ᠪᠤᠭᠤᠲᠤ ᠶᠢᠨ ᠠᠵᠤ ᠠᠬᠤᠢ ᠶᠢᠨ ᠬᠥᠭᠵᠢᠯᠲᠡ ᠶᠢᠨ ᠬᠠᠭᠠᠰ ᠵᠢᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2024/7/29
        ᠡᠨᠡ ᠵᠢᠯ ᠠᠴᠠ ᠨᠠᠭᠠᠰᠢ᠂ ᠮᠠᠨ ᠤ ᠬᠤᠲᠠ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ ᠲᠦᠭᠵᠢᠷᠡᠯ ᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠳᠡᠭᠡᠷ᠎ᠡ ᠬᠠᠭᠠᠰ ᠵᠢᠯ ᠳᠤ ᠪᠦᠬᠦ ᠬᠤᠲᠠ ᠶᠢᠨ ᠠᠵᠤ ᠠᠬᠤᠢ ᠲᠣᠭᠲᠠᠭᠤᠨ ᠪᠦᠭᠡᠳ ᠲᠦᠷᠭᠡᠨ ᠬᠦᠭᠵᠢᠵᠦ᠂ ᠲᠣᠭᠲᠠᠭᠤᠨ ᠤ ᠳᠤᠮᠳᠠ ᠰᠠᠶᠢᠵᠢᠷᠠᠪᠠ᠃        ᠪᠥᠬᠦ ᠬᠤᠲᠠ ᠶᠢᠨ ᠠᠵᠤ ᠠᠬᠤᠶ ᠲᠣᠭᠲᠠᠭᠤᠨ ᠪᠦᠭᠡᠳ ᠲᠦᠷᠭᠡᠨ ᠬᠥᠭᠵᠢᠪᠡ        ᠬᠤᠶᠠᠳᠤᠭᠠᠷ ᠠᠵᠤ ᠦᠢᠯᠡᠰ ᠶᠢᠨ ᠬᠤᠪᠢ ᠨᠡᠮᠡᠷᠢ ᠳᠣᠪᠦ᠋ᠮ᠎ᠠ        ᠠᠶᠢᠮᠠᠭ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵GDP︶ 2252.3 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠭᠤᠯᠬᠤ ᠥᠬᠡᠶ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8.7% ᠪᠠᠷ ᠨᠡᠮᠡᠭᠳᠡᠪᠡ᠃        ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠳᠣᠪᠤᠶᠢᠮ᠎ᠠ᠃ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 21.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠳᠠᠯᠢ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 1288.9 ᠳ᠋ᠦᠩᠰᠢᠭᠤᠷ ᠲᠦᠭᠦᠷᠢᠭ ᠲᠤ ᠬᠦᠷᠴᠦ᠂ 13.1% ᠪᠠᠷ ᠨᠡᠮᠡᠭᠳᠡᠪᠡ ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 942.1 ᠳ᠋ᠦᠩᠰᠢᠭᠤᠷ ᠲᠥᠭᠦᠷᠢᠭ ᠲᠤ ᠬᠦᠷᠴᠦ᠂ 4.3% ᠪᠠᠷ ᠨᠡᠮᠡᠭᠳᠡᠪᠡ᠃ ᠭᠤᠷᠪᠠ ᠤᠳᠠᠭᠠᠨ ᠤ ᠠᠵᠤ ᠦᠢᠯᠡᠰ ᠤᠨ ᠬᠠᠷᠢᠴᠠᠯ 1.0: 57.2: 41.8᠃ ᠬᠤᠶᠠᠳᠤᠭᠠᠷ ᠠᠵᠤ ᠦᠢᠯᠡᠰ ᠤᠨ ᠪᠦᠬᠦ ᠬᠤᠲᠠ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 76.0% ᠳᠤ ᠬᠦᠷᠴᠦ᠂ ᠬᠠᠮᠤᠭ ᠤᠨ ᠶᠡᠭᠡ ᠬᠤᠪᠢ ᠨᠡᠮᠡᠷᠢ ᠦᠵᠡᠭᠦᠯᠵᠦ᠂ GDP ᠶᠢᠨ ᠨᠡᠮᠡᠭᠳᠡᠯ ᠢ 6.6 ᠵᠠᠭᠤᠨ ᠤ ᠬᠤᠪᠢ ᠲᠠᠶᠢᠴᠢᠯᠠᠵᠠᠢ᠃        ︽ᠭᠤᠷᠪᠠᠨ ᠶᠡᠭᠡ ᠠᠵᠢᠯ ᠲᠥᠷᠥᠯ︾ ᠤᠨ ᠬᠤᠪᠢ ᠨᠡᠮᠡᠷᠢ ᠶᠢᠨ ᠨᠣᠷᠮ᠎ᠠ ᠠᠷᠪᠠᠨ ᠤ ᠨᠠᠢᠮᠠᠨ ᠬᠤᠪᠢ ᠶᠢ ᠳᠠᠪᠠᠪᠠ᠃ ᠳᠡᠭᠡᠷ᠎ᠡ ᠬᠠᠭᠠᠰ ᠵᠢᠯ ᠳᠤ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ ᠪᠠ ᠠᠰᠢᠭ ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠭᠤᠷᠪᠠᠨ ᠶᠡᠭᠡ ᠠᠵᠢᠯ ᠲᠥᠷᠥᠯ ᠪᠣᠯ ᠪᠥᠬᠦ ᠬᠤᠲᠠ ᠶᠢᠨ ᠠᠵᠤ ᠠᠬᠤᠶ ᠶᠢᠨ ᠨᠡᠮᠡᠭᠳᠡᠯ ᠤᠨ ᠭᠤᠤᠯ ᠬᠦᠴᠦᠨ ᠮᠥᠨ᠂ ᠪᠥᠬᠦ ᠬᠤᠲᠠ ᠶᠢᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 86.2% ᠲᠤ ᠬᠦᠷᠴᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ ᠲᠣᠰ ᠲᠣᠰ 47.7%᠂ 28.4% ᠪᠠ 10.1% ᠪᠣᠯᠤᠨ᠎ᠠ᠃        ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠨᠡᠮᠡᠭᠳᠡᠪᠡ        ᠰᠢᠨ᠎ᠡ ᠴᠢᠨᠠᠷ ᠤᠨ ᠦᠢᠯᠡᠳᠪᠦᠷᠢᠯᠡᠬᠦ ᠴᠢᠳᠠᠪᠤᠷᠢ ᠶᠢ ᠲᠦᠷᠭᠡᠳᠭᠡᠨ ᠪᠣᠶᠢᠵᠢᠭᠤᠯᠤᠨ᠎ᠠ        ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.3% ᠪᠠᠷ ᠨᠡᠮᠡᠭᠳᠡᠵᠦ᠂ 46 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠲᠣᠰ ᠲᠣᠰ ᠪᠥᠬᠦ ᠤᠯᠤᠰ ︵6.0%︶᠂ ᠪᠥᠬᠦ ᠣᠷᠣᠨ ︵7.5 %︶ ᠤ 9.3 ᠪᠠ 7.8 ᠵᠠᠭᠤᠨ ᠤ ᠬᠤᠪᠢ ᠥᠨᠳᠥᠷ ᠪᠣᠯᠪᠠ᠃        ᠠᠵᠢᠯ ᠲᠥᠷᠥᠯ ᠤᠨ ᠨᠡᠮᠡᠭᠳᠡᠯ ᠤᠨ ᠬᠡᠮᠵᠢᠶ᠎ᠡ 6 ᠬᠤᠪᠢ ᠠᠴᠠ ᠳᠠᠪᠠᠵᠠᠢ᠃ ᠭᠤᠷᠪᠠᠨ ᠲᠣᠮᠣ ᠲᠥᠷᠥᠯ ᠤᠨ ᠳᠣᠲᠣᠷ᠎ᠠ᠂ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ ᠪᠠ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 3.7%᠂ 20.4% ᠪᠠ 2.9% ᠨᠡᠮᠡᠭᠳᠡᠵᠦ᠂ ᠡᠭᠦᠨ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 13.9 ᠵᠠᠭᠤᠨ ᠤ ᠬᠤᠪᠢ ᠨᠡᠮᠡᠭᠳᠡᠭᠦᠯᠵᠦ᠂ ᠳᠠᠶᠢᠴᠢᠯᠠᠬᠤ ᠦᠢᠯᠡᠳᠦᠯ ᠢᠶᠠᠷ ᠬᠠᠮᠤᠭ ᠤᠨ ᠴᠢᠩᠭ᠎ᠠ᠃ 32 ᠠᠵᠢᠯ ᠲᠥᠷᠥᠯ ᠤᠨ ᠳᠣᠲᠣᠷ᠎ᠠ᠂ 10 ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ 20 ᠠᠵᠢᠯ ᠲᠥᠷᠥᠯ ᠤᠨ ᠨᠡᠮᠡᠭᠳᠡᠯ ᠥᠷᠲᠡᠭ ᠨᠢ ᠡᠶᠡᠷᠭᠦ ᠨᠡᠮᠡᠭᠳᠡᠯ ᠢ ᠪᠡᠶᠡᠯᠡᠭᠦᠯᠵᠦ᠂ ᠡᠶᠡᠷᠭᠦ ᠨᠡᠮᠡᠭᠳᠡᠯ ᠤᠨ ᠬᠡᠪᠴᠢᠶ᠎ᠡ ᠨᠢ 62.5% ᠳᠤ ᠬᠦᠷᠴᠡᠶ᠃        ᠲᠤᠭ ᠤᠨ ᠠᠵᠤ ᠦᠢᠯᠡᠰ ᠲᠦ᠋ᠷᠭᠡᠨ ᠬᠦᠭᠵᠢᠵᠡᠢ᠃ 6 ᠰᠠᠷ᠎ᠠ ᠳᠤ᠂ ᠮᠠᠨ ᠤ ᠬᠤᠲᠠ ︽ᠪᠤᠭᠤᠲᠤ ᠬᠤᠲᠠ ᠶᠢᠨ ᠦᠢᠯᠡᠴᠢᠯᠡᠭᠡᠨ ᠤ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠠᠶ ᠠᠷᠭ᠎ᠠ ᠬᠡᠮᠵᠢᠶ᠎ᠡ ︵ᠨᠢᠭᠡᠳᠦᠭᠡᠷ ᠪᠦᠯᠦᠭ︶︾ ᠶᠢ ᠳᠠᠷᠤᠮᠠᠯᠯᠠᠨ ᠲᠠᠷᠬᠠᠭᠠᠵᠤ᠂ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠶ ᠠᠬᠢᠭᠤᠯᠪᠠ᠃ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ᠂ ᠲᠠᠯᠠᠰᠲᠤ ᠴᠠᠬᠢᠭᠤᠷ ᠭᠡᠷᠡᠯ ᠴᠡᠨᠡᠭ ᠤᠨ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ ᠲᠤᠰ ᠲᠤᠰ 32.6%᠂ 31.6% ᠪᠠᠷ ᠨᠡᠮᠡᠭᠳᠡᠵᠦ᠂ ᠬᠤᠶᠠᠷ ᠶᠡᠭᠡ ᠠᠵᠤ ᠦᠢᠯᠡᠰ ᠬᠦᠴᠦ ᠪᠠᠨ ᠬᠠᠮᠲᠤᠳᠬᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 12.5 ᠵᠠᠭᠤᠨ ᠤ ᠬᠤᠪᠢ ᠨᠡᠮᠡᠭᠳᠡᠭᠦᠯᠵᠦ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠯᠢᠶᠡᠳ ᠲᠦᠷᠭᠡᠨ ᠨᠡᠮᠡᠭᠳᠡᠯ ᠳᠤ ᠬᠥᠳᠡᠯᠭᠡᠬᠦ ᠬᠦᠴᠦᠨ ᠨᠡᠮᠡᠷᠢᠯᠡᠪᠡ᠃        ᠵᠢᠷᠭᠤᠭᠠᠨ ᠬᠤᠪᠢ ᠶᠢᠨ ᠦᠢᠯᠡᠳᠬᠦᠨ ᠤ ᠭᠠᠷᠤᠯᠲᠠ ᠡᠶᠡᠷᠭᠦ ᠨᠡᠮᠡᠭᠳᠡᠵᠡᠢ᠃ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠭᠤᠣᠯᠳᠠᠯᠭ᠎ᠠ ᠲᠠᠢ ᠬᠢᠨᠠᠨ ᠬᠡᠮᠵᠢᠭᠰᠡᠨ 30 ᠵᠦᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ᠂ 19 ᠵᠦᠢᠯ ᠤᠨ ᠦᠢᠯᠡᠳᠬᠦᠨ ᠤ ᠭᠠᠷᠤᠯᠲᠠ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠡᠭᠦᠨ ᠳᠤ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠪᠠ ᠳᠠᠩ ᠬᠤᠪᠣᠷ ᠰᠢᠷᠣᠢ ᠶᠢᠨ ᠲᠡᠮᠦᠷᠯᠢᠭ ᠤᠨ ᠭᠠᠷᠤᠯᠲᠠ ᠳᠡᠭᠡᠳᠦ ᠬᠤᠷᠳᠤᠴᠠ ᠪᠠᠷ ᠨᠡᠮᠡᠭᠳᠡᠵᠦ᠂ ᠲᠤᠰ ᠲᠤᠰ 87.9%᠂ 81.8% ᠪᠠ 32.3% ᠨᠡᠮᠡᠭᠳᠡᠪᠡ᠃        ᠰᠢᠨ᠎ᠡ ᠴᠢᠨ᠋ᠠᠷ ᠤᠨ ᠦᠢᠯᠡᠳᠪᠦᠷᠢᠯᠡᠯ ᠤᠨ ᠬᠦᠴᠦᠨ ᠤ ᠪᠤᠶᠢᠵᠢᠯᠲᠠ ᠶᠢ ᠲᠦ᠋ᠷᠭᠡᠳᠬᠡᠬᠦ ᠬᠡᠷᠡᠭᠲᠡᠶ᠃ ᠮᠠᠨ ᠤ ᠬᠤᠲᠠ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠢᠴᠢ ᠢᠵᠢ ᠪᠦᠷᠢᠳᠦᠭᠦᠯᠬᠦ 9 ᠠᠵᠢᠯᠯᠠᠭᠠᠨ ᠤ ᠲᠥᠰᠦᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠰᠤᠷᠠᠯᠲᠠ ᠦᠭᠡᠢ ᠳᠠᠪᠠᠭᠤᠯᠢᠭ  ᠢᠶᠠᠨ ᠪᠠᠳᠠᠷᠠᠭᠤᠯᠵᠤ ᠳᠤᠲᠠᠭᠳᠠᠯ ᠢᠶᠠᠨ ᠨᠦᠬᠦᠪᠦᠷᠢᠯᠡᠨ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠤᠶᠢᠵᠢᠭᠤᠯᠪᠠ᠃ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠳᠡᠭᠡᠳᠦ ᠮᠡᠷᠭᠡᠵᠢᠯ ᠤᠨ ᠦᠢᠯᠡᠳᠪᠦᠷᠢᠯᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 32.0% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ  ᠠᠴᠠ 16.7 ᠵᠠᠭᠤᠨ ᠤ ᠬᠤᠪᠢ ᠥᠨᠳᠥᠷ ᠪᠠᠶᠢᠵᠤ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ᠃        ᠪᠡᠯᠡ ᠣᠷᠤᠭᠤᠯᠤᠯᠲᠠ ᠨᠡᠯᠢᠶᠡᠳ ᠲᠦᠷᠭᠡᠨ ᠬᠦᠭᠵᠢᠯᠲᠡ ᠪᠠᠨ ᠪᠠᠲᠤᠯᠠᠵᠤ        ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ        ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠵᠦ᠂ ᠲᠣᠰ ᠲᠣᠰ ᠪᠥᠬᠦ ᠤᠯᠤᠰ ︵3.9%︶᠂ ᠪᠥᠬᠦ ᠣᠷᠣᠨ ︵12.0%︶ ᠠᠴᠠ 13.6 ᠪᠠ 5.5 ᠵᠠᠭᠤᠨ ᠤ ᠬᠤᠪᠢ ᠥᠨᠳᠥᠷ ᠪᠣᠯᠪᠠ᠃        ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠯ ᠢᠯᠡᠷᠬᠡᠢ᠃ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.7 ᠳᠠᠬᠢᠨ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 26.0% ᠨᠡᠮᠡᠭᠳᠡᠵᠡᠶ︔ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 26.1% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 8.6 ᠵᠠᠭᠤᠨ ᠤ ᠬᠤᠪᠢ ᠥᠨᠳᠥᠷ ᠪᠠᠶᠢᠵᠤ᠂ ᠪᠦᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 76.6% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.3 ᠵᠠᠭᠤᠨ ᠤ ᠬᠤᠪᠢ ᠳᠡᠭᠡᠭᠰᠢᠯᠡᠵᠦ᠂ ᠪᠦᠬᠦ ᠪᠡᠯᠡ ᠣᠷᠣᠭᠤᠯᠤᠯᠲᠠ ᠶᠢ ᠳᠠᠶᠢᠴᠢᠯᠠᠨ 18.6 ᠵᠠᠭᠤᠨ ᠤ ᠬᠤᠪᠢ ᠨᠡᠮᠡᠭᠳᠡᠭᠦᠯᠪᠡ᠃        ᠰᠢᠨ᠎ᠡ ᠡᠨᠧᠷᠭᠢ ᠶᠢᠨ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠲᠦᠷᠭᠡᠳᠴᠡᠢ᠃  ᠪᠥᠬᠦ ᠬᠤᠲᠠ ᠶᠢᠨ ᠰᠢᠨ᠎ᠡ ᠡᠨᠧᠷᠭᠢ ᠶᠢᠨ ᠲᠦᠰᠦᠯ  ᠤᠨ ᠪᠠᠶᠢᠷᠢᠰᠢᠭᠤᠯᠤᠯᠲᠠ ᠦᠷᠭᠦᠯᠵᠢᠯᠡᠨ ᠲᠦᠷᠭᠡᠳᠬᠦ ᠶᠢ ᠳᠠᠭᠠᠯᠳᠤᠨ᠂ ᠳᠡᠭᠡᠷ᠎ᠡ ᠬᠠᠭᠠᠰ ᠵᠢᠯ ᠳᠤ᠂ ᠰᠢᠨ᠎ᠡ ᠡᠨᠧᠷᠭᠢ ᠶᠢᠨ ᠲᠦᠰᠦᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 25.7% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠠᠴᠠ 8.2 ᠵᠠᠭᠤᠨ ᠤ ᠬᠤᠪᠢ ᠥᠨᠳᠥᠷ ᠪᠣᠯᠵᠤ᠂ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ 47.2% ᠳᠤ ᠬᠦᠷᠴᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 11.4 ᠵᠠᠭᠤᠨ ᠤ ᠬᠤᠪᠢ ᠨᠡᠮᠡᠭᠳᠡᠭᠦᠯᠪᠡ᠃        ᠠᠷᠠᠳ ᠤᠨ ᠪᠡᠯᠡ ᠣᠷᠣᠭᠤᠯᠤᠯᠲᠠ ᠶᠢᠨ ᠨᠡᠮᠡᠭᠳᠡᠯ ᠰᠠᠶᠢᠨ ᠪᠠᠶᠢᠨ᠎ᠠ᠃  ᠳᠡᠭᠡᠷ᠎ᠡ ᠬᠠᠭᠠᠰ ᠵᠢᠯ ᠳᠤ᠂ ᠡᠯ᠎ᠡ ᠵᠦᠢᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ᠂ ᠪᠦᠬᠦ ᠬᠤᠲᠠ ᠶᠢᠨ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32.8% ᠪᠠᠷ ᠨᠡᠮᠡᠭᠳᠡᠵᠦ᠂ ᠪᠦᠬᠦ ᠬᠤᠲᠠ ᠶᠢᠨ ᠪᠡᠯᠡ ᠣᠷᠣᠭᠤᠯᠤᠯᠲᠠ ᠠᠴᠠ 15.3 ᠵᠠᠭᠤᠨ ᠤ ᠬᠤᠪᠢ ᠥᠨᠳᠥᠷ ᠪᠣᠯᠵᠤ᠂ ᠪᠦᠬᠦ ᠪᠡᠯᠡ ᠣᠷᠣᠭᠤᠯᠤᠯᠲᠠ ᠳᠠᠬᠢ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ ᠳᠣᠯᠣᠭᠠᠨ ᠬᠤᠪᠢ ᠶᠢ ᠳᠠᠪᠠᠪᠠ᠂ ᠡᠭᠦᠨ ᠳᠤ ᠠᠵᠤ ᠦᠢᠯᠡᠳᠪᠦᠷᠢ ᠶᠢᠨ ᠠᠷᠠᠳ ᠤᠨ ᠪᠡᠯᠡ ᠣᠷᠣᠭᠤᠯᠤᠯᠲᠠ 42.4% ᠪᠠᠷ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠤᠯᠠᠮ ᠨᠢᠭᠡ ᠠᠯᠬᠤᠮ ᠪᠠᠳᠠᠷᠠᠪᠠ᠃        ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠪᠡ        ᠬᠡᠷᠡᠭᠯᠡᠭᠡᠨ ᠤ ᠳᠡᠰ ᠳᠡᠪᠰᠢᠬᠦ ᠬᠠᠨᠳᠤᠰᠢ ᠢᠯᠡᠷᠬᠡᠢ        ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 517.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6 % ᠪᠠᠷ ᠨᠡᠮᠡᠭᠳᠡᠨ᠂ ᠪᠥᠬᠦ ᠣᠷᠣᠨ ︵2.8 %︶ ᠠᠴᠠ 0.8 ᠵᠠᠭᠤᠨ ᠤ ᠬᠤᠪᠢ ᠥᠨᠳᠥᠷ ᠪᠣᠯᠪᠠ ᠃ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 129.1 ᠳ᠋ᠦᠩᠰᠢᠭᠤᠷ ᠲᠥᠭᠦᠷᠢᠭ ᠪᠠᠶᠢᠵᠤ᠂ 5.6% ᠪᠠᠷ ᠨᠡᠮᠡᠭᠳᠡᠪᠡ᠃        ᠬᠢᠵᠠᠭᠠᠷᠯᠠᠭᠰᠠᠨ ᠲᠣᠭᠠᠨ ᠤ ᠨᠢᠭᠡᠴᠢ ᠲᠤᠭᠲᠠᠬᠤᠨ ᠶᠠᠪᠤᠭᠳᠠᠵᠠᠢ᠃ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 129.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠨ ᠂ ᠪᠥᠬᠦ ᠬᠤᠲᠠ ᠵᠢᠨ‌ᠵᠢᠵᠢᠭᠯᠡᠨ ᠬᠤᠳᠠᠯᠳᠤᠭᠰᠠᠨ  ᠠᠴᠠ 2.0 ᠵᠠᠭᠤᠨ ᠤ ᠬᠤᠪᠢ ᠥᠨᠳᠥᠷ ᠪᠣᠯᠪᠠ᠃ ᠡᠭᠦᠨ ᠳᠤ ᠢᠳᠡᠭᠡᠨ ᠤᠮᠳᠠᠭᠠᠨ ᠤ ᠣᠷᠣᠯᠭ᠎ᠠ 120 ᠳ᠋ᠦᠩᠰᠢᠭᠤᠷ ᠲᠥᠭᠦᠷᠢᠭ ᠲᠤ ᠬᠦᠷᠴᠦ᠂ 1.6% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 117.1 ᠳ᠋ᠦᠩᠰᠢᠭᠤᠷ ᠲᠥᠭᠦᠷᠢᠭ ᠲᠤ ᠬᠦᠷᠴᠦ᠂ 6.0% ᠪᠠᠷ ᠨᠡᠮᠡᠭᠳᠡᠪᠡ᠃        ᠬᠡᠷᠡᠭᠯᠡᠭᠡᠨ ᠤ ᠳᠡᠰ ᠳᠡᠪᠰᠢᠬᠦ ᠬᠠᠨᠳᠤᠰᠢ ᠢᠯᠡᠷᠬᠡᠶ᠃ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠪᠦᠲᠦᠴᠡ ᠠᠯᠬᠤᠮ ᠠᠯᠬᠤᠮ ᠢᠶᠠᠷ ᠳᠡᠰ ᠳᠡᠪᠰᠢᠵᠦ᠂ ᠤᠶᠤᠨᠴᠢᠯᠠᠭᠰᠠᠨ᠂ ᠪᠣᠬᠢᠷᠲᠤᠯ ᠦᠭᠡᠢ ᠬᠡᠷᠡᠭᠯᠡᠭᠡ ᠰᠢᠨ᠎ᠡ ᠨᠡᠮᠡᠭᠳᠡᠯ ᠤᠨ ᠴᠡᠭ ᠪᠣᠯᠪᠠ᠃ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠣᠶᠤᠨᠯᠢᠭ ᠭᠠᠷ ᠤᠲᠠᠰᠤᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 37.0% ᠢᠶᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠣᠶᠤᠨᠯᠢᠭ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 25.7% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠬᠡᠮᠵᠢᠶ᠎ᠡ 31.6% ᠪᠠᠷ ᠨᠡᠮᠡᠭᠳᠡᠪᠡ᠃        ᠲᠣᠣᠷ ᠰᠦᠯᠵᠢᠶᠡᠨ ᠤ ᠬᠡᠷᠡᠭᠯᠡᠭᠡ ᠶᠢᠨ ᠡᠵᠡᠯᠡᠬᠦ ᠬᠠᠷᠢᠴᠠᠯ ᠳᠡᠭᠡᠭᠰᠢᠯᠡᠪᠡ ᠃ ᠣᠶᠢᠷ᠎ᠠ ᠶᠢᠨ ᠵᠢᠯ ᠤᠨ ᠲᠤᠷᠰᠢ ᠮᠠᠨ ᠤ ᠬᠤᠲᠠ ᠶᠢᠨ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠲᠠᠰᠤᠷᠠᠯᠲᠠ ᠦᠭᠡᠢ ᠢᠯᠡᠷᠡᠨ ᠭᠠᠷᠴᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠂ ᠴᠠᠭ ᠲᠤᠬᠠᠢ ᠳᠤᠨᠢ ᠵᠢᠵᠢᠭᠯᠡᠨ ᠬᠤᠳᠠᠯᠳᠤᠬᠤ ᠵᠡᠷᠭᠡ ᠰᠢᠨ᠎ᠡ ᠪᠣᠷᠣᠯᠠᠭᠤᠯᠭ᠎ᠠ ᠶᠢᠨ ᠵᠠᠭᠪᠤᠷ ᠨᠡᠯᠢᠶᠡᠳ ᠲᠦᠷᠭᠡᠨ ᠬᠥᠭᠵᠢᠵᠦ᠂ ᠰᠦᠯᠵᠢᠶᠡᠨ ᠳᠡᠭᠡᠷᠡᠬᠢ ᠵᠢᠵᠢᠭᠯᠡᠨ ᠬᠤᠳᠠᠯᠳᠤᠬᠤ ᠬᠡᠷᠡᠭᠯᠡᠭᠡ ᠦᠷᠭᠦᠯᠵᠢᠯᠡᠨ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 40.0% ᠨᠡᠮᠡᠭᠳᠡᠪᠡ᠃            ᠢᠷᠡᠯᠲᠡ᠄ ᠪᠤᠭᠤᠲᠤ ᠶᠢᠨ ᠡᠳᠦᠷ ᠤᠨ ᠰᠣᠨᠢᠨ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ