ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠵᠤ᠂ ᠮᠠᠨ ᠤ ᠤᠯᠤᠰ ᠤᠨ ᠲᠡᠦᠬᠡ ᠶᠢᠨ ᠰᠣᠩᠭᠤᠳᠠᠭ ᠰᠢᠯᠦᠭ ᠳᠠᠭᠤᠯᠠᠯ ᠤᠨ ᠰᠣᠶᠣᠯ ᠢ | ᠤᠯᠠᠮᠵᠢᠯᠠᠵᠤ᠂ ᠤᠳᠬ᠎ᠠ ᠵᠣᠬᠢᠶᠠᠯ ᠤᠨ ᠰᠣᠨᠢᠷᠬᠠᠯ ᠢ ᠣᠶᠢᠯᠠᠭᠠᠬᠤ ᠶᠢᠨ ᠲᠥᠯᠥᠭᠡ᠂ 7 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠪᠠᠶ᠋ᠬᠠᠤᠪᠤᠭ᠎ᠠ | ᠠᠭᠤᠷᠬᠠᠢ ᠶᠢᠨ ᠲᠣᠭᠤᠷᠢᠭ ᠤᠨ ᠨᠣᠮ ᠤᠨ ᠰᠠᠩ ᠴᠢ ᠱᠢ ᠵᠡᠭᠡᠯᠢ ᠳᠤ ︽ᠪᠢᠴᠢᠭ ᠤᠨ ᠰᠤᠷᠪᠤᠯᠵᠢᠲᠤ ᠪᠠᠶ᠋ᠬᠠᠣᠪᠤᠭ᠎ᠠ · ᠰᠣᠩᠭᠤᠳᠠᠭ ᠢ ᠤᠯᠠᠮᠵᠢᠯᠠᠨ ᠵᠠᠯᠭᠠᠮᠵᠢᠯᠠᠬᠤ︾ | ᠰᠢᠯᠦᠭ ᠳᠠᠭᠤᠯᠠᠯ ᠵᠠᠯᠭᠠᠬᠤ ᠬᠦᠳᠡᠯᠭᠡᠭᠡᠨ ᠥᠷᠨᠢᠭᠦᠯᠵᠡᠢ᠃ ᠠᠳᠠᠯᠢ ᠪᠤᠰᠤ ᠰᠤᠷᠤᠯᠭ᠎ᠠ ᠶᠢᠨ ᠨᠠᠰᠤᠨ ᠤ ᠬᠡᠦᠬᠡᠳ ᠢ ᠠᠮᠵᠢᠯᠲᠠ ᠲᠠᠢ ᠪᠠᠷ ᠲᠠᠲᠠᠵᠤ ᠬᠥᠳᠡᠯᠭᠡᠭᠡᠨ ᠳᠤ | ᠣᠷᠣᠯᠴᠠᠭᠤᠯᠵᠤ᠂ ᠨᠡᠶᠢᠲᠡ 20 ᠭᠠᠷᠤᠶ ᠬᠥᠮᠦᠨ ᠣᠷᠣᠯᠴᠠᠵᠠᠶ᠃ | | ᠰᠢᠯᠦᠭ ᠳᠠᠭᠤᠯᠠᠯ ᠵᠠᠯᠭᠠᠬᠤ ᠬᠦᠳᠡᠯᠭᠡᠭᠡᠨ ᠢ ᠰᠢᠭᠰᠢᠭᠳᠡᠭᠦᠯᠬᠦ ᠬᠡᠯᠪᠡᠷᠢ ᠪᠠᠷ ᠥᠷᠨᠢᠭᠦᠯᠵᠦ᠂ ᠤᠷᠢᠳᠠᠪᠡᠷ ᠤᠷᠤᠯᠳᠤᠭᠠᠨ ᠳᠤ ᠣᠷᠣᠯᠴᠠᠭᠰᠠᠨ ᠪᠢᠴᠢᠬᠠᠨ | ᠣᠷᠤᠯᠴᠠᠭᠴᠢᠳ ᠨᠢᠭᠡᠪᠦᠷᠢ ᠳᠤ ᠭᠤᠷᠪᠠᠨ ᠡᠩᠭᠡᠷ ᠤᠨ ᠨᠠᠭᠠᠯᠲᠠ ᠣᠯᠭᠤᠵᠤ᠂ 3 - 5 ᠡᠭᠡᠯᠵᠢ ᠵᠠᠯᠭᠠᠯᠲᠠ ᠶᠢᠨ ᠳᠠᠷᠠᠭ᠎ᠠ᠂ ᠡᠴᠦᠰ ᠲᠤ ᠦᠯᠡᠳᠡᠭᠰᠡᠨ ᠴᠡᠭᠡᠵᠢᠨ ᠤ | ᠨᠠᠭᠠᠯᠲᠠ ᠶᠢᠨ ᠲᠤᠭ᠎ᠠ ᠪᠠᠷ ᠢᠯᠠᠵᠤ ᠢᠯᠠᠭᠳᠠᠬᠤ ᠶᠢ ᠲᠣᠭᠲᠠᠭᠠᠨ᠎ᠠ᠃ ᠤᠷᠤᠯᠳᠤᠭᠠᠨ ᠡᠬᠢᠯᠡᠨ᠂ ᠪᠢᠴᠢᠬᠠᠨ ᠣᠷᠤᠯᠴᠠᠭᠴᠢᠳ ᠨᠢᠭᠡ ᠨᠢᠭᠡ ᠪᠠᠷ ᠢᠶᠠᠨ ᠢᠲᠡᠭᠡᠯ ᠳᠦᠭᠦᠷᠡᠩ | ᠪᠠᠶᠢᠵᠤ᠂ ᠬᠥᠲᠥᠯᠥᠭᠴᠢ ᠠᠴᠠ ᠰᠢᠯᠦᠭ ᠳᠠᠭᠤᠯᠠᠯ ᠤᠨ ᠳᠡᠭᠡᠷ᠎ᠡ ᠨᠢᠭᠡ ᠦᠭᠦᠯᠡᠪᠦᠷᠢ ᠶᠢ ᠤᠩᠰᠢᠬᠤ ᠲᠠᠢ ᠵᠡᠷᠭᠡ᠂ ᠪᠢᠴᠢᠬᠠᠨ ᠣᠷᠤᠯᠴᠠᠭᠴᠢᠳ ᠳᠠᠷᠠᠭᠠᠬᠢ ᠦᠭᠦᠯᠡᠪᠦᠷᠢ ᠶᠢ | ᠠᠮᠠᠨ ᠠᠶ᠎ᠠ ᠪᠠᠷ ᠢᠶᠠᠨ ᠬᠡᠯᠡᠵᠦ ᠭᠠᠷᠭᠠᠴᠢᠬᠠᠨ᠎ᠠ᠃ ᠬᠡᠳᠦᠨ ᠡᠭᠡᠯᠵᠢ ᠶᠢᠨ ᠭᠤᠶᠢᠳᠠ ᠰᠠᠶᠢᠬᠠᠨ ᠥᠷᠢᠰᠥᠯᠳᠦᠭᠡᠨ ᠢᠶᠠᠷ ᠳᠠᠮᠵᠢᠨ᠂ 20 ᠭᠠᠷᠤᠶ ᠪᠢᠴᠢᠬᠠᠨ ᠨᠠᠶᠢᠵᠠ ᠨᠠᠷ ᠤᠨ | ᠳᠣᠲᠣᠷ᠎ᠠ ᠠᠴᠠ ᠱᠠᠩᠨᠠᠯ ᠬᠦᠷᠲᠡᠭᠴᠢ ᠶᠢ ᠰᠣᠩᠭᠤᠨ ᠭᠠᠷᠭᠠᠪᠠ᠃ ᠨᠣᠮ ᠤᠨ ᠰᠠᠩ ᠠᠴᠠ ᠲᠡᠳᠡᠨ ᠳᠤ ᠭᠤᠶᠤ ᠰᠠᠶᠢᠬᠠᠨ ᠵᠢᠵᠢᠭ ᠪᠡᠯᠡᠭ ᠪᠡᠯᠡᠳᠬᠡᠵᠦ᠂ ᠨᠢᠭᠡᠳᠦᠭᠡᠷ | ᠬᠤᠶᠠᠳᠤᠭᠠᠷ ᠭᠤᠷᠪᠠᠳᠤᠭᠠᠷ ᠳᠡᠰ ᠤᠨ ᠳᠠᠷᠠᠭᠠᠯᠠᠯ ᠢᠶᠠᠷ ᠲᠤᠬᠠᠢ ᠶᠢᠨ ᠲᠠᠯᠠᠪᠤᠷ ᠲᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ | ᠲᠣᠰ ᠤᠳᠠᠭᠠᠨ ᠤ ᠰᠢᠯᠦᠭ ᠳᠠᠭᠤᠯᠠᠯ ᠵᠠᠯᠭᠠᠬᠤ ᠬᠦᠳᠡᠯᠭᠡᠭᠡᠨ ᠨᠢ ᠳᠤᠮᠳᠠᠳᠤ ᠶᠢᠨ ᠰᠣᠩᠭᠤᠳᠠᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠴᠢᠬᠤᠯᠠ ᠠᠴᠢ | ᠬᠤᠯᠪᠣᠭᠳᠠᠯ ᠢ ᠢᠯᠡᠷᠡᠭᠦᠯᠵᠦ᠂ ᠶᠠᠭ ᠰᠠᠶᠢᠬᠠᠨ ᠵᠣᠨ ᠤ ᠠᠮᠠᠷᠠᠯᠲᠠ ᠳᠤ ᠪᠠᠨ ᠪᠠᠶᠢᠭ᠎ᠠ ᠪᠢᠴᠢᠬᠠᠨ ᠨᠠᠶᠢᠵᠠ ᠨᠠᠷ ᠲᠤ ᠴᠤ ᠨᠢᠭᠡ ᠤᠳᠠᠭᠠᠨ ᠤ ᠰᠤᠷᠤᠯᠴᠠᠯᠭ᠎ᠠ ᠶᠢᠨ ᠦᠷ᠎ᠡ | ᠪᠦᠲᠦᠭᠡᠯ ᠤᠨ ᠦᠵᠡᠭᠦᠯᠦᠯᠭᠡ ᠬᠢᠵᠦ᠂ ᠤᠷᠤᠯᠳᠤᠭᠠᠨ ᠤ ᠶᠠᠪᠤᠴᠠ ᠳᠤ ᠲᠡᠳᠡᠨ ᠤ ᠰᠣᠩᠭᠤᠳᠠᠭ ᠡᠷᠲᠡᠨ ᠤ ᠰᠢᠯᠦᠭ ᠳᠠᠭᠤᠯᠠᠯ ᠲᠠᠬᠢ ᠳᠤᠷ᠎ᠠ ᠰᠣᠨᠢᠷᠬᠠᠯ ᠢ ᠢᠯᠡᠷᠡᠭᠦᠯᠦᠭᠰᠡᠨ | ᠪᠠᠶᠢᠨ᠎ᠠ᠃ ᠨᠠᠭᠠᠳᠤᠮ ᠲᠣᠭᠯᠠᠭᠠᠮ ᠢᠶᠠᠷ ᠬᠦᠮᠦᠵᠢᠯ ᠬᠦᠷᠲᠡᠵᠦ᠂ ᠲᠡᠳᠡᠨ ᠳᠤ ᠲᠣᠭᠯᠠᠭᠠᠮ ᠤᠨ ᠪᠠᠶᠠᠷ ᠪᠠᠶᠠᠰᠤᠯ ᠢ ᠡᠳ᠋ᠯᠡᠭᠦᠯᠬᠦ ᠶᠢᠨ ᠬᠠᠮᠲᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠠᠭᠤᠯᠬᠤᠨ ᠪᠠ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠨ᠎ᠡ᠃ | |