2024 ᠣᠨ ᠤ ᠲᠤᠬᠠᠶᠢᠯᠠᠭᠰᠠᠨ ᠠᠵᠢᠯ ᠤᠨ ᠣᠨ ︵2024 ᠣᠨ ᠤ 7 ᠰᠠᠷ᠎ᠠ ᠶᠢᠨ 1 ᠤ ᠡᠳᠦᠷ — 2025 ᠣᠨ ᠤ 6 ᠰᠠᠷ᠎ᠠ ᠶᠢᠨ 30 ᠤ | ᠡᠳᠦᠷ︶ ᠠᠮᠢᠳᠤᠯᠢᠭ ᠢᠶᠠᠷ ᠠᠵᠢᠯ ᠣᠯᠵᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠡᠬᠢᠯᠡᠪᠡ︕ | ᠨᠢᠭᠡ᠂ ᠰᠦᠢᠳᠭᠡᠯ ᠲᠤᠰᠢᠶᠠᠬᠤ ᠴᠠᠭ | ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠬᠥᠮᠦᠰ᠄ ᠪᠡᠶ᠎ᠡ ᠪᠠᠨ ᠳᠠᠭᠠᠭᠠᠵᠤ ᠰᠦᠢᠳᠭᠡᠯ ᠲᠤᠰᠢᠶᠠᠬᠤ ᠴᠠᠭ ᠨᠢ 7 ᠰᠠᠷ᠎ᠠ ᠶᠢᠨ 1 ᠤ ᠡᠳᠦᠷ ᠠᠴᠠ | 12 ᠰᠠᠷ᠎ᠠ ᠶᠢᠨ 31 ᠤ ᠡᠳᠦᠷ ᠪᠤᠯᠳᠠᠯᠠᠬᠢ ᠬᠤᠭᠤᠴᠠᠭ᠎ᠠ ᠪᠣᠯᠤᠨ᠎ᠠ᠂ 12 ᠰᠠᠷ᠎ᠠ ᠶᠢᠨ 31 ᠤ ᠡᠳᠦᠷ ᠠᠴᠠ ᠰᠡᠭᠦᠯᠡᠷ ᠰᠦᠢᠳᠭᠡᠯ ᠲᠤᠰᠢᠶᠠᠬᠤ ᠬᠡᠪᠡᠯ | ᠤᠷᠢᠳᠠᠪᠠᠷ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠤ ᠬᠦᠷᠴᠦ ᠬᠢᠨᠠᠨ ᠲᠣᠭᠲᠠᠭᠠᠯᠭᠠᠬᠰᠠᠨ ᠤ ᠳᠠᠷᠠᠭ᠎ᠠ ᠰᠠᠶ᠋ᠢ ᠰᠦᠢᠳᠭᠡᠯ ᠲᠤᠰᠢᠶᠠᠵᠤ ᠪᠣᠯᠤᠨ᠎ᠠ᠃ | ︵ᠠᠩᠬᠠᠷᠬᠤ ᠨᠢ᠄ 12 ᠰᠠᠷ᠎ᠠ ᠶᠢᠨ 31 ᠤ ᠡᠳᠦᠷ ᠠᠴᠠ ᠬᠤᠶᠢᠰᠢ ᠰᠦᠢᠳᠭᠡᠯ ᠲᠤᠰᠢᠶᠠᠬᠰᠠᠳ ᠲᠤ ᠬᠠᠷᠠᠭᠠᠯᠵᠠᠯ ᠬᠦᠯᠢᠶᠡᠬᠦ ᠬᠤᠭᠤᠴᠠᠭ᠎ᠠ ᠲᠣᠬᠢᠷᠠᠭᠤᠯᠪᠠ᠂ | ᠲᠤᠬᠠᠶᠢᠯᠠᠪᠠᠯ 6 ᠰᠠᠷ᠎ᠠ ᠪᠤᠯᠤᠬᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠨ᠎ᠡ︶᠃ | ᠰᠢᠨ᠎ᠡ ᠪᠠᠷ ᠳᠠᠭᠠᠳᠬᠠᠯ ᠳᠤ ᠣᠷᠣᠯᠴᠠᠭᠰᠠᠳ᠄ ᠪᠥᠬᠦ ᠵᠢᠯ ᠳᠤ ᠪᠦᠷ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠵᠤ ᠪᠣᠯᠤᠨ᠎ᠠ᠂ ᠳᠠᠭᠠᠳᠬᠠᠯ ᠳᠤ | ᠣᠷᠣᠭᠠᠳ 6 ᠰᠠᠷ᠎ᠠ ᠰᠦᠢᠳᠭᠡᠯ ᠲᠤᠰᠢᠶᠠᠭᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠭᠥᠷᠳᠡᠨ᠎ᠡ᠃ | ᠬᠤᠶᠠᠷ᠂ ᠰᠦᠢᠳᠬᠡᠯ ᠲᠤᠰᠢᠶᠠᠬᠤ ᠵᠣᠭᠤᠰ ᠤᠨ ᠲᠤᠭ᠎ᠠ | ︵ᠨᠢᠭᠡ︶ ᠰᠦᠢᠳᠭᠡᠯ ᠲᠤᠰᠢᠶᠠᠬᠤ ᠰᠠᠭᠤᠷᠢ ᠲᠤᠭ᠎ᠠ 2023 ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ | ᠨᠢᠭᠡᠴᠡ ᠳᠤ ᠠᠵᠢᠯ ᠣᠯᠤᠭᠰᠠᠳ ᠤᠨ ᠳᠤᠮᠳᠠᠴᠢ ᠴᠠᠯᠢᠩ ᠨᠢ 97260 ᠲᠥᠭᠦᠷᠢᠭ ᠪᠣᠯᠤᠨ᠎ᠠ᠂ ᠲᠤᠬᠠᠶᠢᠯᠠᠪᠠᠯ ᠰᠠᠷ᠎ᠠ ᠶᠢᠨ ᠳᠤᠮᠳᠠᠴᠢ ᠴᠠᠯᠢᠩ ᠨᠢ 8105 | ᠲᠥᠭᠦᠷᠢᠭ ᠪᠣᠯᠤᠨ᠎ᠠ᠃ | ︵ᠬᠤᠶᠠᠷ︶ ᠰᠦᠢᠳᠭᠡᠯ ᠲᠤᠰᠢᠶᠠᠬᠤ ᠬᠠᠷᠢᠴᠠᠯ ᠵᠢᠴᠢ ᠵᠣᠭᠤᠰ ᠤᠨ ᠲᠤᠭ᠎ᠠ ᠰᠦᠢᠳᠭᠡᠯ ᠲᠤᠰᠢᠶᠠᠬᠤ ᠬᠠᠷᠢᠶ᠎ᠠ ᠬᠤᠭᠤᠴᠠᠭ᠎ᠠ᠄ 2024 ᠣᠨ ᠤ 7 | ᠰᠠᠷ᠎ᠠ ᠠᠴᠠ 2025 ᠣᠨ ᠤ 6 ᠰᠠᠷ᠎ᠠ ︵ᠨᠢᠭᠡ ᠡᠮᠴᠢᠯᠡᠭᠡᠨ ᠤ ᠳᠠᠭᠠᠳᠬᠠᠯ ᠤᠨ ᠣᠨ ᠨᠢ ᠨᠡᠶᠢᠲᠡ 12 ᠰᠠᠷ᠎ᠠ︶ | ᠭᠤᠷᠪᠠ᠂ ᠰᠦᠢᠳᠭᠡᠯ ᠲᠤᠰᠢᠶᠠᠬᠤ ᠠᠷᠭ᠎ᠠ ᠵᠠᠮ | ᠳᠠᠭᠠᠳᠬᠠᠯ ᠢᠶᠠᠨ ᠦᠷᠭᠦᠯᠵᠢᠯᠡᠨ ᠲᠤᠰᠢᠶᠠᠬᠤ ᠬᠥᠮᠦᠰ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ︽ᠰᠦᠯᠵᠢᠶᠡᠨ ᠳᠡᠭᠡᠷᠡᠬᠢ︾ ᠪᠠ | ︽ᠰᠦᠯᠵᠢᠶᠡᠨ ᠭᠠᠳᠠᠨᠠᠬᠢ︾ ᠠᠷᠭ᠎ᠠ ᠵᠠᠮ ᠢᠶᠠᠷ ᠳᠡᠮᠵᠢᠨ ᠰᠦᠢᠳᠭᠡᠯ ᠲᠤᠰᠢᠶᠠᠨ᠎ᠠ᠃ | ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠬᠥᠮᠦᠰ ᠡᠮᠴᠢᠯᠡᠭᠡᠨ ᠤ ᠳᠠᠭᠠᠳᠬᠠᠯ ᠤᠨ ᠭᠠᠷᠲᠠᠨ ᠬᠦᠢᠴᠡᠳᠬᠡᠬᠦ ᠪᠠᠶᠢᠭᠤᠯᠤᠮᠵᠢ ᠳᠤ ᠳᠠᠭᠠᠳᠬᠠᠯ ᠳᠤ | ᠣᠷᠣᠯᠴᠠᠬᠤ ᠳᠡᠩᠰᠡᠯᠡᠯᠲᠡ ᠬᠢᠭᠰᠡᠨ ᠤ ᠳᠠᠷᠠᠭ᠎ᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠩᠭᠠᠭᠰᠠᠨ ︽ᠰᠦᠯᠵᠢᠶᠡᠨ ᠳᠡᠭᠡᠷᠡᠬᠢ︾ ᠪᠠ ︽ | ᠰᠦᠯᠵᠢᠶᠡᠨ ᠭᠠᠳᠠᠨᠠᠬᠢ︾ ᠠᠷᠭ᠎ᠠ ᠵᠠᠮ ᠢᠶᠠᠷ ᠰᠦᠢᠳᠭᠡᠯ ᠲᠤᠰᠢᠶᠠᠨ᠎ᠠ᠃ | ︽ᠰᠦᠯᠵᠢᠶᠡᠨ ᠳᠡᠭᠡᠷᠡᠬᠢ︾ ᠠᠷᠭ᠎ᠠ ᠵᠠᠮ ᠳᠤ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ APP᠂ ᠸᠢᠴᠠᠲ ᠤᠨ ᠵᠢᠵᠢᠭ ᠫᠷᠤᠭ᠍ᠷᠠᠮ᠂ | ᠸᠢᠴᠠᠲ ᠤᠨ ᠬᠤᠲᠠ ᠶᠢᠨ ᠦᠢᠯᠡᠴᠢᠯᠡᠭᠡ᠂ ᠲᠣᠭᠠᠴᠠᠭ᠎ᠠ ᠬᠢᠬᠦ ᠡᠷᠳᠡᠨᠢ ᠶᠢᠨ ᠬᠤᠲᠠ ᠶᠢᠨ ᠠᠷᠠᠳ ᠤᠨ ᠲᠥᠪ᠂ ᠦᠪᠦᠷ ᠮᠤᠩᠭᠤᠯ ᠤᠨ ᠲᠦᠷᠭᠡᠨ | ᠬᠦᠢᠴᠡᠳᠭᠡᠯᠳᠡ᠂ ᠪᠠᠶᠢᠭᠠᠯᠢ ᠬᠥᠮᠦᠨ ᠤ ᠡᠯᠧᠺᠳ᠋ᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ WEB ᠬᠡᠷᠡᠭᠯᠡᠭᠴᠢᠳ ᠤᠨ ᠦᠵᠦᠷᠯᠢᠭ ᠵᠡᠷᠭᠡ ᠪᠤᠢ︔ | ︽ᠰᠦᠯᠵᠢᠶᠡᠨ ᠭᠠᠳᠠᠨᠠᠬᠢ︾ ᠠᠷᠭ᠎ᠠ ᠵᠠᠮ ᠳᠤ ᠭᠠᠶᠢᠯᠢ ᠬᠦᠢᠴᠡᠳᠭᠡᠬᠦ ᠦᠢᠯᠡᠴᠢᠯᠡᠭᠡᠨ ᠤ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠤᠨ ᠭᠠᠶᠢᠯᠢ ᠶᠢᠨ ᠶᠠᠪᠤᠳᠠᠯ ᠤᠨ ᠴᠣᠩᠬᠤ ᠵᠡᠷᠭᠡ ᠪᠤᠢ᠃ ︽ᠰᠦᠯᠵᠢᠶᠡᠨ ᠳᠡᠭᠡᠷᠡᠬᠢ︾ ᠠᠷᠭ᠎ᠠ ᠵᠠᠮ ᠢᠶᠠᠷ ᠰᠦᠢᠳᠭᠡᠯ ᠲᠤᠰᠢᠶᠠᠬᠤ ᠪᠠᠷ ᠤᠷᠢᠳ ᠢᠶᠠᠷ | ᠮᠡᠳᠡᠭᠦᠯᠬᠦ ᠶᠢ ᠰᠠᠨᠠᠭᠤᠯᠤᠶ᠎ᠠ᠃ |