︽ᠰᠣᠨᠢᠷᠬᠠᠯᠲᠠᠢ ᠬᠤᠪᠣᠷ ᠰᠢᠷᠣᠢ︾ ᠲᠠᠪᠤᠳᠤᠭᠠᠷ ᠬᠤᠭᠤᠴᠠᠭ᠎ᠠ — ︽ᠲᠣᠭᠲᠠᠮᠠᠯ ᠰᠣᠷᠢᠨᠵᠢᠨ ᠤ ᠸᠠᠩ︾ ᠨᠸᠣᠳᠢᠮ ᠡᠯᠧᠮᠧᠨ᠋ᠲ
ᠨᠡᠶᠢᠲᠡᠯᠡᠭᠰᠡᠨ ᠴᠠᠭ᠄
2024/7/3
        ᠥᠨᠥᠳᠦᠷ ᠪᠢᠳᠡ ᠫᠷᠠᠽᠧᠣᠳᠢᠮ ᠡᠯᠧᠮᠧᠨ᠋ᠲ ᠤᠨ ᠨᠢᠭᠡ ᠨᠢ ᠪᠣᠯᠬᠤ ᠬᠤᠪᠣᠷ ᠰᠢᠷᠣᠶ ᠶᠢᠨ ᠨᠢᠭᠡ ᠡᠯᠧᠮᠧᠨ᠋ᠲ ︽ ᠨᠸᠣᠳᠢᠮ︾ ᠢ ᠶᠠᠷᠢᠶ᠎ᠠ᠂ ᠡᠨᠡ ᠪᠣᠯ ᠪᠠᠰᠠ ᠴᠤ ᠡᠯᠪᠡᠭ ᠪᠠᠶᠠᠯᠢᠭ ᠤᠨ ᠬᠡᠮᠵᠢᠶ᠎ᠡ ᠪᠠᠷ ᠢᠶᠠᠨ ᠬᠤᠶᠠᠳᠤᠭᠠᠷ ᠲᠤ ᠪᠠᠶᠢᠷᠢᠯᠠᠬᠤ ᠬᠤᠪᠣᠷ ᠰᠢᠷᠣᠶ ᠶᠢᠨ ᠡᠯᠧᠮᠧᠨ᠋ᠲ ᠪᠠᠶᠢᠵᠤ ᠂ ᠼᠧᠷᠢ ᠶᠢᠨ ᠳᠠᠷᠠᠭ᠎ᠠ ᠵᠢᠭᠰᠠᠭᠠᠭᠳᠠᠳᠠᠭ᠃        ᠨᠸᠣᠳᠢᠮ ᠡᠯᠧᠮᠧᠨ᠋ᠲ᠂ ᠠᠲ᠋ᠤᠮ ᠤᠨ ᠳ᠋ᠤᠭᠠᠷ ᠲᠤᠭ᠎ᠠ ᠨᠢ 60᠂ ᠡᠯᠧᠮᠧᠨ᠋ᠲ ᠤᠨ ᠲᠡᠮᠳᠡᠭ ᠨᠢ Nd᠂ 1885 ᠣᠨ ᠳᠤ ᠰᠸᠧᠳᠧᠨ ᠠᠴᠠ ᠢᠯᠡᠷᠡᠵᠡᠢ᠃ ᠨᠸᠣᠳᠢᠮ ᠪᠣᠯ ᠨᠢᠭᠡ ᠵᠦᠢᠯ ᠤᠨ ᠰᠠᠭᠠᠷᠠᠯ ᠥᠩᠭᠡ ᠲᠠᠢ ᠲᠡᠮᠦᠷᠯᠢᠭ᠂ ᠦᠨᠡᠨ ᠳᠤ ᠪᠠᠨ ᠲᠡᠷᠡ ᠪᠣᠯ ᠳᠡᠯᠡᠬᠡᠢ ᠶᠢᠨ ᠪᠦᠮᠪᠦᠷᠴᠡᠭ ᠳᠡᠭᠡᠷᠡᠬᠢ ᠬᠠᠮᠤᠭ ᠴᠢᠩᠭ᠎ᠠ ᠡᠩ ᠤᠨ ᠰᠤᠷᠢᠨᠵᠢᠨ ᠡᠯᠧᠮᠧᠨ᠋ᠲ ᠤᠨ ᠨᠢᠭᠡ ᠪᠣᠯᠣᠨ᠎ᠠ᠃ ᠬᠡᠷᠪᠡ ᠲᠠ ᠬᠤᠶᠠᠷ ᠬᠡᠰᠡᠭ ᠨᠸᠣᠳᠢᠮ ᠰᠣᠷᠢᠨᠵᠢᠨ ᠪᠡᠶᠡᠲᠦ ᠶᠢ ᠣᠶᠢᠷᠠᠲᠤᠭᠤᠯᠪᠠᠯ᠂ ᠲᠡᠲᠡ ᠳᠣᠣᠷ᠎ᠠ ᠨᠢ ᠡᠰᠡᠷᠭᠦ ᠡᠲᠡᠭᠡᠳ ᠲᠤ ᠪᠠᠨ ᠲᠠᠲᠠᠭᠳᠠᠵᠤ᠂ ᠶᠠᠭ ᠶᠠᠮᠠᠷ ᠨᠢᠭᠡᠨ ᠦᠵᠡᠭᠳᠡᠬᠦ ᠦᠭᠡᠢ ᠬᠦᠴᠦᠨ ᠴᠢᠳᠠᠯ ᠳᠤ ᠡᠷᠬᠡᠰᠢᠶᠡᠭᠳᠡᠵᠦ ᠪᠠᠶᠢᠭ᠎ᠠ ᠰᠢᠭ᠋ ᠶᠤᠮ᠃ ᠡᠨᠡ ᠬᠦ ᠭᠠᠶᠢᠬᠠᠮᠰᠢᠭᠲᠠᠢ ᠬᠤᠪᠤᠷ ᠰᠢᠷᠣᠢ ᠶᠢᠨ ᠡᠯᠧᠮᠧᠨ᠋ᠲ ᠨᠢ ᠲᠠᠭᠦᠠ ᠤ ᠬᠦᠴᠦᠲᠡᠢ ᠰᠤᠷᠢᠨᠵᠢᠨ ᠬᠦᠴᠦ ᠪᠠᠷ ᠢᠶᠠᠨ ᠣᠲᠤ ᠣᠢᠶ᠎ᠡ ᠶᠢᠨ ᠰᠢᠠᠵᠢᠯᠠᠭᠦ ᠣᠬᠠᠭᠠᠨ ᠮᠠᠷᠭᠡᠵᠢᠯ ᠤᠨ ᠬᠦᠢᠷᠢᠶᠠᠨ ᠳᠠᠬᠢ ᠨᠢᠭᠡ ᠣᠳᠣᠨ ᠪᠣᠯᠭᠠᠵᠠᠢ ᠃        ᠨᠸᠣᠳᠢᠮ ᠡᠯᠧᠮᠧᠨ᠋ᠲ ᠤᠨ ᠬᠡᠷᠡᠭᠴᠡᠭᠡ — ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠪᠡᠶᠡᠲᠦ        ᠨᠸᠣᠳᠢᠮ ᠤᠨ ᠨᠢᠭᠡ ᠴᠢᠬᠤᠯᠠ ᠬᠡᠷᠡᠭᠴᠡᠭᠡ ᠭᠡᠪᠡᠯ ᠳᠠᠷᠤᠢ ᠥᠨᠳᠥᠷ ᠬᠦᠴᠦᠯᠡᠴᠡ ᠲᠠᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠪᠡᠶᠡᠲᠦ ᠶᠢ ᠦᠢᠯᠡᠳᠪᠦᠷᠢᠯᠡᠳᠡᠭ᠃ ᠨᠸᠣᠳᠢᠮ ᠰᠣᠷᠢᠨᠵᠢᠨ ᠲᠡᠮᠦᠷ ᠪᠣᠯ ᠨᠸᠣᠳᠢᠮ᠂ ᠲᠡᠮᠦᠷ ᠪᠣᠯᠣᠨ ᠪᠤᠷ ᠢᠶᠠᠷ ᠦᠢᠯᠡᠳᠦᠭᠰᠡᠨ ᠲᠣᠭᠲᠠᠮᠠᠯ ᠰᠣᠷᠢᠨᠵᠢᠨ ᠪᠡᠶᠡᠲᠦ ᠪᠣᠯᠣᠨ᠎ᠠ᠂ ᠪᠤᠢ ᠪᠦᠬᠦᠢ ᠲᠣᠭᠲᠠᠮᠠᠯ ᠰᠣᠷᠢᠨᠵᠢᠨ ᠪᠡᠶᠡᠲᠦ  ᠶᠢᠨ ᠳᠣᠲᠣᠷᠠᠬᠢ ᠬᠠᠮᠤᠭ ᠤᠨ ᠥᠨᠳᠥᠷ ᠰᠣᠷᠢᠨᠵᠢᠨ ᠴᠢᠨᠠᠷ ᠲᠠᠢ ᠪᠠᠶᠢᠵᠤ᠂ ᠲᠡᠮᠦᠷ ᠤᠨ ᠬᠦᠴᠢᠯᠲᠥ᠋ᠷᠥᠭᠴᠢᠲᠦ ᠪᠡᠶᠡᠲᠦ᠂ ᠰᠠᠮᠠᠷᠢ ᠺᠣᠪᠠᠯᠲ᠂ ᠬᠥᠩᠭᠡᠨᠴᠠᠭᠠᠨ ᠨᠢᠺᠧᠯ ᠺᠣᠪᠠᠯᠲ ᠠᠴᠠ ᠪᠦᠷ ᠴᠢᠩᠭ᠎ᠠ ᠪᠠᠶᠢᠵᠤ᠂ ᠣᠳᠣ ᠦᠶ᠎ᠡ ᠶᠢᠨ ︽ᠲᠣᠭᠲᠠᠮᠠᠯ ᠰᠣᠷᠢᠨᠵᠢᠨ ᠤ ᠸᠠᠩ︾ ᠭᠡᠵᠦ ᠨᠡᠷᠡᠯᠡᠭᠳᠡᠪᠡ᠃ᠨᠸᠣᠳᠢᠮ ᠰᠣᠷᠢᠨᠵᠢᠨ ᠲᠡᠮᠦᠷ ᠪᠣᠯ ᠬᠠᠮᠤᠭ ᠪᠠᠭ᠎ᠠ ᠡᠵᠡᠯᠡᠭᠦᠨᠲᠦ ᠰᠣᠷᠢᠨᠵᠢᠨ ᠲᠡᠮᠦᠷ ᠢᠶᠠᠷ ᠪᠦᠷᠢᠯᠳᠦᠵᠦ᠂ ᠬᠠᠮᠤᠭ ᠶᠡᠭᠡ ᠰᠣᠷᠢᠨᠵᠢᠨ ᠴᠢᠳᠠᠪᠤᠷᠢ ᠶᠢ ᠬᠠᠩᠭᠠᠳᠠᠭ ᠂ ᠲᠡᠭᠦᠨᠴᠢᠯᠡᠨ ᠲᠡᠭᠦᠨ ᠤ ᠬᠤᠳᠠᠯᠳᠤᠭᠠᠨ ᠤ ᠦᠨ᠎ᠡ ᠨᠢ ᠪᠠᠰᠠ ᠲᠡᠶᠢᠮᠦ ᠥᠨᠳᠥᠷ ᠪᠢᠰᠢ᠂ ᠡᠶᠢᠮᠦᠷᠬᠦᠦ ᠲᠦᠢᠯ ᠤᠨ ᠴᠢᠨᠠᠷ ᠲᠠᠢ ᠦᠨ᠎ᠡ ᠶᠢᠨ ᠬᠠᠷᠢᠴᠠᠯ ᠤᠨ ᠲᠠᠸᠠᠷ ᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠰᠠᠶᠢᠨ ᠪᠠᠶᠢᠬᠤ ᠨᠢ ᠪᠠᠰᠠ ᠵᠦᠢ ᠶᠣᠰᠤᠨ ᠤ ᠪᠢᠰᠢ᠂ ᠡᠭᠦᠨ ᠤ ᠳᠣᠲᠣᠷ᠎ᠠ ᠨᠸᠣᠳᠢᠮ ᠲᠡᠮᠦᠷ ᠰᠣᠷᠢᠨᠵᠢᠨ ᠲᠡᠮᠦᠷ ᠤᠨ ᠵᠠᠬ᠎ᠠ ᠳᠡᠯᠭᠡᠭᠦᠷ ᠤᠨ ᠬᠡᠷᠡᠭᠰᠡᠬᠦ ᠬᠡᠮᠵᠢᠶ᠎ᠡ ᠨᠢ ᠵᠢᠯ ᠪᠦᠷᠢ 20% — 30% ᠪᠠᠷ ᠨᠡᠮᠡᠭᠳᠡᠵᠦ ᠪᠠᠶᠢᠭ᠎ᠠ ᠶᠤᠮ᠃        ᠬᠥᠮᠦᠨ ᠠᠮᠠ ᠶᠢᠨ ᠨᠡᠮᠡᠭᠳᠡᠯ ᠪᠠ ᠠᠵᠤ ᠦᠢᠯᠡᠳᠪᠦᠷᠢ ᠶᠢᠨ ᠬᠥᠭᠵᠢᠯᠲᠡ ᠠᠴᠠ ᠪᠣᠯᠵᠤ᠂ ᠳᠡᠯᠡᠬᠡᠶ ᠨᠡᠶᠢᠲᠡ ᠶᠢᠨ ᠬᠢᠨ ᠬᠤᠪᠣᠷ ᠰᠢᠷᠣᠶ ᠶᠢᠨ ᠡᠯᠧᠮᠧᠨ᠋ᠲ ᠪᠣᠯᠤᠨ ᠪᠤᠰᠤᠳ ᠵᠠᠩᠭᠢᠯᠠᠭ᠎ᠠ ᠶᠢᠨ ᠬᠤᠪᠣᠷ ᠴᠤᠬᠠᠭ ᠡᠬᠢ ᠪᠠᠶᠠᠯᠢᠭ ᠤᠨ ᠬᠡᠷᠡᠭᠴᠡᠭᠡ ᠶᠢᠨ ᠬᠡᠮᠵᠢᠶ᠎ᠡ ᠲᠦᠷᠭᠡᠨ ᠢᠶᠠᠷ ᠳᠡᠭᠡᠭᠰᠢᠯᠡᠵᠡᠶ᠃ ᠣᠶᠢᠷ᠎ᠠ ᠶᠢᠨ ᠵᠢᠯ ᠠᠴᠠ ᠨᠠᠭᠠᠰᠢ᠂ ᠡᠯ᠎ᠡ ᠤᠯᠤᠰ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠷᠠᠯᠲᠠ ᠳᠤ ᠪᠠᠨ ᠬᠦᠷᠬᠦ ᠶᠢᠨ ᠲᠥᠯᠥᠭᠡ᠂ ᠴᠡᠨᠡᠭ᠂ ᠥᠨᠳᠥᠷ ᠠᠰᠢᠭᠯᠠᠮᠵᠢᠲᠤ ᠴᠠᠬᠢᠯᠭᠠᠨ ᠬᠥᠳᠡᠯᠭᠡᠭᠦᠷ ᠂ ᠳᠠᠬᠢᠨ ᠡᠭᠦᠰᠬᠦᠶᠢᠴᠡ ᠡᠨᠧᠷᠭᠢ ᠪᠣᠯᠤᠨ ᠲᠦᠯᠡᠰᠢ ᠶᠢᠨ ᠴᠡᠨᠡᠭ ᠵᠡᠷᠭᠡ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ ᠡᠲᠡᠭᠡᠷ ᠮᠡᠷᠭᠡᠵᠢᠯ ᠳᠤ᠂ ᠲᠣᠭᠲᠠᠮᠠᠯ ᠰᠣᠷᠢᠨᠵᠢᠨ ᠪᠡᠶᠡᠲᠦ ᠨᠢ ᠦᠷᠭᠦᠯᠵᠢ ᠥᠨᠳᠥᠷ ᠠᠰᠢᠭᠯᠠᠮᠵᠢᠲᠤ ᠴᠠᠬᠢᠯᠭᠠᠨ ᠬᠥᠳᠡᠯᠭᠡᠭᠦᠷ ᠦᠢᠯᠡᠳᠬᠦ ᠳᠤ ᠬᠡᠷᠡᠭᠯᠡᠭᠳᠡᠳᠡᠭ᠂ ᠡᠭᠦᠨ ᠳᠤ ᠨᠸᠣᠳᠢᠮ ᠲᠡᠮᠦᠷ ᠪᠣᠷ ᠤᠨ ᠰᠣᠷᠢᠨᠵᠢᠨ ᠲᠡᠮᠦᠷ ᠪᠣᠯ ᠣᠳᠣᠬᠠᠨ ᠤ ᠬᠠᠮᠤᠭ ᠤᠨ ᠭᠤᠣᠯ ᠲᠣᠭᠲᠠᠮᠠᠯ ᠰᠣᠷᠢᠨᠵᠢᠨ ᠪᠡᠶᠡᠲᠦ ᠶᠢᠨ ᠲᠥᠷᠥᠯ ᠵᠦᠢᠯ ᠪᠣᠯᠤᠨ᠎ᠠ᠂ ᠬᠤᠯᠢᠮᠠᠭ ᠬᠥᠳᠡᠯᠭᠡᠬᠦ ᠬᠦᠴᠦᠨ ᠤ ᠮᠠᠰᠢᠨ ᠲᠡᠷᠭᠡ᠂ ᠴᠠᠬᠢᠯᠭᠠᠨ ᠴᠡᠨᠡᠭᠯᠡᠬᠦ ᠬᠡᠯᠪᠡᠷᠢ ᠶᠢᠨ ᠬᠤᠯᠢᠮᠠᠭ ᠬᠥᠳᠡᠯᠭᠡᠬᠦ ᠬᠦᠴᠦᠨ ᠤ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠲᠦᠯᠡᠰᠢᠨ ᠴᠡᠨᠡᠭ ᠤᠨ ᠮᠠᠰᠢᠨ ᠲᠡᠷᠭᠡ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ ᠭᠡᠷ ᠤᠨ ᠴᠠᠬᠢᠯᠭᠠᠨ ᠬᠡᠷᠡᠭᠰᠡᠯ᠂ ᠺᠣᠮᠫᠢᠦ᠋ᠲ᠋ᠧᠷ ᠵᠢᠴᠢ ᠮᠠᠰᠢ ᠣᠯᠠᠨ ᠵᠢᠵᠢᠭ ᠬᠡᠯᠪᠡᠷᠢ ᠶᠢᠨ ᠬᠡᠷᠡᠭᠯᠡᠭᠡᠨ ᠤ ᠡᠯᠧᠺᠲᠷᠣᠨ ᠦᠢᠯᠡᠳᠭᠦᠨ᠂ ᠵᠢᠱᠢᠶᠡᠯᠡᠪᠡᠯ ᠳᠠᠭᠤ ᠲᠣᠮᠣᠷᠠᠭᠤᠯᠤᠭᠴᠢ᠂ ᠲᠤᠰᠬᠠᠢ ᠮᠡᠷᠭᠡᠵᠢᠯ ᠤᠨ ᠳᠠᠭᠤ ᠲᠣᠳᠣᠷᠠᠭᠤᠯᠤᠭᠴᠢ ᠮᠠᠰᠢᠨ ᠵᠢᠴᠢ ᠺᠣᠮᠫᠢᠦ᠋ᠲ᠋ᠧᠷ ᠤᠨ ᠬᠠᠲᠠᠭᠤ ᠳ᠋ᠢᠰᠺ ᠵᠡᠷᠭᠡ ᠦᠢᠯᠡᠳᠭᠦᠨ ᠳᠤ ᠬᠡᠷᠡᠭᠯᠡᠨ᠎ᠡ᠃        ᠨᠸᠣᠳᠢᠮ ᠡᠯᠧᠮᠧᠨ᠋ᠲ ᠶᠢᠨ ᠬᠡᠷᠡᠭᠴᠡᠭᠡ — ᠨᠡᠮᠡᠯᠲᠡ ᠡᠳ᠋        ᠨᠸᠣᠳᠢᠮ ᠡᠯᠧᠮᠧᠨ᠋ᠲ ᠨᠢ ᠮᠠᠰᠢ ᠴᠢᠩᠭ᠎ᠠ ᠰᠣᠷᠢᠨᠵᠢᠨ ᠴᠢᠨᠠᠷ ᠪᠦᠬᠦᠢ ᠲᠠᠲᠠᠬᠤ ᠬᠦᠴᠦᠨ ᠲᠠᠢ ᠪᠣᠯᠬᠤᠷ ᠲᠡᠷᠡ ᠨᠢ ᠥᠩᠭᠡ ᠪᠤᠳᠤᠭ ᠤᠨ ᠲᠠᠯ᠎ᠠ ᠪᠠᠷ ᠴᠤ ᠶᠡᠷᠦ ᠪᠤᠰᠤ ᠶᠢᠨ ᠰᠠᠶᠢᠬᠠᠨ ᠪᠠᠶᠢᠳᠠᠭ᠃ ᠨᠸᠣᠳᠢᠮ ᠤᠨ ᠬᠢᠮᠢ ᠶᠢᠨ ᠨᠢᠭᠡᠳᠪᠦᠷᠢ ᠨᠢ ᠮᠠᠰᠢ ᠭᠤᠶᠤ᠂ ᠨᠸᠣᠳᠢᠮ ᠤᠨ ᠢᠰᠦᠯ ᠨᠢ ᠬᠠᠷ᠎ᠠ ᠬᠦᠷᠢᠨ ᠥᠩᠭᠡ ᠶᠢᠨ ᠬᠠᠲᠠᠭᠤ ᠪᠡᠶᠡᠲᠦ ᠶᠢᠨ ᠨᠤᠨᠳᠠᠭ ᠪᠣᠯᠣᠨ᠎ᠠ ︔ ᠬᠦᠬᠦᠷ ᠬᠦᠴᠢᠯ ᠤᠨ ᠨᠸᠣᠳᠢᠮ ᠨᠢ ᠶᠠᠭᠠᠨ ᠤᠯᠠᠭᠠᠨ ᠥᠩᠭᠡ ᠶᠢᠨ ᠲᠠᠯᠠᠰᠲᠤ ᠪᠣᠯᠣᠨ᠎ᠠ ︔ ᠠᠽᠣᠲ ᠬᠦᠴᠢᠯ ᠤᠨ ᠨᠸᠣᠳᠢᠮ ᠨᠢ ᠶᠠᠭᠠᠨ ᠤᠯᠠᠭᠠᠨ ᠥᠩᠭᠡ ᠶᠢᠨ ᠲᠠᠯᠠᠰᠲᠦ ᠪᠣᠯᠣᠨ᠎ᠠ᠃ ᠨᠸᠣᠳᠢᠮ ᠤᠨ ᠬᠢᠮᠢ ᠶᠢᠨ ᠨᠢᠭᠡᠳᠪᠦᠷᠢ ᠶᠢ 1927 ᠣᠨ ᠳᠤ ᠠᠩᠬ᠎ᠠ ᠤᠳᠠᠭ᠎ᠠ ᠬᠤᠳᠠᠯᠳᠤᠭᠠᠨ ᠳᠤ ᠰᠢᠯ ᠤᠨ ᠪᠤᠳᠤᠭ ᠪᠣᠯᠭᠠᠨ ᠬᠡᠷᠡᠭᠯᠡᠵᠦ ᠂ ᠣᠳᠣ ᠮᠥᠨ ᠴᠤ ᠰᠢᠯ ᠤᠨ ᠨᠡᠮᠡᠯᠲᠡ ᠡᠳ᠋ ᠢᠶᠠᠷ ᠳᠡᠯᠭᠡᠷᠡᠵᠦ ᠯᠡ ᠪᠠᠶᠢᠨ᠎ᠠ᠃        ᠨᠸᠣᠳᠢᠮ ᠡᠯᠧᠮᠧᠨ᠋ᠲ ᠤᠨ ᠬᠢᠮᠢ ᠶᠢᠨ ᠨᠢᠭᠡᠳᠪᠦᠷᠢ ᠨᠢ ᠮᠠᠰᠢ ᠣᠨᠴᠠᠭᠠᠢ ᠰᠠᠯᠢᠸ᠎ᠠ ᠴᠡᠴᠡᠭ ᠤᠨ ᠥᠩᠭᠡ ᠭᠠᠷᠭᠠᠵᠤ᠂ ᠡᠨᠡ ᠬᠦ ᠥᠩᠭᠡ ᠶᠢ ᠨᠢ ᠪᠤᠰᠤᠳ ᠡᠯᠧᠮᠧᠨ᠋ᠲ ᠤᠳ ᠭᠠᠷᠭᠠᠬᠤ ᠳᠤ ᠬᠦᠴᠢᠷ ᠪᠠᠶᠢᠳᠠᠭ᠃ ᠡᠶᠢᠮᠦ ᠠᠴᠠ ᠨᠸᠣᠳᠢᠮ ᠡᠯᠧᠮᠧᠨ᠋ᠲ ᠢ ᠰᠢᠯ᠂ ᠸᠠᠭᠠᠷ ᠱᠠᠭᠠᠵᠠᠩ ᠳᠤ ᠥᠷᠭᠡᠨ ᠢᠶᠠᠷ ᠬᠡᠷᠡᠭᠯᠡᠳᠡᠭ᠃ ᠨᠠᠷᠢᠯᠢᠭ ᠬᠢᠴᠡᠲᠡᠢ ᠠᠷᠢᠬᠢᠨ ᠴᠣᠮᠣ᠂ ᠤᠷᠠᠯᠢᠭ ᠤᠨ ᠪᠦᠲᠦᠭᠡᠯ ᠂ ᠱᠠᠭᠠᠵᠠᠩ ᠬᠡᠷᠡᠭᠰᠡᠯ ᠤᠨ ᠠᠯᠢᠨ ᠨᠢ ᠴᠤ ᠨᠸᠣᠳᠢᠮ ᠡᠯᠧᠮᠧᠨ᠋ᠲ ᠢ ᠨᠡᠮᠡᠬᠦ ᠳᠤ ᠯᠡ ᠬᠦᠷᠪᠡᠯ ᠲᠡᠳᠡ ᠪᠦᠷ ᠥᠪᠡᠷᠮᠢᠴᠡ ᠰᠠᠯᠢᠸ᠎ᠠ ᠴᠡᠴᠡᠭ ᠤᠨ ᠥᠩᠭᠡ ᠪᠠᠨ ᠰᠠᠴᠤᠷᠠᠭᠤᠯᠤᠨ᠎ᠠ᠃︵ᠨᠸᠣᠳᠢᠮ ᠤᠨ ᠬᠢᠮᠢ ᠶᠢᠨ ᠨᠢᠭᠡᠳᠪᠦᠷᠢ ᠶᠢ ᠠᠭᠤᠯᠤᠭᠰᠠᠨ ᠰᠢᠯ ᠤᠨ ᠪᠦᠲᠦᠭᠡᠭᠳᠡᠬᠦᠨ ᠢ ᠪᠠᠭᠲᠠᠭᠠᠨ᠎ᠠ︶        ᠨᠸᠣᠳᠢᠮ ᠢ ᠪᠠᠰᠠ ᠥᠩᠭᠡᠲᠦ ᠲᠡᠮᠦᠷᠯᠢᠭ ᠤᠨ ᠮᠠᠲ᠋ᠧᠷᠢᠶᠠᠯ ᠳᠤ ᠬᠡᠷᠡᠭᠯᠡᠳᠡᠭ᠃ ᠮᠠᠭᠨᠢ ᠪᠤᠶᠤ ᠬᠥᠩᠭᠡᠨᠴᠠᠭᠠᠨ ᠤ ᠬᠠᠶᠢᠯᠤᠰᠢ ᠳᠤ 1.5 — 2.5% ᠪᠠᠷ ᠨᠡᠮᠡᠵᠦ᠂ ᠬᠠᠶᠢᠯᠤᠰᠢ ᠶᠢᠨ ᠬᠠᠯᠠᠭᠤᠨ ᠤ ᠲᠡᠰᠪᠦᠷᠢᠲᠦ ᠴᠢᠨᠠᠷ ᠂ ᠨᠢᠭᠲᠠᠴᠠ ᠪᠠ ᠢᠳᠡᠭᠳᠡᠯ ᠳᠤ ᠳᠠᠭᠠᠭᠠᠮᠠᠭᠠᠢ ᠴᠢᠨᠠᠷ ᠢ ᠨᠢ ᠳᠡᠭᠡᠭᠰᠢᠯᠡᠭᠦᠯᠵᠦ᠂ ᠠᠭᠠᠷ ᠰᠠᠨᠰᠠᠷ ᠤᠨ ᠠᠶᠠᠯᠠᠯ ᠤᠨ ᠮᠠᠲ᠋ᠧᠷᠢᠶᠠᠯ ᠳᠤ ᠥᠷᠭᠡᠨ ᠢᠶᠠᠷ ᠬᠡᠷᠡᠭᠯᠡᠳᠡᠭ᠃ ᠡᠭᠦᠨ ᠠᠴᠠ ᠭᠠᠳᠠᠨ᠎ᠠ᠂ ᠨᠸᠣᠳᠢᠮ ᠬᠤᠯᠢᠭᠰᠠᠨ ᠢᠲᠷᠢ ᠬᠥᠩᠭᠡᠨᠴᠠᠭᠠᠨ ᠤ ᠠᠨᠠᠷ ᠨᠢ ᠪᠣᠭᠤᠨᠢ ᠳᠣᠯᠭᠢᠶᠠᠨ ᠤ ᠯᠠᠶᠢᠰᠧᠷ ᠪᠠᠭᠴᠠ ᠶᠢ ᠡᠭᠦᠰᠬᠡᠵᠦ᠂ ᠠᠵᠤ ᠦᠢᠯᠡᠳᠪᠦᠷᠢ ᠳᠡᠭᠡᠷ᠎ᠡ 10mm ᠠᠴᠠ ᠳᠤᠷᠤᠭᠰᠢᠬᠢ ᠨᠢᠮᠭᠡᠨ ᠮᠠᠲ᠋ᠧᠷᠢᠶᠠᠯ ᠢ ᠭᠠᠩᠨᠠᠬᠤ ᠪᠠ ᠵᠣᠷᠭᠤᠬᠤ ᠳᠤ ᠥᠷᠭᠡᠨ ᠢᠶᠠᠷ ᠬᠡᠷᠡᠭᠯᠡᠳᠡᠭ᠃ ᠡᠮᠴᠢᠯᠡᠭᠡ ᠳᠡᠭᠡᠷ᠎ᠡ ᠨᠸᠣᠳᠢᠮ ᠢᠲᠷᠢ ᠬᠥᠩᠭᠡᠨᠴᠠᠭᠠᠨ ᠤ ᠠᠨᠠᠷ ᠴᠢᠯᠠᠭᠤᠨ ᠯᠠᠶᠢᠰᠧᠷ ᠮᠠᠰᠢᠨ ᠢᠶᠠᠷ ᠮᠡᠰᠡ ᠵᠠᠰᠠᠯ ᠤᠨ ᠬᠢᠲᠤᠭ᠎ᠠ ᠶᠢ ᠣᠷᠣᠯᠠᠭᠤᠯᠤᠨ ᠮᠡᠰᠡ ᠵᠠᠰᠠᠯ ᠰᠢᠷᠬ᠎ᠠ ᠶᠢ ᠠᠷᠢᠭᠤᠳᠬᠠᠬᠤ ᠳᠤ ᠬᠡᠷᠡᠭᠯᠡᠨ᠎ᠡ᠃        ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠳᠠᠭᠠᠯᠳᠤᠨ᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠤ ᠥᠷᠭᠡᠳᠭᠡᠯ ᠪᠠ ᠤᠷᠳᠤᠳᠬᠠᠯ  ᠢ ᠳᠠᠭᠠᠯᠳᠤᠨ᠂ ᠨᠸᠣᠳᠢᠮ ᠡᠯᠧᠮᠧᠨ᠋ᠲ ᠨᠢ ᠨᠡᠩ ᠥᠷᠭᠡᠨ ᠠᠭᠤᠳᠠᠮ ᠠᠰᠢᠭᠯᠠᠯᠲᠠ ᠶᠢᠨ ᠣᠷᠣᠨ ᠵᠠᠢ ᠲᠠᠢ ᠪᠣᠯᠬᠤ ᠪᠣᠯᠤᠨ᠎ᠠ᠂ ᠥᠨᠥᠳᠥᠷ ᠨᠸᠣᠳᠢᠮ ᠡᠯᠧᠮᠧᠨ᠋ᠲ ᠤᠨ ᠲᠤᠬᠠᠢ ᠡᠳᠦᠢ ᠶᠠᠷᠢᠶ᠎ᠠ᠂ ᠳᠠᠷᠠᠭ᠎ᠠ ᠶᠢᠨ ᠳ᠋ᠤᠭᠠᠷ ᠲᠤ ᠲᠠᠨ ᠳᠤ ᠬᠤᠪᠣᠷ ᠰᠢᠷᠣᠢ ᠶᠢᠨ ᠡᠯᠧᠮᠧᠨ᠋ᠲ ᠪᠣᠯᠬᠤ ᠫᠷᠦᠮᠧᠲ ᠡᠯᠧᠮᠧᠨ᠋ᠲ ᠢ ᠲᠠᠶᠢᠯᠪᠤᠷᠢᠯᠠᠶ᠎ᠠ᠃ 
ᠢᠷᠡᠯᠲᠡ᠄ ᠪᠠᠶᠠᠠᠠᠤᠪᠤᠭ᠎ᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ