7 ᠳ᠋ᠤᠭᠠᠷ ᠰᠠᠷ᠎ᠠ ᠶᠢᠨ 23 ᠤ ᠡᠳᠦᠷ᠂ ᠪᠥᠬᠦ ᠣᠷᠣᠨ ᠤ ︽ᠤᠮᠠᠷᠠᠲᠤ ᠬᠢᠯᠢ ᠳᠤ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠭᠤᠤᠯ ᠰᠡᠳᠦᠪᠲᠦ | ᠠᠵᠢᠯᠯᠠᠭ᠎ᠠ ᠮᠠᠨᠵᠤᠤᠷ ᠬᠤᠲᠠ ᠳᠤ ᠡᠬᠢᠯᠡᠵᠦ᠂ ᠮᠠᠨᠵᠤᠤᠷ ᠬᠤᠲᠠ ᠶᠢᠨ ᠬᠠᠤᠯᠢ ᠴᠠᠭᠠᠵᠠ ᠶᠢᠨ ᠰᠠᠯᠠᠭ᠎ᠠ ᠮᠥᠴᠢᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠠᠤᠯᠢ | ᠲᠦᠭᠡᠮᠡᠯᠵᠢᠭᠦᠯᠬᠦ ᠰᠠᠶᠢᠨ ᠳᠤᠷᠠᠴᠤᠳ ᠨᠡᠶᠢᠲᠡ 500 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠮᠠᠨᠵᠤᠤᠷ ᠬᠤᠲᠠ ᠶᠢᠨ 12 ᠰᠢᠯᠢᠳᠡᠭ ︽ᠬᠠᠤᠯᠢ ᠴᠠᠭᠠᠵᠠ ᠶᠢᠨ ᠮᠡᠷᠭᠡᠨ ᠬᠥᠮᠦᠨ︾ ᠳᠤ ᠦᠨᠡᠮᠯᠡᠯ ᠣᠯᠭᠤᠵᠤ᠂ ᠬᠠᠤᠯᠢ | ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ 12 ᠡᠩᠨᠡᠭᠡ ᠳᠤ ᠲᠤᠭ ᠣᠯᠭᠤᠵᠤ᠂ ᠮᠠᠨᠵᠤᠤᠷ ᠤᠨ ᠣᠯᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ | ᠬᠥᠨᠳᠡᠯᠡᠨ ᠠᠴᠠ ᠲᠠᠰᠤᠯᠬᠤ ᠬᠤᠷᠢᠶᠠᠨ ᠤ ᠫᠠᠶᠢᠰᠠ ᠶᠢ ᠰᠡᠬᠦᠪᠡ᠃ ᠬᠠᠤᠯᠢ ᠲᠦᠭᠡᠮᠡᠯᠵᠢᠭᠦᠯᠬᠦ 400 ᠭᠠᠷᠤᠶ ᠬᠡᠰᠡᠭ ᠤᠬᠠᠭᠤᠯᠭ᠎ᠠ ᠶᠢᠨ ᠰᠠᠮᠪᠠᠷ᠎ᠠ ᠶᠢᠨ ᠵᠢᠷᠤᠭ ᠪᠢᠴᠢᠭ | ᠬᠤᠣᠰᠯᠠᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠦᠭᠡᠮᠡᠯᠵᠢᠭᠦᠯᠵᠦ᠂ ᠬᠡᠳᠦᠨ ᠵᠠᠭᠤᠨ ᠬᠤᠲᠠ ᠶᠢᠨ ᠠᠷᠠᠳ ᠲᠣᠭᠤᠷᠢᠨ | ᠦᠵᠡᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠬᠠᠷᠢᠯᠴᠠᠨ ᠬᠦᠳᠡᠯᠦᠯᠲᠡ ᠳᠤ ᠬᠠᠮᠲᠤ ᠪᠠᠷ ᠣᠷᠣᠯᠴᠠᠪᠠ᠃ | ︽ᠤᠮᠠᠷᠠᠲᠤ ᠬᠢᠯᠢ ᠳᠤ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠭᠤᠤᠯ ᠰᠡᠳᠦᠪᠲᠦ ᠠᠵᠢᠯᠯᠠᠭ᠎ᠠ ᠪᠣᠯ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠮᠥᠨ᠃ | ᠤᠢᠢᠷ᠎ᠠ ᠶᠢᠨ ᠵᠢᠯ ᠠᠴᠠ᠂ ᠬᠥᠯᠥᠨ ᠪᠤᠶᠢᠷ ᠬᠤᠳᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠠᠤᠯᠢ ᠪᠠᠷ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠠᠤᠯᠢ | ᠴᠠᠭᠠᠵᠠ ᠶᠢᠨ ᠤᠯᠠᠨ ᠢ ᠢᠲᠡᠭᠡᠭᠦᠯᠬᠦ ᠬᠦᠴᠦᠨ ᠢᠶᠠᠷ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠢ᠂ ᠠᠳᠠᠯᠢ | ᠲᠡᠭᠰᠢ ᠲᠦᠭᠡᠮᠡᠯ ᠬᠠᠷᠠᠭᠠᠯᠵᠠᠯ ᠲᠠᠢ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠨᠤᠮᠵᠢᠲᠠᠢ ᠪᠠᠶᠢᠬᠤ ᠶᠢ ᠤᠯᠠᠨ ᠲᠦᠮᠡᠨ ᠳᠤ ᠦᠨᠡᠨ ᠬᠦ ᠮᠡᠳᠡᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠤᠯᠤᠰ ᠤᠨ ᠠᠮᠤᠷ ᠲᠦᠪᠰᠢᠨ ᠤ ᠲᠢᠩᠬᠢᠮ᠂ ᠬᠢᠯᠢ ᠶᠢᠨ | ᠪᠠᠶᠢᠴᠠᠭᠠᠯᠲᠠ ᠶᠢᠨ ᠶᠡᠷᠦᠩᠬᠡᠶ ᠥᠷᠲᠡᠭᠡ ᠬᠠᠮᠲᠤᠷᠠᠨ ᠡᠷᠭᠢᠯᠡᠵᠦ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠮᠠᠨᠵᠤᠤᠷ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ᠂ ᠠᠮᠤᠷ ᠲᠦᠪᠰᠢᠨ ᠤ ᠲᠣᠪᠴᠢᠶ᠎ᠠ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠳᠠᠭᠠᠭᠠᠨ ᠡᠷᠭᠢᠯᠡᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ︽ᠤᠮᠠᠷᠠᠲᠤ ᠬᠢᠯᠢ ᠳᠤ ᠬᠠᠤᠯᠢ ᠲᠦᠭᠡᠮᠡᠯᠵᠢᠭᠦᠯᠬᠦ ᠲᠦᠮᠡᠨ ᠭᠠᠵᠠᠷ ᠤᠨ ᠠᠶᠠᠯᠠᠯ︾ ᠤᠨ ᠲᠥᠪᠯᠡᠷᠡᠩᠭᠦᠶ ᠤᠬᠠᠭᠤᠯᠭ᠎ᠠ ᠶᠢᠨ | ᠠᠵᠢᠯᠯᠠᠭ᠎ᠠ ᠨᠢ ᠬᠢᠩᠭᠠᠨ ᠠᠶᠢᠮᠠᠭ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠵᠡᠷᠭᠡ 7 ᠬᠢᠯᠢ ᠶᠢᠨ ᠠᠶᠢᠮᠠᠭ ᠬᠤᠲᠠ ᠵᠢᠴᠢ 20 ᠬᠢᠯᠢ ᠶᠢᠨ ᠬᠤᠰᠢᠭᠤ ᠰᠢᠶᠠᠨ | ᠬᠤᠲᠠ ᠲᠣᠭᠤᠷᠢᠭ ᠲᠤ ᠵᠡᠷᠭᠡ ᠪᠠᠷ ᠶᠠᠪᠤᠭᠳᠠᠪᠠ᠃ | |