠲᠡᠭᠰᠢ ᠪᠠᠶᠢᠯᠭᠠᠬᠤ ᠶᠢ ᠪᠠᠲᠤᠯᠠᠨ᠎ᠠ︔ | ︵ᠲᠠᠪᠤ︶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠵᠥᠭᠡᠭᠡᠪᠦᠷᠢᠯᠡᠭᠰᠡᠨ ᠤ ᠳᠠᠷᠠᠭ᠎ᠠ᠂ ᠬᠤᠷᠢᠶᠠᠨ ᠴᠤᠭᠯᠠᠭᠤᠯᠬᠤ | ᠲᠥᠬᠦᠭᠡᠷᠦᠮᠵᠢ ᠶᠢ ᠴᠠᠭ ᠲᠤᠬᠠᠶ ᠳᠤᠨᠢ ᠠᠷᠢᠭᠤᠨ ᠴᠡᠪᠡᠷ ᠪᠠᠶᠢᠯᠭᠠᠵᠤ᠂ ᠠᠵᠢᠯ ᠤᠨ ᠲᠠᠯᠠᠪᠤᠷ ᠢ ᠴᠡᠪᠡᠷᠯᠡᠵᠦ᠂ ᠬᠤᠷᠢᠶᠠᠨ ᠴᠤᠭᠯᠠᠭᠤᠯᠬᠤ ᠲᠥᠬᠦᠭᠡᠷᠦᠮᠵᠢ ᠪᠠ | ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠶ︔ | ︵ᠵᠢᠷᠭᠤᠭ᠎ᠠ︶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠴᠣᠭᠯᠠᠭᠤᠯᠬᠤ᠂ ᠲᠡᠭᠡᠭᠡᠪᠦᠷᠢᠯᠡᠬᠦ ᠳᠤ ᠶᠠᠪᠤᠬᠤ ᠪᠤᠶᠤ ᠠᠴᠢᠶᠠᠯᠠᠵᠤ ᠪᠠᠭᠤᠯᠭᠠᠬᠤ | ᠲᠡᠮᠳᠡᠭᠯᠡᠭᠦᠷ ᠣᠭᠰᠠᠷᠠᠵᠣ᠂ ᠪᠦᠬᠦ᠋ᠢᠯᠡ ᠠᠵᠢᠯᠯᠠᠬᠤ ᠶᠠᠪᠤᠴᠠ ᠶᠢ ᠬᠡᠪ ᠤᠨ ᠶᠣᠰᠣᠭᠠᠷ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃ | ︵ᠳᠤᠯᠤᠭ᠎ᠠ︶ ᠲᠣᠭᠤᠭᠠᠨ ᠭᠡᠷ ᠤᠨ ᠬᠤᠭ ᠨᠤᠪᠰᠢ ᠴᠤᠭᠯᠠᠭᠤᠯᠬᠤ᠂ ᠵᠥᠭᠡᠭᠡᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠶᠢᠷᠠᠭᠤᠯᠤᠨ ᠵᠣᠬᠢᠶᠠᠨ᠎ᠠ | ᠃ | ᠠᠷᠪᠠᠨ ᠨᠠᠢᠮᠠᠳᠤᠭᠠᠷ ᠵᠣᠷᠪᠣᠰ ᠡᠵᠡᠩᠨᠡᠯᠲᠡ ᠶᠢᠨ ᠴᠢᠨᠠᠷᠲᠠᠢ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠬᠢᠵᠦ ᠪᠠᠶᠢᠭ᠎ᠠ | ᠨᠢᠭᠡᠴᠢ ᠨᠦᠭᠦᠳ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄ | ︵ᠨᠢᠭᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠲᠣᠭᠤᠭᠠᠨ ᠭᠡᠷ ᠤᠨ ᠬᠤᠭ ᠨᠣᠪᠰᠢ ᠶᠢ | ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠣᠷ ᠦᠭᠡᠶᠢᠵᠢᠬᠦᠯᠦᠨ ᠰᠢᠢᠳᠪᠦᠷᠢᠯᠡᠬᠦ ᠬᠡᠷᠡᠭᠲᠡᠢ︔ | ︵ᠬᠤᠶᠠᠷ︶ ᠦᠢᠯᠡᠳᠪᠦᠷᠢᠯᠡᠯ ᠤᠨ ᠶᠠᠪᠤᠴᠠ ᠳᠤ ᠡᠭᠦᠰᠦᠭᠰᠡᠨ ᠪᠣᠬᠢᠷ ᠤᠰᠤ᠂ ᠬᠠᠶᠠᠭᠳᠠᠮᠠᠯ ᠬᠡᠢ᠂ ᠬᠠᠶᠠᠭᠳᠠᠮᠠᠯ ᠰᠢᠭᠠᠷᠤ ᠵᠡᠷᠭᠡ ᠶᠢ ᠲᠣᠭᠲᠠᠭᠠᠯ ᠶᠣᠰᠣᠭᠠᠷ | ᠰᠢᠢᠳᠪᠦᠷᠢᠯᠡᠵᠦ᠂ ᠬᠤᠶᠠᠳᠠᠬᠢ ᠤᠳᠠᠭᠠᠨ ᠤ ᠪᠣᠬᠢᠷᠲᠤᠯ ᠢ ᠰᠡᠷᠭᠡᠶᠢᠯᠡᠨ᠎ᠡ︔ | ︵ᠭᠤᠷᠪᠠ︶ ᠬᠤᠰᠢᠭᠤ ᠰᠢᠶᠠᠨ ᠤ ᠱᠠᠲᠤᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠲᠣᠭᠲᠠᠭᠠᠭᠰᠠᠨ ᠴᠠᠭ ᠬᠤᠭᠤᠴᠠᠭ᠎ᠠ ᠪᠠ ᠱᠠᠭᠠᠷᠳᠠᠯᠭ᠎ᠠ ᠶᠣᠰᠣᠭᠠᠷ ᠲᠣᠭᠤᠭᠠᠨ ᠭᠡᠷ ᠤᠨ ᠬᠤᠭ ᠨᠣᠪᠰᠢ ᠶᠢ ᠬᠦᠯᠢᠶᠡᠨ ᠠᠪᠬᠤ ᠬᠡᠷᠡᠭᠲᠡᠶ︔ | ︵ᠲᠦᠷᠪᠡ︶ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠰᠢᠢᠳᠪᠦᠷᠢᠯᠡᠬᠦ ᠪᠡᠯᠡᠳᠭᠡᠮᠵᠢ᠂ ᠲᠥᠬᠦᠭᠡᠷᠦᠮᠵᠢ ᠶᠢᠨ ᠡᠷᠭᠢᠯᠲᠡ ᠨᠢ ᠰᠠᠶᠢᠨ ᠪᠠ ᠰᠢᠢᠳᠪᠦᠷᠢᠯᠡᠬᠦ | ᠲᠠᠯᠠᠪᠤᠷ ᠤᠨ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠨ᠎ᠠ︔ | ︵ᠲᠠᠪᠤ︶ ᠱᠠᠭᠠᠷᠳᠠᠯᠭ᠎ᠠ ᠶᠣᠰᠣᠭᠠᠷ ᠬᠢᠷᠢ ᠲᠡᠩᠴᠡᠭᠰᠡᠨ ᠬᠠᠮᠢᠶᠠᠷᠤᠯᠲᠠ ᠶᠢᠨ ᠠᠵᠢᠯᠲᠠᠨ ᠵᠢᠴᠢ ᠠᠵᠢᠯᠯᠠᠭᠴᠢ ᠶᠢ ᠲᠣᠬᠢᠷᠠᠭᠤᠯᠤᠨ᠎ᠠ︔ | ︵ᠵᠢᠷᠭᠤᠭ᠎ᠠ︶ ᠲᠣᠭᠤᠭᠠᠨ ᠭᠡᠷ ᠤᠨ ᠬᠤᠭ ᠨᠣᠪᠰᠢ ᠶᠢᠨ ᠬᠡᠮᠵᠢᠭᠦᠷ ᠤᠨ ᠰᠢᠰᠲ᠋ᠧᠮ ᠢ ᠲᠣᠬᠢᠷᠠᠭᠤᠯᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠴᠠᠭᠠᠨ ᠬᠡᠮᠵᠢᠬᠦ ᠪᠠ ᠬᠠᠮᠠᠭᠠᠯᠠᠨ᠎ᠠ᠂ ᠰᠢᠢᠳᠪᠦᠷᠢᠯᠡᠬᠦ ᠲᠠᠯᠠᠪᠤᠷ ᠤᠨ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠪᠡᠯᠡᠳᠭᠡᠮᠵᠢ᠂ ᠲᠥᠬᠦᠭᠡᠷᠦᠮᠵᠢ ᠶᠢᠨ ᠬᠡᠪ ᠤᠨ | ᠠᠵᠢᠯᠯᠠᠭ᠎ᠠ ᠶᠢ ᠪᠠᠲᠤᠯᠠᠬᠤ ᠶᠢᠨ ᠬᠠᠮᠲᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ︔ | ︵ᠳᠤᠯᠤᠭ᠎ᠠ︶ ᠱᠠᠭᠠᠷᠳᠠᠯᠭ᠎ᠠ ᠶᠣᠰᠣᠭᠠᠷ ᠣᠷᠴᠢᠨ ᠲᠣᠭᠤᠷᠢᠨ ᠤ ᠨᠥᠯᠥᠭᠡᠯᠡᠯ ᠢ ᠬᠢᠨᠠᠨ ᠬᠡᠮᠵᠢᠵᠦ᠂ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ | ᠲᠥᠬᠦᠭᠡᠷᠦᠮᠵᠢ ᠶᠢᠨ ᠴᠢᠨᠠᠷ ᠴᠢᠨᠰᠠᠭ᠎ᠠ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠦᠢᠴᠡᠳᠬᠡᠯ ᠲᠤᠭ᠎ᠠ ᠶᠢ ᠪᠠᠶᠢᠴᠠᠭᠠᠨ ᠬᠡᠮᠵᠢᠵᠦ᠂ ᠦᠨᠡᠯᠡᠬᠦ ᠶᠢᠨ | ᠬᠠᠮᠲᠤ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠮᠢ ᠠᠬᠤᠶ ᠶᠢᠨ | ᠣᠷᠴᠢᠨ ᠲᠣᠭᠤᠷᠢᠨ ᠤ ᠰᠠᠯᠠᠭ᠎ᠠ ᠮᠥᠴᠢᠷ ᠲᠤ ᠪᠠᠶᠢᠴᠠᠭᠠᠨ ᠬᠡᠮᠵᠢᠵᠦ᠂ ᠦᠨᠡᠯᠡᠭᠰᠡᠨ ᠦᠷ᠎ᠡ ᠳ᠋ᠦᠩ ᠢᠶᠠᠨ ᠮᠡᠳᠡᠭᠦᠯᠦᠨ᠎ᠡ︔ | ︵ᠨᠠᠢᠮᠠ︶ ᠲᠣᠭᠤᠭᠠᠨ ᠭᠡᠷ ᠤᠨ ᠬᠤᠭ ᠨᠣᠪᠰᠢ ᠶᠢ ᠠᠰᠢᠭᠯᠠᠨ ᠦᠢᠯᠡᠳᠪᠦᠷᠢᠯᠡᠭᠰᠡᠨ ᠦᠢᠯᠡᠳᠬᠦᠨ ᠨᠢ ᠬᠠᠮᠢᠶ᠎ᠠ ᠪᠦᠬᠦᠢ ᠶᠠᠰᠤ ᠴᠢᠨᠠᠷ ᠤᠨ ᠪᠠᠷᠢᠮᠵᠢᠶ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ | ︵ᠶᠢᠰᠦ︶ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠦᠯ ᠢ ᠨᠠᠶᠢᠷᠠᠭᠤᠯᠤᠨ ᠵᠣᠬᠢᠶᠠᠨ᠎ᠠ᠃ | ᠠᠷᠪᠠ ᠶᠢᠰᠦᠳᠦᠭᠡᠷ ᠵᠣᠷᠪᠤᠰ ᠲᠣᠭᠤᠭᠠᠨ ᠭᠡᠷ ᠤᠨ ᠬᠤᠭ ᠨᠣᠪᠰᠢ ᠶᠢ ᠴᠣᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠳᠤ ᠲᠤᠰᠢᠶᠠᠬᠤ ᠶᠢ ᠨᠤᠲᠠᠯᠠᠬᠤ | ᠳᠦᠷᠢᠮ ᠢ ᠬᠡᠷᠡᠭᠵᠢᠭᠦᠯᠦᠨ᠎ᠡ᠃ ᠲᠣᠭᠤᠭᠠᠨ ᠭᠡᠷ ᠤᠨ ᠬᠤᠭ ᠨᠣᠪᠰᠢ ᠭᠠᠷᠭᠠᠭᠴᠢ ᠵᠢᠴᠢ ᠴᠣᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠨᠢᠭᠡᠴᠢ ᠠᠴᠠ | ᠲᠣᠭᠤᠭᠠᠨ ᠭᠡᠷ ᠤᠨ ᠬᠤᠭ ᠨᠣᠪᠰᠢ ᠶᠢ ᠲᠤᠰᠢᠶᠠᠨ ᠦᠭᠴᠦ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠦᠶᠡᠰ ᠲᠦᠷᠦᠯ ᠵᠦᠢᠯ᠂ ᠲᠤᠭ᠎ᠠ | ᠬᠡᠮᠵᠢᠶ᠎ᠡ ᠶᠢ ᠬᠠᠷᠢᠯᠴᠠᠨ ᠨᠤᠲᠠᠯᠠᠬᠤ ᠶᠢᠨ ᠬᠠᠮᠲᠤ᠂ ᠳᠣᠣᠷᠠᠬᠢ ᠲᠣᠭᠲᠠᠭᠠᠯ ᠶᠣᠰᠣᠭᠠᠷ ᠡᠬᠡ ᠳᠠᠩᠰᠠ ᠶᠢᠨ ᠳᠦᠷᠢᠮ ᠪᠠᠶᠢᠭᠤᠯᠬᠤ ᠬᠡᠷᠡᠭᠲᠡᠢ᠄ | ︵ᠨᠢᠭᠡ︶ ᠲᠣᠭᠤᠭᠠᠨ ᠭᠡᠷ ᠤᠨ ᠬᠤᠭ ᠨᠣᠪᠰᠢ ᠭᠠᠷᠭᠠᠭᠴᠢ ᠭᠠᠷᠭᠠᠭᠰᠠᠨ ᠲᠣᠭᠤᠭᠠᠨ ᠭᠡᠷ ᠤᠨ ᠬᠤᠭ ᠨᠣᠪᠰᠢ ᠶᠢᠨ ᠲᠤᠭ᠎ᠠ ᠬᠡᠮᠵᠢᠶ᠎ᠡ᠂ ᠰᠢᠢᠳᠪᠦᠷᠢᠯᠡᠭᠰᠡᠨ | ᠭᠠᠵᠠᠷ ᠵᠡᠷᠭᠡ ᠪᠠᠶᠢᠳᠠᠯ ᠢ ᠲᠡᠮᠳᠡᠭᠯᠡᠨ᠎ᠡ︔ | ︵ᠬᠤᠶᠠᠷ︶ ᠲᠣᠭᠤᠭᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ ᠲᠡᠭᠡᠭᠡᠪᠦᠷᠢᠯᠡᠬᠦ ᠨᠢᠭᠡᠴᠢ ᠠᠴᠠ ᠲᠣᠭᠤᠭᠠᠨ ᠭᠡᠷ ᠤᠨ ᠬᠤᠭ ᠨᠣᠪᠰᠢ ᠶᠢᠨ ᠢᠷᠡᠯᠲᠡ᠂ | ᠲᠤᠭ᠎ᠠ ᠬᠡᠮᠵᠢᠶ᠎ᠡ᠂ ᠰᠢᠢᠳᠪᠦᠷᠢᠯᠡᠭᠰᠡᠨ ᠭᠠᠵᠠᠷ ᠵᠡᠷᠭᠡ ᠪᠠᠶᠢᠳᠠᠯ ᠢ ᠲᠡᠮᠳᠡᠭᠯᠡᠨ᠎ᠡ︔ | ︵ᠭᠤᠷᠪᠠ︶ ᠲᠣᠭᠤᠭᠠᠨ ᠭᠡᠷ ᠤᠨ ᠬᠤᠭ ᠨᠣᠪᠰᠢ ᠶᠢ ᠴᠣᠭᠯᠠᠭᠤᠯᠬᠤ᠂ ᠲᠡᠭᠡᠭᠡᠪᠦᠷᠢᠯᠡᠬᠦ ᠨᠢᠭᠡᠴᠢ ᠲᠣᠭᠤᠭᠠᠨ ᠭᠡᠷ ᠤᠨ ᠬᠤᠭ ᠨᠣᠪᠰᠢ ᠶᠢ ᠴᠣᠭᠯᠠᠭᠤᠯᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠡᠬᠡ ᠲᠠᠩᠰᠠ ᠪᠠᠶᠢᠭᠤᠯᠵᠤ᠂ ᠡᠬᠡ ᠲᠠᠩᠰᠠ ᠶᠢᠨ ᠲᠡᠮᠳᠡᠭᠯᠡᠯ ᠢ ᠦᠨᠡᠨ ᠪᠣᠳᠠᠲᠠᠶ᠂ ᠪᠦᠷᠢᠨ ᠪᠦᠲᠦᠨ᠂ ᠲᠣᠬᠢᠲᠠᠶ | ᠬᠠᠳᠠᠭᠠᠯᠠᠬᠤ ᠶᠢᠨ ᠬᠠᠮᠲᠤ ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠳᠡᠭᠡᠷ᠎ᠡ ᠰᠠᠷ᠎ᠠ ᠶᠢᠨ ᠴᠤᠭᠯᠠᠭᠤᠯᠤᠭᠰᠠᠨ᠂ ᠲᠡᠭᠡᠭᠡᠪᠦᠷᠢᠯᠡᠭᠰᠡᠨ᠂ | ᠰᠢᠢᠳᠪᠦᠷᠢᠯᠡᠭᠰᠡᠨ ᠲᠣᠭᠤᠭᠠᠨ ᠭᠡᠷ ᠤᠨ ᠬᠤᠭ ᠨᠣᠪᠰᠢ ᠶᠢᠨ ᠡᠬᠡ ᠲᠠᠩᠰᠠ ᠶᠢᠨ ᠪᠠᠶᠢᠳᠠᠯ ᠢᠶᠠᠨ ᠬᠤᠰᠢᠭᠤ ᠰᠢᠶᠠᠨ ᠤ ᠱᠠᠲᠤᠨ ᠤ ᠬᠤᠲᠠ ᠶᠢᠨ ᠦᠵᠡᠮᠵᠢ ᠪᠠ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ︔ | ︵ᠲᠦᠷᠪᠡ︶ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠨᠢᠭᠡᠴᠢ ᠠᠴᠠ ᠬᠤᠭ ᠨᠣᠪᠰᠢ ᠶᠢᠨ ᠢᠷᠡᠯᠲᠡ᠂ ᠲᠤᠭ᠎ᠠ ᠬᠡᠮᠵᠢᠶ᠎ᠡ᠂ ᠰᠢᠢᠳᠪᠦᠷᠢᠯᠡᠬᠦ | ᠠᠷᠭ᠎ᠠ᠂ ᠦᠢᠯᠡᠳᠬᠦᠨ ᠤ ᠬᠠᠨᠳᠤᠰᠢ᠂ ᠠᠵᠢᠯᠯᠠᠭᠠᠨ ᠤ ᠲᠤᠭ᠎ᠠ ᠪᠠᠷᠢᠮᠲᠠ ᠵᠡᠷᠭᠡ ᠪᠠᠶᠢᠳᠠᠯ ᠢ ᠲᠡᠮᠳᠡᠭᠯᠡᠨ᠎ᠡ᠃ | ᠬᠤᠷᠢᠳᠤᠭᠠᠷ ᠵᠣᠷᠪᠤᠰ ᠲᠣᠭᠤᠭᠠᠨ ᠭᠡᠷ ᠤᠨ ᠬᠤᠭ ᠨᠣᠪᠰᠢ ᠭᠠᠷᠭᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠶᠠᠪᠤᠴᠠ ᠳᠤ᠂ ᠳᠣᠣᠷᠠᠬᠢ | ᠦᠢᠯᠡ ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠲᠣᠭᠤᠭᠠᠨ ᠭᠡᠷ ᠤᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠠᠰᠬᠠᠬᠤ᠂ ᠣᠪᠣᠭᠠᠯᠠᠬᠤ᠂ ᠲᠣᠭᠤᠭᠠᠨ ᠭᠡᠷ ᠤᠨ ᠬᠤᠭ ᠨᠣᠪᠰᠢ ᠶᠢ | ᠪᠣᠷᠣᠭᠠᠨ ᠤ ᠤᠰᠤᠨ ᠤ ᠬᠤᠭᠤᠯᠠᠶ᠂ ᠪᠣᠬᠢᠷ ᠤᠰᠤ ᠭᠠᠳᠠᠭᠰᠢᠯᠠᠭᠤᠯᠬᠤ ᠬᠤᠭᠤᠯᠠᠶ᠂ ᠨᠡᠶᠢᠲᠡ ᠶᠢᠨ ᠵᠣᠷᠯᠣᠩ᠂ ᠪᠤᠰᠤᠳ ᠠᠮᠢᠳᠤᠷᠠᠯ ᠤᠨ ᠬᠤᠭ ᠨᠣᠪᠰᠢ ᠶᠢ | ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠪᠤᠶᠤ ᠭᠤᠤᠯ ᠤᠨ ᠵᠠᠮ᠂ ᠨᠠᠭᠤᠷ᠂ ᠭᠤᠤ ᠰᠤᠪᠠᠭ ᠵᠡᠷᠭᠡ | ᠤᠰᠤᠨ ᠴᠣᠭᠴᠠ ᠳᠤ ᠭᠠᠳᠠᠭᠰᠢᠯᠠᠭᠤᠯᠬᠤ︔ | ︵ᠬᠤᠶᠠᠷ︶ ᠲᠣᠭᠤᠭᠠᠨ ᠭᠡᠷ ᠤᠨ ᠬᠤᠭ ᠨᠣᠪᠰᠢ ᠶᠢ ᠵᠥᠪᠰᠢᠶᠡᠷᠡᠯ ᠦᠭᠡᠢ ᠨᠢᠭᠡᠴᠢ ᠪᠠ ᠬᠤᠪᠢ ᠬᠥᠮᠦᠨ ᠳᠤ ᠬᠤᠷᠢᠶᠠᠨ ᠴᠤᠭᠯᠠᠭᠤᠯᠵᠤ ᠲᠡᠭᠡᠭᠡᠪᠦᠷᠢᠯᠡᠬᠦ ᠪᠤᠶᠤ | ᠰᠢᠢᠳᠪᠦᠷᠢᠯᠡᠬᠦ︔ | ︵ᠭᠤᠷᠪᠠ︶ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠡᠵᠡᠩᠨᠡᠯᠲᠡ ᠶᠢᠨ ᠴᠢᠨᠠᠷᠲᠠᠶ ᠲᠣᠭᠤᠭᠠᠨ ᠭᠡᠷ ᠤᠨ ᠬᠤᠭ ᠨᠣᠪᠰᠢ ᠶᠢ ᠴᠤᠭᠯᠠᠭᠤᠯᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠠᠵᠢᠯ ᠢ ᠬᠢᠬᠦ︔ | ︵ᠲᠦᠷᠪᠡ︶ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ ᠬᠠᠳᠠᠭᠠᠯᠠᠬᠤ ᠪᠤᠶᠤ ᠪᠤᠰᠤᠳ ᠬᠤᠭ ᠨᠣᠪᠰᠢ ᠶᠢ ᠬᠤᠷᠢᠶᠠᠨ ᠬᠠᠳᠠᠭᠠᠯᠠᠬᠤ᠂ ᠬᠤᠷᠢᠶᠠᠨ | ᠲᠡᠭᠡᠭᠡᠪᠦᠷᠢᠯᠡᠬᠦ᠂ ᠰᠢᠢᠳᠪᠦᠷᠢᠯᠡᠬᠦ︔ | ︵ᠲᠠᠪᠤ︶ ᠲᠡᠭᠡᠭᠡᠪᠦᠷᠢ ᠶᠢᠨ ᠶᠠᠪᠤᠴᠠ ᠶᠢᠨ ᠵᠠᠮ ᠳᠠᠭᠠᠤ ᠲᠣᠭᠤᠭᠠᠨ ᠭᠡᠷ ᠤᠨ ᠬᠤᠭ ᠨᠣᠪᠰᠢ ᠶᠢ ᠭᠡᠭᠡᠵᠦ ᠬᠠᠶᠠᠬᠤ ᠪᠤᠶᠤ ᠠᠰᠬᠠᠵᠤ ᠣᠷᠬᠢᠬᠤ︔ | ︵ᠵᠢᠷᠭᠤᠭ᠎ᠠ︶ ᠲᠣᠭᠤᠭᠠᠨ ᠭᠡᠷ ᠤᠨ ᠬᠤᠭ ᠨᠣᠪᠰᠢ ᠵᠢᠴᠢ ᠡᠳ᠋ᠰᠢᠬᠦᠯᠦᠭᠰᠡᠨ ᠪᠣᠳᠠᠰ ᠢ ᠲᠦᠭᠦᠬᠡᠢ ᠮᠠᠲ᠋ᠧᠷᠢᠶᠠᠯ ᠪᠣᠯᠭᠠᠨ ᠦᠢᠯᠡᠳᠪᠦᠷᠢᠯᠡᠬᠦ᠂ ᠡᠳ᠋ᠰᠢᠬᠦᠯᠦᠭᠰᠡᠨ | ᠢᠳᠡᠭᠡᠨ ᠪᠣᠯᠭᠠᠬᠤ︔ | ︵ᠲᠤᠯᠤᠭ᠎ᠠ︶ ᠬᠠᠶᠠᠭᠳᠠᠮᠠᠯ ᠢᠳᠡᠭᠡᠨ ᠤ ᠲᠣᠰᠣ ᠶᠢ ᠡᠳ᠋ᠰᠢᠭᠦᠯᠦᠭᠰᠡᠨ ᠤ ᠳᠠᠷᠠᠭ᠎ᠠ ᠢᠳᠡᠭᠡᠨ ᠤ ᠲᠣᠰᠣ ᠪᠣᠯᠭᠠᠨ ᠬᠡᠷᠡᠭᠯᠡᠬᠦ ᠪᠤᠶᠤ ᠪᠣᠷᠤᠯᠠᠭᠤᠯᠬᠤ︔ | ︵ᠨᠠᠢᠮᠠ︶ ᠲᠣᠭᠤᠭᠠᠨ ᠭᠡᠷ ᠤᠨ ᠬᠤᠭ ᠨᠣᠪᠰᠢ ᠪᠠᠷ ᠮᠠᠯ ᠵᠢᠭᠦᠷᠲᠡᠨ ᠲᠡᠵᠢᠭᠡᠬᠦ︔ | ︵ᠶᠢᠰᠦ︶ ᠲᠣᠭᠤᠭᠠᠨ ᠭᠡᠷ ᠤᠨ ᠬᠤᠭ ᠨᠣᠪᠰᠢ ᠶᠢ ᠰᠠᠷᠢᠭᠠᠯᠠᠬᠤ ᠪᠤᠶᠤ ᠰᠢᠯᠵᠢᠭᠦᠯᠦᠨ ᠥᠭᠬᠦ︔ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠴᠠᠭᠠᠵᠠᠯᠠᠬᠤ ᠠᠵᠢᠯᠯᠠᠭ᠎ᠠ᠃ | | ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ | ᠬᠤᠷᠢᠨ ᠨᠢᠭᠡᠳᠦᠭᠡᠷ ᠵᠤᠷᠪᠤᠰ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ ᠂ ᠡᠬᠡ ᠲᠠᠩᠰᠠ ᠶᠢᠨ ᠪᠠᠶᠢᠴᠠᠭᠠᠯᠲᠠ ᠂ ᠲᠤᠬᠠᠶ ᠶᠢᠨ ᠭᠠᠵᠠᠷ ᠲᠤᠨᠢ ᠰᠤᠭᠤᠴᠢᠨ | ᠪᠠᠶᠢᠴᠠᠭᠠᠬᠤ ᠂ ᠲᠤᠬᠠᠶ ᠶᠢᠨ ᠭᠠᠵᠠᠷ ᠲᠤᠨᠢ ᠬᠢᠨᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠤᠭᠠᠨ ᠬᠡᠷ ᠤᠨ ᠬᠤᠭ ᠨᠣᠪᠰᠢ ᠭᠠᠷᠭᠠᠬᠤ ᠂ | ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ ᠂ ᠵᠣᠬᠢᠴᠠᠩᠭᠤᠶ ᠬᠢᠨᠠᠯᠲᠠ ᠲᠠᠯᠪᠢᠵᠤ | ᠪᠠᠶᠢᠴᠠᠭᠠᠭᠰᠠᠨ ᠲᠡᠮᠳᠡᠭᠯᠡᠯ ᠪᠠᠶᠢᠭᠤᠯᠵᠤ ᠂ ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠨᠢᠭᠡᠴᠢ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ | ᠬᠡᠷᠡᠭᠵᠢᠭᠦᠯᠬᠦ ᠬᠡᠷᠡᠭᠲᠡᠶ ᠃ | ᠬᠤᠷᠢᠨ ᠬᠤᠶᠠᠳᠤᠭᠠᠷ ᠵᠤᠷᠪᠤᠰ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠠᠮᠢ ᠠᠬᠤᠶ ᠶᠢᠨ ᠣᠷᠴᠢᠨ ᠲᠣᠭᠤᠷᠢᠨ ᠂ ᠲᠠᠷᠢᠶᠠᠯᠠᠩ ᠮᠠᠯ ᠠᠵᠤ ᠠᠬᠤᠶ ᠂ ᠳᠣᠲᠣᠭᠠᠳᠤ ᠶᠢ | ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠭᠤᠯᠠᠨ ᠬᠡᠷ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠂ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ | ᠲᠣᠷᠭᠠᠭᠤᠯᠢ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠬᠠᠤᠯᠢ | ᠶᠣᠰᠣᠭᠠᠷ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠢ ᠃ | ᠬᠤᠷᠢᠨ ᠭᠤᠷᠪᠠᠳᠤᠭᠠᠷ ᠵᠤᠷᠪᠤᠰ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠬᠦ ᠳᠦᠷᠢᠮ ᠪᠠᠶᠢᠭᠤᠯᠵᠤ ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠤᠭᠤᠯᠠᠨ ᠭᠡᠷ ᠤᠨ | ᠬᠤᠭ ᠨᠣᠪᠰᠢ ᠶᠢᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠶᠢᠨ ᠬᠠᠮᠲᠤ ᠴᠠᠭ | ᠲᠤᠬᠠᠶ ᠳᠤᠨᠢ ᠰᠢᠢᠳᠪᠦᠷᠢᠯᠡᠵᠦ ᠂ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠶ ᠃ | ᠬᠤᠷᠢᠨ ᠳᠥᠷᠪᠡᠳᠦᠭᠡᠷ ᠵᠤᠷᠪᠤᠰ ᠬᠤᠷᠢᠭᠯᠠᠭᠳᠠᠰᠢ ᠦᠭᠡᠢ ᠬᠦᠴᠦᠨ ᠠᠴᠠ ᠪᠣᠯᠵᠤ ᠦᠷᠭᠦᠯᠵᠢᠯᠡᠨ ᠡᠵᠡᠩᠨᠡᠬᠦ ᠶᠢᠨ ᠠᠷᠭ᠎ᠠ ᠦᠭᠡᠢ ᠪᠠᠶᠢᠳᠠᠯ ᠢ ᠭᠠᠷᠭᠠᠪᠠᠯ ᠂ | ᠲᠣᠭᠤᠭᠠᠨ ᠭᠡᠷ ᠤᠨ ᠬᠤᠭ ᠨᠣᠪᠰᠢ ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠨᠢᠭᠡᠴᠢ ᠳᠤᠷ᠎ᠠ ᠪᠠᠷ ᠢᠶᠠᠨ ᠠᠵᠢᠯ ᠢᠶᠠᠨ ᠵᠣᠭᠰᠣᠭᠠᠵᠤ ᠪᠣᠯᠬᠤ ᠦᠭᠡᠢ ᠃ | ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠪᠠᠨ ᠵᠣᠭᠰᠣᠭᠰᠠᠨ ᠂ ᠪᠠᠶᠢᠴᠠᠭᠠᠨ ᠵᠠᠰᠠᠬᠤ ᠳᠤ ᠂ 15 ᠠᠵᠢᠯᠯᠠᠬᠤ ᠡᠳᠦᠷ ᠤᠨ ᠡᠮᠦᠨ᠎ᠡ ᠬᠤᠲᠠ ᠶᠢᠨ | ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠶ ︔ ᠦᠨᠡᠬᠡᠷ | ᠠᠵᠢᠯ ᠢᠶᠠᠨ ᠵᠣᠭᠰᠣᠬᠤ ᠴᠢᠬᠤᠯᠠᠲᠠᠶ ᠪᠣᠯ 6 ᠰᠠᠷ᠎ᠠ ᠤᠷᠢᠳᠴᠢᠯᠠᠨ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠂ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠠᠵᠢᠯ ᠢᠶᠠᠨ ᠵᠣᠭᠰᠣᠭᠠᠵᠤ ᠪᠣᠯᠤᠨ᠎ᠠ ᠃ ᠬᠤᠲᠠ ᠶᠢᠨ ᠬᠤᠲᠠ ᠶᠢᠨ | ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠤᠭᠠᠨ ᠭᠡᠷ ᠤᠨ ᠬᠤᠭ ᠨᠣᠪᠰᠢ ᠶᠢ ᠬᠤᠷᠢᠶᠠᠨ | ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠡᠵᠡᠩᠨᠡᠯᠲᠡ ᠶᠢᠨ ᠦᠢᠯᠡᠴᠢᠯᠡᠭᠡ ᠶᠢ ᠳᠠᠭᠠᠭᠠᠨ ᠠᠪᠬᠤ ᠨᠢᠭᠡᠴᠢ ᠶᠢ ᠴᠠᠭ ᠲᠤᠬᠠᠶ ᠳᠤᠨᠢ | ᠨᠠᠶᠢᠳᠠᠪᠤᠷᠢᠵᠢᠭᠤᠯᠬᠤ ᠬᠡᠷᠡᠭᠲᠡᠶ ᠃ | ᠬᠤᠷᠢᠨ ᠲᠠᠪᠤᠳᠤᠭᠠᠷ ᠵᠤᠷᠪᠤᠰ ᠬᠤᠰᠢᠭᠤ ᠰᠢᠶᠠᠨ ᠤ ᠱᠠᠲᠤᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠰ ᠬᠠᠷᠢᠶ᠎ᠠ ᠣᠷᠣᠨ ᠤ ᠲᠣᠭᠤᠭᠠᠨ ᠬᠡᠷ ᠤᠨ ᠬᠤᠭ ᠨᠣᠪᠰᠢ ᠶᠢ | ᠬᠤᠷᠢᠶᠠᠨ ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ ᠂ ᠬᠤᠭᠤᠯᠠᠨ ᠬᠡᠷ ᠤᠨ | ᠬᠤᠭ ᠨᠣᠪᠰᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠂ ᠪᠠᠴᠢᠮ ᠪᠤᠶᠤ ᠣᠨᠴᠠᠭᠠᠢ ᠪᠠᠶᠢᠳᠠᠯ ᠳᠠᠬᠢ ᠲᠣᠭᠤᠭᠠᠨ ᠬᠡᠷ ᠤᠨ | ᠬᠤᠭ ᠨᠣᠪᠰᠢ ᠶᠢ ᠬᠡᠪ ᠤᠨ ᠶᠣᠰᠣᠭᠠᠷ ᠬᠤᠷᠢᠶᠠᠨ ᠴᠤᠭᠯᠠᠭᠤᠯᠬᠤ ᠂ ᠲᠡᠭᠡᠭᠡᠪᠦᠷᠢᠯᠡᠬᠦ ᠪᠠ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠲᠣᠭᠤᠭᠠᠨ | ᠭᠡᠷ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ ᠂ ᠲᠡᠭᠡᠭᠡᠪᠦᠷᠢᠯᠡᠬᠦ ᠂ ᠰᠢᠢᠳᠪᠦᠷᠢᠯᠡᠬᠦ ᠨᠢᠭᠡᠴᠢ ᠡᠮᠦᠨᠡᠬᠢ ᠵᠤᠷᠪᠤᠰ ᠲᠤ ᠲᠣᠭᠲᠠᠭᠠᠭᠰᠠᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠦᠨᠳᠦᠰᠦᠯᠡᠨ ᠂ ᠵᠣᠬᠢᠴᠠᠩᠭᠤᠶ ᠪᠦᠬᠦᠢ ᠭᠡᠨᠡᠳᠲᠡ ᠶᠢᠨ ᠬᠡᠷᠡᠭ ᠪᠠ ᠪᠣᠬᠢᠷᠲᠤᠯ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠭᠠᠬᠤ ᠲᠥᠰᠦᠯ ᠲᠣᠭᠲᠠᠭᠠᠬᠤ ᠶᠢᠨ ᠬᠠᠮᠲᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠃ | | ᠲᠠᠪᠤᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠬᠤᠷᠢᠨ ᠵᠢᠷᠭᠤᠳᠤᠭᠠᠷ ᠵᠤᠷᠪᠤᠰ ᠲᠤᠰ ᠠᠷᠭ᠎ᠠ ᠳᠤ ᠲᠣᠭᠲᠠᠭᠠᠭᠰᠠᠨ ᠦᠢᠯᠡ ᠠᠵᠢᠯᠯᠠᠭ᠎ᠠ ᠶᠢ ᠵᠥᠷᠢᠴᠡᠬᠦ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠳᠤ ᠨᠢᠭᠡᠨᠲᠡ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠬᠤᠷᠢᠨ ᠳᠣᠯᠣᠳᠤᠭᠠᠷ ᠵᠤᠷᠪᠤᠰ ᠵᠠᠰᠠᠭ ᠵᠠᠬᠢᠷᠭᠠᠨ ᠤ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠂ ᠰᠤᠷᠭᠠᠭᠤᠯᠢ ᠂ ᠡᠮᠨᠡᠯᠭᠡ ᠶᠢᠨ | ᠬᠤᠷᠢᠶ᠎ᠠ ᠵᠡᠷᠭᠡ ᠶᠢᠨ ᠳᠣᠲᠣᠭᠠᠳᠤ ᠶᠢᠨ ᠬᠠᠮᠲᠤ ᠶᠢᠨ ᠬᠤᠭᠤᠯᠠᠨ ᠭᠡᠷ ᠨᠢ ᠲᠣᠭᠲᠠᠭᠠᠯ ᠶᠣᠰᠣᠭᠠᠷ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠭᠰᠡᠨ | ᠦᠭᠡᠢ ᠪᠠᠶᠢᠪᠠᠯ ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠴᠦ ᠂ ᠬᠤᠭᠤᠯᠠᠨ ᠭᠡᠷ ᠤᠨ ᠬᠠᠷᠢᠶ᠎ᠠ ᠨᠢᠭᠡᠴᠢ ᠶᠢᠨ ᠭᠤᠣᠯᠴᠢᠯᠠᠨ ᠬᠠᠮᠢᠶᠠᠷᠤᠭᠴᠢ ᠪᠠ | ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ ᠃ | ᠬᠤᠷᠢᠨ ᠨᠠᠢᠮᠠᠳᠤᠭᠠᠷ ᠵᠤᠷᠪᠤᠰ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠬᠤᠭᠤᠯᠠᠨ ᠭᠡᠷ ᠲᠣᠭᠤᠭᠠᠨ ᠭᠡᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠳᠤᠮᠳᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠶᠣ ᠪᠤᠰᠤᠳ ᠠᠯᠪᠠᠨ ᠲᠤᠰᠢᠶᠠᠯ ᠳᠠᠭᠠᠨ ᠠᠯᠮᠠᠶᠢᠷᠠᠨ | ᠣᠰᠣᠯᠳᠣᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠤ ᠶᠢ ᠵᠦᠷᠢᠴᠡᠭᠰᠡᠨ ᠠᠵᠢᠯᠯᠠᠭ᠎ᠠ ᠲᠠᠢ ᠪᠣᠯ᠂ | ᠬᠠᠤᠯᠢ ᠶᠣᠰᠤᠭᠠᠷ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ᠂ ᠬᠠᠤᠯᠢ ᠶᠣᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠬᠤᠷᠢ ᠶᠢᠰᠦᠳᠦᠭᠡᠷ ᠵᠤᠷᠪᠤᠰ ᠨᠢᠲᠤᠯᠵᠤ ᠪᠣᠯᠪᠠᠰᠤᠷᠠᠭᠤᠯᠬᠤ ᠂ ᠢᠳᠡᠭᠡᠨ ᠦᠢᠯᠡᠳᠪᠦᠷᠢᠯᠡᠬᠦ ᠂ ᠢᠳᠡᠭᠡᠨ ᠤ ᠭᠦᠢᠯᠭᠡᠭᠡᠨ ᠵᠡᠷᠭᠡ ᠢᠳᠡᠭᠡᠨ ᠦᠢᠯᠡᠳᠪᠦᠷᠢᠯᠡᠵᠦ | ᠡᠵᠡᠩᠨᠡᠬᠦ ᠶᠠᠪᠤᠴᠠ ᠳᠤ ᠪᠤᠶ ᠪᠣᠯᠤᠭᠰᠠᠨ ᠬᠠᠶᠠᠭᠳᠠᠮᠠᠯ ᠮᠠᠲ᠋ᠧᠷᠢᠶᠠᠯ ᠪᠣᠯᠤᠨ ᠬᠤᠭᠤᠴᠠᠭ᠎ᠠ ᠨᠢ ᠬᠡᠲᠦᠷᠡᠭᠰᠡᠨ ᠢᠳᠡᠭᠡᠨ ᠢ ᠴᠤᠭᠯᠠᠭᠤᠯᠬᠤ ᠂ ᠲᠡᠭᠡᠭᠡᠪᠦᠷᠢᠯᠡᠬᠦ ᠪᠠ | ᠰᠢᠢᠳᠪᠦᠷᠢᠯᠡᠬᠦ ᠳᠤ ᠲᠤᠰ ᠠᠷᠭ᠎ᠠ ᠶᠢᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠶ ᠃ | | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠳᠤᠭᠠᠷ ᠵᠤᠷᠪᠤᠰ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ ᠂ ᠬᠦᠴᠦᠨ ᠲᠠᠢ ᠬᠤᠭᠤᠴᠠᠭ᠎ᠠ ᠨᠢ 5 ᠵᠢᠯ | ᠪᠣᠯᠤᠨ᠎ᠠ ᠃ | |