︽ᠲᠠᠨ ᠢ ᠰᠡᠳᠬᠢᠯ ᠬᠠᠨᠤᠮᠵᠢᠲᠠᠶ ᠪᠠᠶᠢᠯᠭᠠᠬᠤ︾᠂ ︽ᠲᠠᠨ ᠢ ᠰᠠᠨᠠᠭ᠎ᠠ ᠠᠮᠤᠷ ᠪᠠᠶᠢᠯᠭᠠᠬᠤ︾ — ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠪᠣᠶ ᠪᠣᠯᠭᠠᠬᠤ ᠲᠤᠬᠠᠶ ᠠᠷᠭ᠎ᠠ ᠬᠡᠮᠵᠢᠶ᠎ᠡ ᠨᠦᠭᠦᠳ
ᠨᠡᠶᠢᠲᠡᠯᠡᠭᠰᠡᠨ ᠴᠠᠭ᠄
2024/7/4
    ᠪᠤᠭᠤᠲᠤ ᠬᠤᠲᠠ ᠶᠢᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠬᠠᠮᠤᠭ ᠤᠨ ᠲᠥᠬᠦᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠮᠤᠭ ᠤᠨ ᠥᠨᠳᠥᠷ ᠪᠦᠲᠦᠮᠵᠢᠲᠡᠶ ᠂ ᠠᠵᠤ ᠦᠢᠯᠡᠰ ᠤᠨ ᠠᠮᠢ ᠠᠬᠤᠶ ᠬᠠᠮᠤᠭ ᠤᠨ ᠲᠡᠭᠦᠯᠳᠡᠷ᠂ ᠬᠠᠤᠯᠢ ᠪᠠᠷ ᠵᠠᠰᠬᠠᠤ ᠪᠠᠲᠤᠯᠠᠭ᠎ᠠ ᠬᠠᠮᠤᠭ ᠤᠨ ᠬᠦᠴᠦᠲᠡᠶ᠂ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠬᠠᠮᠤᠭ ᠤᠨ ᠪᠦᠷᠢᠨ ᠲᠡᠭᠦᠯᠳᠡᠷ ︽ᠲᠠᠪᠤᠨ ᠬᠠᠮᠤᠭ︾ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ︽ᠲᠠᠨ ᠢ ᠰᠡᠳᠬᠢᠯ ᠬᠠᠨᠤᠮᠵᠢᠲᠠᠶ ᠪᠠᠶᠢᠯᠭᠠᠬᠤ᠂ ᠲᠠᠨ ᠢ ᠰᠠᠨᠠᠭ᠎ᠠ ᠠᠮᠤᠷ ᠪᠠᠶᠢᠯᠭᠠᠬᠤ︾ ᠬᠤᠲᠠ ᠶᠢᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ᠣᠨᠴᠠᠭᠠᠶᠢᠯᠠᠨ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠄    ᠨᠢᠭᠡ᠂ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠬᠠᠮᠤᠭ ᠤᠨ ᠳᠦᠭᠦᠮᠯᠡᠬᠦ ᠶᠢ ᠪᠡᠶᠡᠯᠡᠭᠦᠯᠦᠨ᠎ᠡ᠃    ︵ᠨᠢᠭᠡ︶ ᠰᠢᠨ᠎ᠡ ᠶᠢ ᠡᠭᠦᠳᠬᠦ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ    1. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠦᠨᠡᠯᠡᠵᠦ ᠬᠦᠮᠦᠷᠭᠡ ᠳᠤ ᠤᠷᠤᠭᠤᠯᠬᠤ ᠠᠵᠢᠯ ᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ    2. ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠰᠢᠨ᠎ᠡ ᠶᠢ ᠡᠭᠦᠳᠬᠦ ᠲᠠᠪᠴᠠᠩ ᠢ ᠪᠤᠶᠢᠵᠢᠭᠤᠯᠤᠨ ᠳᠡᠰ ᠳᠡᠪᠰᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠎ᠠ    3. ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠤᠨ᠎ᠠ    ︵ᠬᠤᠶᠠᠷ︶ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠠᠬᠢᠭᠤᠯᠤᠯᠲᠠ ᠶᠢ ᠡᠷᠴᠢᠮᠵᠢᠭᠦᠯᠦᠨ᠎ᠡ    1. ᠲᠤᠰᠬᠠᠶ ᠠᠰᠢᠭ ᠤᠨ ᠡᠷᠬᠡᠲᠦ ᠬᠥᠮᠦᠨ ᠢ ᠬᠥᠲᠥᠯᠥᠨ ᠵᠢᠯᠣᠭᠤᠳᠴᠤ ᠪᠠᠶᠢᠭᠠᠳ ︽ᠨᠢᠭᠡ ᠳᠤ ᠣᠯᠠᠨ︾ ᠨᠡᠭᠡᠭᠡᠯᠲᠡ ᠬᠢᠬᠦ ᠵᠥᠪᠰᠢᠶᠡᠷᠡᠯ ᠢ ᠬᠡᠷᠡᠭᠵᠢᠭᠦᠯᠦᠨ᠎ᠡ    2. ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠨᠵᠢᠯᠠᠵᠤ ᠪᠡᠯᠡ ᠲᠣᠬᠢᠷᠠᠭᠤᠯᠬᠤ ᠲᠥᠭᠰᠢᠭᠦᠷᠢ ᠶᠢ ᠬᠤᠪᠢᠳᠠᠨ ᠡᠭᠦᠷᠭᠡᠯᠡᠬᠦ ᠪᠠ ᠨᠦᠬᠦᠪᠦᠷᠢᠯᠡᠬᠦ ᠵᠣᠬᠢᠴᠠᠮᠵᠢ ᠶᠢ ᠰᠦᠪᠡᠭᠴᠢᠯᠡᠨ᠎ᠡ    3. ᠰᠢᠨ᠎ᠡ ᠡᠨᠧᠷᠭᠢ ᠶᠢᠨ ᠠᠵᠤ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠶᠡᠷᠦᠩᠬᠡᠶᠢᠯᠡᠨ ᠬᠡᠷᠡᠭᠯᠡᠬᠦ ᠲᠦᠪᠰᠢᠨ ᠢ ᠳᠡᠭᠡᠭᠰᠢᠯᠡᠭᠦᠯᠦᠨ᠎ᠡ    4. ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ    5. ᠪᠤᠭᠤᠲᠤ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠣᠶᠣᠨᠲᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠳᠡᠯᠭᠡᠷᠡᠭᠦᠯᠦᠨ᠎ᠡ    6. ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠬᠡᠪᠴᠢᠶ᠎ᠡ ᠶᠢ ᠥᠷᠭᠡᠳᠭᠡᠨ᠎ᠡ    7. ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠶ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠲᠠᠰᠤᠯᠤᠨ ᠲᠣᠭᠲᠠᠭᠠᠬᠤ ᠠᠵᠢᠯ ᠤᠨ ᠴᠢᠳᠠᠪᠤᠷᠢ ᠪᠠ ᠬᠡᠮᠵᠢᠶ᠎ᠡ ᠶᠢ ᠳᠡᠭᠡᠭᠰᠢᠯᠡᠭᠦᠯᠦᠨ᠎ᠡ    8. ᠡᠵᠡᠩᠨᠡᠯᠲᠡ ᠶᠢᠨ ᠭᠤᠤᠯ ᠴᠣᠭᠴᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ    ︵ᠭᠤᠷᠪᠠ︶ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠨ᠎ᠠ    1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ    2. ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠴᠢᠩᠭᠠᠳᠬᠠᠨ᠎ᠠ    3. ︽ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ︵2023 ᠬᠡᠪᠯᠡᠯ︶︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ    4. ᠣᠷᠣᠨ ᠨᠤᠲᠤᠭ ᠤᠨ ᠣᠨᠴᠠᠯᠢᠭ ᠲᠠᠢ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠢᠳᠡᠪᠬᠢᠲᠡᠢ ᠪᠤᠶᠢᠵᠢᠭᠤᠯᠤᠨ ᠡᠭᠦᠳᠦᠨ᠎ᠡ    5. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠶᠢᠨ ᠪᠣᠯᠵᠣᠨ ᠦᠢᠯᠡᠴᠢᠯᠡᠬᠦ ᠬᠠᠩᠭᠠᠯᠭ᠎ᠠ ᠶᠢ ᠨᠡᠮᠡᠭᠳᠡᠭᠦᠯᠦᠨ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ    6. ᠡᠭᠦᠳᠡᠨ ᠡᠮᠨᠡᠯᠭᠡ ᠶᠢᠨ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠥᠪ︾ ᠢ ᠪᠠᠶᠢᠭᠤᠯᠤᠨ᠎ᠠ    7. ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ᠂ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠤᠨ᠎ᠠ    8. ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠦᠯᠵᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ    ︵ᠲᠦᠷᠪᠡ︶ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ᠎ᠡ    1. ᠤᠳᠤᠷᠢᠳᠬᠤ ᠺᠠᠳ᠋ᠷ ᠤᠨ ᠠᠵᠤ ᠠᠬᠤᠶᠢᠯᠠᠯ ᠲᠠᠢ ᠬᠠᠷᠢᠯᠴᠠᠬᠤ ᠳᠦᠷᠢᠮ ᠢ ᠪᠦᠷᠢᠨᠰᠢᠭᠦᠯᠦᠨ᠎ᠡ    2. ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠵᠢᠯ ᠤᠨ ᠵᠣᠬᠢᠴᠠᠮᠵᠢ ᠶᠢ ᠲᠣᠭᠲᠠᠭᠠᠨ᠎ᠠ    3. ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠤᠨ᠎ᠠ    ᠬᠤᠶᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠤᠭ ᠤᠨ ᠥᠨᠳᠥᠷ ᠦᠷ᠎ᠡ ᠪᠦᠲᠦᠮᠵᠢ ᠶᠢ ᠪᠡᠶᠡᠯᠡᠭᠦᠯᠦᠨ᠎ᠡ    ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠴᠢᠩᠭᠠᠷᠠᠭᠤᠯᠤᠨ᠎ᠠ     1. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ    2. ︽ᠮᠦᠩᠭᠡ ᠰᠤᠪᠠᠭ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠳᠠᠬᠢᠨ ᠲᠠᠰ ᠳᠡᠪᠰᠢᠭᠦᠯᠬᠦ ᠶᠢ ᠠᠬᠢᠭᠤᠯᠤᠨ᠎ᠠ    3. ᠲᠤᠭ᠎ᠠ ᠪᠠᠷᠢᠮᠲᠠ ᠶᠢᠨ ᠬᠠᠮᠲᠤ ᠳᠤ ᠪᠠᠨ ᠡᠳ᠋ᠯᠡᠵᠦ ᠬᠡᠷᠡᠭᠯᠡᠬᠦ ᠶᠢ ᠴᠢᠩᠭᠠᠳᠬᠠᠨ᠎ᠠ    ︵ᠬᠤᠶᠠᠷ︶ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯᠯᠠᠭᠠᠨ ᠤ ᠬᠠᠮᠢᠶᠠᠷᠤᠯᠲᠠ ᠶᠢᠨ ᠵᠣᠬᠢᠴᠠᠮᠵᠢ ᠶᠢ ᠲᠡᠭᠦᠯᠳᠡᠷᠵᠢᠭᠦᠯᠦᠨ᠎ᠡ    1. ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠯᠡ ᠤᠲᠠᠰᠤ ᠪᠠᠷ ᠬᠠᠷᠢᠭᠤᠯᠬᠤ︾ ᠶᠢ ᠠᠬᠢᠭᠤᠯᠤᠨ᠎ᠠ     2. ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠵᠠᠷᠭᠤ ᠶᠢᠨ ᠠᠷᠭ᠎ᠠ ᠵᠠᠮ ᠢ ᠰᠢᠯᠤᠭᠤᠳᠬᠠᠨ᠎ᠠ    3. ᠲᠤᠭ᠎ᠠ ᠪᠡᠷᠢᠮᠳᠡ ᠶᠢᠨ ᠵᠠᠳᠡᠯᠥᠯᠳᠡ ᠪᠠ ᠰᠣᠳᠣᠯᠥᠨ ᠮᠠᠭᠠᠳᠯᠠᠯᠲᠠ ᠶᠢ ᠴᠢᠩᠭᠠᠳᠬᠠᠨ᠎ᠠ    4. ᠲᠣᠬᠠᠶᠢᠯᠬᠠᠰᠠᠨ ᠠᠵᠢᠯ ᠤᠨ ᠪᠤᠯᠪᠠᠰᠣᠷᠡᠯ ᠪᠠ ᠣᠬᠠᠭᠤᠯᠥᠨ ᠬᠦᠳᠦᠯᠥᠨ ᠵᠢᠯᠥᠭᠤᠳᠬᠤ ᠶᠢ ᠴᠢᠩᠭᠠᠷᠡᠭᠤᠯᠥᠨ᠎ᠠ    ︵ᠭᠤᠷᠪᠠ︶ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ    1. ᠵᠠᠬ᠎ᠠ ᠳᠡᠯᠭᠡᠭᠦᠷ ᠲᠤ ᠣᠷᠤᠬᠤ ᠶᠢ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ    2. ᠬᠤᠪᠢ ᠠᠴᠠ ᠠᠵᠤ ᠠᠬᠤᠶᠢᠯᠠᠯ ᠪᠣᠯᠭᠠᠬᠤ ᠥᠭᠡᠷᠡᠴᠢᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ    3. ︽ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ︾ ᠰᠢᠨ᠎ᠡ ᠵᠠᠭᠪᠤᠷ ᠢ ᠬᠡᠷᠡᠭᠵᠢᠭᠦᠯᠦᠨ᠎ᠡ    4. ᠣᠨ ᠤ ᠮᠡᠳᠡᠭᠦᠯᠦᠯᠲᠡ ᠶᠢᠨ ᠦᠢᠯᠡᠴᠢᠯᠡᠭᠡᠨ ᠤ ᠠᠵᠢᠯ ᠤᠨ ᠵᠣᠬᠢᠴᠠᠮᠵᠢ ᠶᠢ ᠲᠡᠭᠦᠯᠳᠡᠷᠵᠢᠭᠦᠯᠦᠨ᠎ᠡ    5. ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠪᠴᠤᠤ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠪᠠᠲᠤᠯᠠᠨ᠎ᠠ    6. ︽ᠨᠢᠭᠡ ᠦᠨᠡᠮᠯᠡᠯ ᠳᠤ ᠤᠯᠠᠨ ᠬᠠᠶ᠋ᠢᠭ ᠲᠠᠢ︾ ᠪᠠᠶᠢᠬᠤ ᠥᠭᠡᠷᠡᠴᠢᠯᠡᠯᠲᠡ ᠶᠢ ᠳᠡᠯᠭᠡᠷᠡᠭᠦᠯᠦᠨ᠎ᠡ    7. ᠠᠵᠤ ᠠᠬᠤᠶᠢᠯᠠᠯ ᠤᠨ ᠳᠠᠩᠰᠠ ᠡᠪᠬᠡᠮᠡᠯ ᠢ ᠨᠢᠭᠡ ᠯᠡ ᠤᠳᠠᠭ᠎ᠠ ᠳᠤ ᠰᠢᠯᠵᠢᠭᠦᠯᠦᠨ᠎ᠡ    ︵ᠲᠦᠷᠪᠡ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ    1. ᠭᠡᠷ ᠪᠠᠶᠢᠰᠢᠩ ᠤᠨ ᠪᠠᠷᠢᠯᠭ᠎ᠠ ᠪᠠ ᠬᠤᠳᠡ ᠶᠢᠨ ᠰᠠᠭᠤᠷᠢ ᠲᠥᠬᠦᠭᠡᠷᠦᠮᠵᠢ ᠵᠡᠷᠭᠡ ᠪᠡᠷᠢᠯᠭ᠎ᠠ ᠶᠢᠨ ᠪᠦᠳᠦᠭᠡᠨ ᠪᠠᠶᠢᠭᠤᠯᠥᠯᠳᠡ ᠶᠢᠨ ᠲᠦᠰᠦᠯ ᠤᠨ ᠬᠢᠨᠡᠨ ᠵᠦᠪᠰᠢᠶᠡᠷᠡᠬᠦ ᠶᠢᠨ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠦᠭᠦᠮᠴᠢᠯᠡᠬᠦ ᠶᠢ ᠠᠬᠢᠭᠤᠯᠥᠨ᠎ᠠ    2. ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ    3. ᠪᠠᠷᠢᠯᠭ᠎ᠠ ᠶᠢᠨ ᠠᠵᠢᠯ ᠤᠨ ᠭᠡᠷᠡᠴᠢ ᠦᠨᠡᠮᠯᠡᠯ ᠢ ᠡᠯᠧᠺᠳ᠋ᠷᠣᠨᠴᠢᠯᠡᠬᠦ ᠶᠢ ᠠᠬᠢᠭᠤᠯᠤᠨ᠎ᠠ    4. ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠰᠦᠯ ᠤᠨ ᠬᠢᠨᠠᠨ ᠵᠥᠪᠰᠢᠶᠡᠷᠡᠬᠦ ᠵᠦᠢᠯ ᠭᠤᠶᠤᠴᠢᠯᠠᠬᠤ ᠬᠦᠰᠦᠨᠦᠭᠲᠦ ᠶᠢ ᠡᠮᠬᠢᠯᠡᠨ ᠲᠢᠭᠯᠡᠨ᠎ᠡ    ︵ᠲᠠᠪᠤ︶ ᠳᠠᠩᠰᠠᠯᠠᠨ ᠲᠡᠮᠳᠡᠭᠯᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠰᠢᠯᠢᠳᠡᠭᠵᠢᠭᠦᠯᠦᠨ᠎ᠡ    1. ᠡᠵᠡᠩᠨᠡᠯᠲᠡ ᠶᠢᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ    2. ᠦᠯᠦ ᠬᠦᠳᠡᠯᠬᠦ ᠬᠦᠷᠦᠩᠭᠡ ᠶᠢᠨ ᠠᠷᠠᠯᠵᠢᠶ᠎ᠠ ᠶᠢ ᠳᠠᠩᠰᠠᠯᠠᠨ ᠲᠡᠮᠲᠡᠭᠯᠡᠬᠦ ᠶᠢᠨ ᠬᠢᠨᠠᠯᠲᠠ ᠬᠠᠮᠢᠶᠠᠷᠤᠯᠲᠠ ᠶᠢᠨ ᠳᠥᠷᠢᠮ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ    3. ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠪᠠ ᠬᠡᠷ ᠪᠠᠶᠢᠰᠢᠩ ᠲᠠᠲᠠᠪᠤᠷᠢᠯᠠᠬᠤ ᠲᠤᠬᠠᠶᠢᠯᠠᠭᠰᠠᠨ ᠠᠵᠢᠯ ᠤᠨ ᠭᠦᠨᠵᠡᠭᠡᠶ ᠬᠠᠮᠲᠤᠷᠠᠨ ᠠᠵᠢᠯᠯᠠᠬᠤ ᠲᠤᠷᠰᠢᠯᠲᠠ ᠶᠢ ᠥᠷᠨᠢᠭᠦᠯᠦᠨ᠎ᠡ    4. ᠨᠢᠭᠡ ᠭᠠᠵᠠᠷ ᠲᠤ ᠨᠢᠭᠡ ᠨᠣᠮᠧᠷ ᠤᠨ ᠳᠦᠷᠢᠮ ᠢ ᠬᠡᠷᠡᠭᠵᠢᠭᠦᠯᠦᠨ᠎ᠡ 5. ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠰᠢᠯᠵᠢᠭᠦᠯᠦᠨ ᠵᠢᠭᠡᠯᠡᠭᠦᠯᠬᠦ ︵ᠥᠩᠭᠡᠷᠡᠭᠦᠯᠬᠦ︶ ᠪᠡᠯᠡ ᠮᠦᠩᠭᠦ ᠶᠢᠨ ᠦᠪᠡᠷ ᠤᠨ ᠦᠷᠲᠡᠭ ᠢ ᠪᠠᠭᠤᠷᠠᠭᠤᠯᠤᠨ᠎ᠠ    6. ᠭᠡᠷ ᠪᠠᠶᠢᠰᠢᠩ ᠬᠤᠳᠠᠯᠳᠣᠨ ᠠᠪᠤᠠᠠᠴᠢ ᠶᠢᠨ ᠡᠷᠬᠡ ᠠᠰᠢᠭ ᠢ ᠪᠠᠳᠣᠯᠠᠨ᠎ᠠ    ︵ᠵᠢᠷᠭᠤᠭ᠎ᠠ︶ ᠥᠯᠥ ᠬᠥᠳᠡᠯᠬᠦ ᠬᠥᠷᠥᠩᠭᠡ ᠶᠢᠨ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ    1. ︽ᠺᠣᠮᠫᠢᠦ᠋ᠲ᠋ᠧᠷ ᠢᠶᠠᠷ ᠪᠠᠷᠢᠴᠠᠭᠠᠯᠠᠬᠤ︾ ᠦᠢᠯᠡᠴᠢᠯᠡᠭᠡ ᠶᠢ ᠰᠢᠯᠢᠳᠡᠭᠵᠢᠭᠦᠯᠦᠨ᠎ᠡ    2. ᠦᠯᠦ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠴᠢᠬᠤᠯᠠ ᠨᠥᠬᠦᠴᠡᠯ ᠤᠨ ᠮᠡᠳᠡᠭᠡ ᠵᠠᠩᠭᠢ ᠶᠢ ᠬᠠᠮᠲᠤ ᠪᠠᠷ ᠬᠡᠷᠡᠭᠵᠢᠭᠦᠯᠦᠨ᠎ᠡ     3. ᠦᠯᠡᠳᠡᠭᠡᠯ ᠣᠷᠣᠨ ᠰᠠᠭᠤᠴᠠ ᠶᠢ ᠦᠨᠡᠯᠡᠨ ᠵᠢᠱᠢᠬᠦ ᠦᠨ᠎ᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ    ︵ᠳᠤᠯᠤᠭ᠎ᠠ︶ ᠭᠠᠶᠢᠯᠢ ᠭᠦᠢᠴᠡᠳᠭᠡᠬᠦ ᠳᠤ ᠳᠦᠭᠦᠮᠯᠡᠬᠦ ᠬᠡᠮᠵᠢᠶ᠎ᠡ ᠶᠢ ᠳᠡᠭᠡᠭᠰᠢᠯᠡᠭᠦᠯᠦᠨ᠎ᠡ    1. ᠭᠠᠶᠢᠯᠢ ᠲᠠᠲᠠᠪᠤᠷᠢ ᠶᠢ ᠲᠠᠲᠠᠪᠤᠷᠢᠯᠠᠨ ᠲᠤᠰᠢᠶᠠᠬᠤ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠮᠡᠳᠡᠭᠡ ᠵᠠᠩᠭᠢ ᠶᠢ ᠬᠠᠮᠲᠤ ᠳᠤ ᠪᠠᠨ ᠡᠳ᠋ᠯᠡᠬᠦ ᠶᠢ ᠭᠦᠨᠵᠡᠭᠡᠶ ᠠᠬᠢᠭᠤᠯᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠨ ᠲᠡᠮᠳᠡᠭᠯᠡᠬᠦ ᠪᠠ ᠭᠠᠶᠢᠯᠢ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ    2. ᠭᠠᠶᠢᠯᠢ ᠲᠣᠰᠢᠶ᠋ᠬᠠᠥ ᠦᠢᠯᠡᠴᠢᠯᠡᠭᠡ ᠪᠠ ᠬᠢᠨᠡᠯᠳᠡ ᠬᠠᠮᠢᠶᠡᠷᠦᠯᠳᠡ ᠶᠢᠨ ᠭᠡᠮᠵᠢᠶ᠎ᠠ ᠶᠢ ᠳᠡᠭᠡᠭᠰᠢᠯᠡᠬᠦᠯᠦᠨ᠎ᠡ    3. ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠰᠢᠯᠢᠳᠡᠭᠵᠢᠭᠦᠯᠦᠨ᠎ᠡ    ︵ᠨᠠᠢᠮᠠ︶ ᠬᠢᠯᠢ ᠠᠯᠤᠰᠯᠠᠭᠰᠠᠨ ᠠᠷᠠᠯᠵᠢᠶ᠎ᠠ ᠶᠢ ᠳᠦᠭᠦᠮᠯᠡᠬᠦ ᠦᠢᠯᠡᠴᠢᠯᠡᠭᠡᠨ ᠤ ᠬᠡᠯᠬᠢᠶ᠎ᠡ ᠶᠢ ᠭᠦᠨᠵᠡᠭᠡᠶᠢᠷᠡᠭᠦᠯᠦᠨ᠎ᠡ    1. ᠭᠠᠳᠠᠭᠠᠳᠤ ᠨᠡᠭᠡᠭᠡᠯᠲᠡ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ    2. ᠬᠢᠯᠢ ᠠᠯᠥᠰᠯᠬᠠᠰᠠᠨ ᠡᠯᠧᠺᠳ᠋ᠷᠣᠨ ᠬᠤᠳᠠᠯᠳᠣᠭᠠᠨ ᠤ ᠦᠢᠯᠡᠴᠢᠯᠡᠭᠡᠨ ᠤ ᠬᠦᠴᠣᠨ ᠴᠢᠳᠡᠪᠦᠷᠢ ᠶᠢ ᠳᠡᠭᠡᠭᠰᠢᠯᠡᠬᠦᠯᠥᠨ᠎ᠠ    3. ᠠᠵᠤ ᠠᠬᠤᠶᠢᠯᠠᠯ ᠤᠨ ᠭᠠᠷᠴᠤ ᠶᠠᠪᠤᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ    4. ᠪᠣᠭᠤᠮᠲᠠ ᠥᠩᠭᠡᠷᠡᠬᠦ ᠵᠠᠭᠪᠤᠷ ᠢ ᠰᠢᠯᠢᠳᠡᠭᠵᠢᠭᠦᠯᠦᠨ᠎ᠡ 5. ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠳᠤ ᠪᠦᠬᠦᠯᠢ ᠡᠳᠦᠷ ᠢᠶᠠᠷ ᠦᠢᠯᠡᠴᠢᠯᠡᠨ᠎ᠡ    ︵ᠶᠢᠰᠦ︶ ᠪᠣᠬᠢᠷᠲᠤᠯ ᠦᠭᠡᠢ ᠬᠤᠳᠠᠯᠳᠤᠨ ᠠᠪᠬᠤ ᠶᠢ ᠨᠠᠢᠳᠠᠪᠤᠷᠢᠵᠢᠭᠤᠯᠤᠨ᠎ᠠ    1. ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠭᠰᠠᠨ ᠬᠤᠯᠪᠣᠭᠳᠠᠯ ᠪᠥᠬᠦᠶ ᠪᠠᠬᠢᠯᠡᠯᠲᠡ ᠶᠢ ᠦᠷᠭᠦᠯᠵᠢᠯᠡᠨ ᠢᠯᠭᠠᠷᠠᠭᠤᠯᠵᠤ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠤᠨ᠎ᠠ    2. ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠡᠳ᠋ᠯᠡᠬᠦ ᠶᠢ ᠭᠦᠨᠵᠡᠭᠡᠶᠢᠷᠡᠭᠦᠯᠦᠨ᠎ᠡ    3. ᠵᠠᠰᠠᠭ ᠤᠨ ᠣᠷᠳᠣᠨ ᠤ ᠪᠣᠬᠢᠷᠳᠦᠯ ᠦᠭᠡᠢ ᠬᠤᠳᠠᠯᠳᠣᠨ ᠠᠪᠠᠨ᠋ᠥ ᠶᠢ ᠪᠦᠬᠦ ᠳᠡᠯ᠎ᠠ ᠪᠠᠷ ᠭᠡᠷᠡᠭᠵᠢᠬᠦᠯᠦᠨ᠎ᠡ    4. ᠥᠩᠭᠡᠷᠡᠭᠦᠯᠬᠦ ᠦᠶᠡᠰ ᠨᠡᠬᠦᠷᠡᠰᠣᠳᠦ᠋ᠷᠦᠭᠴᠢ ᠶᠢᠨ ᠮᠦᠷ ᠤᠨ ᠬᠠᠮᠢᠶᠡᠷᠦᠯᠳᠡ ᠶᠢᠨ ᠬᠤᠯᠪᠣᠭᠳᠠᠯ ᠪᠦᠬᠦᠢ ᠱᠠᠭᠠᠷᠳᠡᠯᠭ᠎ᠠ ᠶᠢ ᠵᠠᠰᠠᠭ ᠤᠨ ᠣᠷᠳᠣᠨ ᠤ ᠬᠤᠳᠠᠯᠳᠣᠨ ᠠᠪᠠᠨ᠋ᠥ ᠭᠡᠷᠡᠭᠴᠡᠭᠡ ᠱᠠᠭᠠᠷᠳᠡᠯᠭ᠎ᠠ ᠶᠢᠨ ᠪᠡᠷᠢᠮᠵᠢᠶ᠎ᠠ ᠳᠤ ᠣᠷᠣᠭᠤᠯᠥᠨ᠎ᠠ    5. ᠣᠯᠠᠨ ᠨᠡᠶᠢᠲᠡ ᠶᠢᠨ ᠡᠬᠢ ᠪᠠᠶᠠᠯᠢᠭ ᠤᠨ ︽ᠠᠭᠤᠯᠵᠠᠬᠤ ᠦᠭᠡᠢ ᠪᠠᠷ ᠠᠷᠠᠯᠵᠢᠶᠠᠯᠠᠬᠤ︾ ᠵᠦᠢᠯᠡᠰ ᠤᠨ ᠨᠠᠷᠢᠨ ᠬᠠᠭᠤᠳᠠᠰᠤ ᠶᠢ ᠡᠮᠬᠢᠯᠡᠨ᠎ᠡ    6. ᠴᠢᠨᠠᠷ ᠰᠠᠶᠢᠲᠠᠶ ᠲᠤᠰᠬᠠᠶ ᠮᠡᠷᠭᠡᠵᠢᠯᠲᠡᠨ ᠤ ᠡᠬᠢ ᠪᠠᠶᠠᠯᠢᠭ ᠢ ᠣᠷᠣᠨ ᠠᠯᠤᠰᠯᠠᠨ ᠬᠤᠲᠠ ᠠᠯᠤᠰᠯᠠᠨ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠦᠨ᠎ᠡ    7. ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠤᠤᠯ ᠴᠣᠭᠴᠠ ᠶᠢᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ     8. ᠵᠠᠰᠠᠭ ᠤᠨ ᠣᠷᠳᠣᠨ ᠤ ᠬᠤᠳᠠᠯᠳᠤᠨ ᠠᠪᠬᠤ ᠢᠲᠡᠭᠡᠮᠵᠢ ᠶᠢᠨ ᠳᠦᠷᠢᠮ ᠢ ᠬᠡᠷᠡᠭᠵᠢᠭᠦᠯᠦᠨ᠎ᠡ    9. ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠵᠠᠷᠯᠠᠭᠴᠢ ᠶᠢᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ    10. ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠪᠥᠬᠦ ᠶᠠᠪᠤᠴᠠ ᠶᠢ ᠪᠢᠲᠡᠭᠦᠮᠵᠢᠯᠡᠨ ᠬᠢᠨᠠᠨ ᠲᠣᠭᠲᠠᠭᠠᠬᠤ ᠶᠢ ᠪᠡᠶᠡᠯᠡᠭᠦᠯᠦᠨ᠎ᠡ    ᠭᠤᠷᠪᠠ᠂ ᠠᠵᠤ ᠦᠢᠯᠡᠰ ᠤᠨ ᠠᠮᠢ ᠠᠬᠤᠢ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠵᠤ ᠠᠵᠤ ᠦᠢᠯᠡᠰ ᠤᠨ ᠠᠮᠢ ᠠᠬᠤᠢ ᠶᠢᠨ ᠬᠠᠮᠤᠭ ᠤᠨ ᠲᠡᠭᠦᠯᠳᠡᠷᠵᠢᠬᠦ ᠶᠢ ᠪᠡᠶᠡᠯᠡᠭᠦᠯᠦᠨ᠎ᠡ    ︵ᠨᠢᠭᠡ︶ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠬᠦᠷᠢᠶᠡᠨ ᠳᠠᠬᠢ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠎ᠠ     1. ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠰᠢᠯᠢᠳᠡᠭᠵᠢᠭᠦᠯᠦᠨ᠎ᠡ    2. ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠬᠡᠷᠡᠭᠯᠡᠭᠴᠢ ᠶᠢᠨ ︽ᠭᠦᠶᠦᠬᠦ ᠦᠭᠡᠢ︾ ᠦᠢᠯᠡᠴᠢᠯᠡᠭᠡ ᠶᠢ ᠬᠠᠩᠭᠠᠨ᠎ᠠ    ︵ᠬᠤᠶᠠᠷ︶ ᠴᠠᠬᠢᠯᠭᠠᠨ ᠬᠡᠷᠡᠭᠯᠡᠬᠦ ᠣᠷᠴᠢᠨ ᠲᠣᠭᠤᠷᠢᠨ ᠢ ᠰᠠᠶᠢᠵᠢᠷᠠᠭᠤᠯᠤᠨ᠎ᠠ    1. ᠵᠠᠰᠠᠭ ᠠᠵᠤ ᠠᠬᠤᠶᠢᠯᠠᠯ ᠬᠠᠮᠵᠢᠯᠴᠠᠨ ᠴᠠᠬᠢᠯᠭᠠᠨ ᠭᠠᠷᠭᠠᠬᠤ ᠠᠵᠢᠯ ᠤᠨ ᠵᠣᠬᠢᠴᠠᠮᠵᠢ ᠶᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠴᠢᠳ ᠤᠨ ︽ᠨᠢᠭᠤᠷ ᠰᠢᠷᠪᠢᠵᠦ ᠴᠠᠬᠢᠯᠭᠠᠨ ᠬᠡᠷᠡᠭᠯᠡᠬᠦ︾ ᠪᠠ ᠠᠵᠤ ᠠᠬᠤᠶᠢᠯᠠᠯ ᠤᠨ ᠬᠡᠷᠡᠭᠯᠡᠭᠴᠢᠳ ᠤᠨ ︽ᠨᠢᠭᠡ ᠦᠨᠡᠮᠯᠡᠯ ᠢᠶᠠᠷ ᠴᠠᠬᠢᠯᠭᠠᠨ ᠭᠦᠢᠴᠡᠳᠬᠡᠬᠦ︾ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠂ ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠤᠨ᠎ᠠ    2. ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠲᠤᠤᠷᠴᠢᠯᠠᠭᠰᠠᠨ ᠦᠢᠯᠡᠴᠢᠯᠡᠭᠡ ᠶᠢ ᠠᠬᠢᠭᠤᠯᠤᠨ᠎ᠠ    ︵ᠭᠤᠷᠪᠠ︶ ᠤᠰᠤ ᠬᠡᠢ ᠬᠡᠷᠡᠭᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ    1. ᠤᠰᠤ ᠴᠠᠬᠢᠯᠭᠠᠨ ᠬᠡᠢ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠳᠥᠭᠦᠮ ᠦᠵᠡᠭᠦᠯᠦᠨ᠎ᠡ    2. ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ    3. ᠤᠰᠤ ᠬᠡᠷᠡᠭᠯᠡᠬᠦ ᠬᠤᠯᠪᠣᠯᠲᠠ ᠶᠢ ᠳᠦᠭᠦᠮᠴᠢᠯᠡᠨ᠎ᠡ    4. ᠤᠰᠤ ᠬᠡᠢ ᠬᠠᠯᠠᠭᠠᠯᠲᠠ ᠪᠠᠷ ᠠᠰᠠᠷᠠᠭᠴᠢ ᠮᠠᠶ᠋ᠢᠭ ᠤᠨ ᠦᠢᠯᠡᠴᠢᠯᠡᠭᠡ ᠶᠢ ᠬᠠᠩᠭᠠᠨ᠎ᠠ    ︵ᠲᠦᠷᠪᠡ︶ ᠪᠡᠯᠡ ᠬᠤᠷᠠᠮᠳᠤᠭᠤᠯᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠨᠡᠮᠡᠭᠳᠡᠭᠦᠯᠦᠨ᠎ᠡ    1. ᠪᠡᠯᠡ ᠲᠣᠬᠢᠷᠡᠭᠤᠯᠭ᠎ᠠ ᠶᠢᠨ ᠦᠢᠯᠡᠴᠢᠯᠡᠭᠡᠨ ᠪᠠ ᠬᠢᠨᠡᠯᠳᠡ ᠬᠠᠮᠢᠶᠡᠷᠦᠯᠳᠡ ᠶᠢᠨ ᠬᠢᠷᠢ ᠭᠡᠮᠵᠢᠶ᠎ᠠ ᠶᠢ ᠳᠡᠭᠡᠭᠰᠢᠯᠡᠬᠦᠯᠦᠨ᠎ᠡ    2. ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠮᠦᠡᠭᠬᠦᠨ ᠬᠦᠢᠯᠬᠡᠬᠡᠡ ᠤ ᠰᠢᠨ᠎ᠡ ᠶᠢ ᠡᠬᠦᠳᠬᠦ ᠪᠠ ᠵᠠᠰᠠᠭ ᠤᠨ ᠣᠷᠳᠣᠨ ᠤ ᠪᠡᠯᠡ ᠲᠣᠬᠢᠷᠡᠭᠤᠯᠭ᠎ᠠ ᠶᠢᠨ ᠳᠠᠭᠠᠭᠠᠯᠳᠡ ᠶᠢᠨ ᠬᠠᠮᠳᠣᠷᠡᠨ ᠬᠦᠳᠡᠯᠥᠯᠴᠡᠬᠦ ᠶᠢ ᠠᠬᠢᠭᠤᠯᠥᠨ᠎ᠠ    ︵ᠲᠠᠪᠤ︶ ᠴᠢᠳᠠᠪᠤᠷᠢᠲᠠᠨ ᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ    1. ᠠᠵᠢᠯ ᠣᠯᠭᠤᠯᠲᠠ ᠪᠠ ᠴᠢᠳᠠᠪᠤᠷᠢᠲᠠᠨ ᠳᠤ ᠦᠢᠯᠡᠴᠢᠯᠡᠬᠦ ᠪᠠᠲᠤᠯᠠᠭ᠎ᠠ ᠶᠢ ᠴᠢᠩᠭᠠᠷᠠᠭᠤᠯᠤᠨ᠎ᠠ    2. ᠪᠦᠬᠦ ᠶᠠᠪᠤᠴᠠ ᠶᠢᠨ ᠪᠣᠯᠪᠠᠰᠤᠷᠠᠯ ᠤᠨ ᠵᠢᠯᠣᠭᠤᠳᠣᠯᠭ᠎ᠠ ᠶᠢ ᠬᠠᠩᠭᠠᠨ᠎ᠠ    3. ᠬᠤᠲᠠ ᠶᠢᠨ ᠣᠯᠠᠨ ᠬᠥᠳᠡᠯᠮᠦᠷᠢᠯᠡᠭᠴᠢᠳ ᠲᠤ ᠠᠵᠢᠯ ᠣᠯᠭᠤᠬᠤ ᠪᠠ ᠠᠵᠢᠯ ᠠᠯᠳᠠᠬᠤ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ     4. ᠬᠦᠮᠦᠨ ᠤ ᠬᠦᠴᠣᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦᠯᠬᠦ ᠶᠢ ᠠᠬᠢᠭᠤᠯᠥᠨ᠎ᠠ    5. ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠎ᠠ    6. ᠬᠦᠮᠦᠨ ᠤ ᠬᠦᠴᠦᠨ ᠤ ᠡᠬᠢ ᠪᠠᠶᠠᠯᠢᠭ ᠢ ᠨᠠᠷᠢᠯᠢᠬᠵᠢᠭᠤᠯᠬᠤ ᠦᠢᠯᠡᠴᠢᠯᠡᠭᠡ ᠶᠢ ᠬᠡᠷᠡᠭᠵᠢᠭᠦᠯᠦᠨ᠎ᠡ    7. ᠠᠵᠢᠯ ᠣᠯᠭᠤᠯᠲᠠ ᠪᠠᠷ ᠦᠵᠡᠵᠦ ᠰᠤᠷᠬᠤ ᠦᠢᠯᠡᠴᠢᠯᠡᠭᠡ ᠶᠢ ᠴᠢᠩᠭᠠᠷᠠᠭᠤᠯᠤᠨ᠎ᠠ    8. ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠴᠡᠭᠴᠡᠯᠡᠨ᠎ᠡ    ︵ᠵᠢᠷᠭᠤᠭ᠎ᠠ︶ ᠭᠠᠵᠠᠷ ᠰᠢᠷᠤᠢ ᠶᠢᠨ ᠬᠦᠴᠦᠨ ᠵᠦᠢᠯ ᠤᠨ ᠪᠠᠳᠤᠯᠠᠭ᠎ᠠ ᠶᠢ ᠴᠢᠩᠭᠠᠷᠠᠭᠤᠯᠤᠨ᠎ᠠ    1. ᠭᠠᠵᠠᠷ ᠰᠢᠷᠣᠢ ᠶᠢᠨ ᠡᠬᠢ ᠪᠠᠶᠠᠯᠢᠭ ᠢ ᠲᠦᠢᠯ ᠤᠨ ᠣᠨᠤᠪᠴᠢᠲᠠᠢ ᠪᠠᠷ ᠰᠠᠶᠢᠲᠤᠷ ᠬᠡᠷᠡᠭᠯᠡᠨ᠎ᠡ ᠳᠥᠷᠪᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠬᠠᠤᠯᠢ ᠪᠠᠷ ᠵᠠᠰᠠᠬᠤ ᠪᠠᠲᠤᠯᠠᠭ᠎ᠠ ᠶᠢᠨ ᠬᠠᠮᠤᠭ ᠤᠨ ᠬᠦᠴᠦᠲᠡᠶ ᠪᠠᠶᠢᠬᠤ ᠶᠢ ᠪᠡᠶᠡᠯᠡᠭᠦᠯᠦᠨ᠎ᠡ    ︵ᠨᠢᠭᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ    1. ᠭᠤᠣᠯᠴᠢ ᠥᠷᠢᠰᠥᠯᠳᠦᠭᠡᠨ ᠢ ᠨᠥᠯᠥᠭᠡᠯᠡᠬᠦ ᠲᠦᠷᠢᠮ ᠤᠨ ᠬᠠᠷᠰᠢ ᠰᠠᠭᠠᠳ ᠢ ᠠᠷᠢᠯᠭᠠᠨ᠎ᠠ    2. ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠭᠡᠯ ᠬᠤᠷᠢᠶᠠᠬᠤ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠤᠨ᠎ᠠ    3. ᠵᠠᠬ᠎ᠠ ᠳᠡᠯᠭᠡᠬᠦᠷ ᠤᠨ ᠬᠢᠨᠡᠯᠳᠡ ᠬᠠᠮᠢᠶᠡᠷᠦᠯᠳᠡ ᠶᠢᠨ ᠣᠳᠣᠬᠢᠴᠢᠯᠠᠯᠳᠡ ᠶᠢ ᠠᠬᠢᠭᠤᠯᠥᠨ᠎ᠠ    4. ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ    5. ᠨᠢᠭᠡ ᠴᠤᠭᠴᠠᠵᠢᠭᠤᠯᠤᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠠᠬᠢᠭᠤᠯᠤᠨ᠎ᠠ    6. ᠲᠣᠳᠣᠭᠠᠳᠣ ᠶᠢᠨ ᠢᠯᠡᠴᠢᠯᠡᠨ ᠮᠡᠳᠡᠬᠦᠯᠬᠦ ᠵᠣᠬᠢᠴᠠᠮᠵᠢ ᠶᠢ ᠪᠦᠷᠢᠨᠰᠢᠬᠦᠯᠦᠨ᠎ᠠ    7. ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠵᠣᠬᠢᠴᠠᠮᠵᠢ ᠶᠢ ᠪᠦᠷᠢᠨᠰᠢᠭᠦᠯᠦᠨ᠎ᠡ    8. ᠵᠦᠢ ᠪᠤᠰᠤ ᠦᠷᠢᠰᠦᠯᠳᠦᠭᠡᠨ ᠢ ᠡᠰᠡᠷᠭᠦᠴᠡᠬᠦ ᠬᠠᠥᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ    9. ᠢᠳᠡᠭᠡᠨ ᠪᠠ ᠡᠮ ᠤᠨ ᠵᠦᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠢᠨᠠᠵᠦ ᠥᠩᠭᠡᠷᠡᠭᠰᠡᠨ ᠬᠡᠯᠬᠢᠶ᠎ᠡ ᠶᠢ ᠲᠡᠭᠦᠯᠳᠡᠷᠵᠢᠭᠦᠯᠦᠨ᠎ᠡ    ︵ᠬᠤᠶᠠᠷ︶ ᠬᠠᠤᠯᠢ ᠴᠠᠭᠠᠵᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ    1. ᠤᠯᠤᠰ ᠲᠥᠷᠥ ᠶᠢᠨ ᠵᠠᠬᠢᠷᠭ᠎ᠠ ᠶᠢ ᠴᠢᠩᠭᠠᠷᠠᠭᠤᠯᠤᠨ᠎ᠠ    2. ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠤᠯᠪᠣᠭᠳᠠᠯ ᠪᠥᠬᠦᠶ ᠳᠠᠭᠠᠭᠤᠯᠤᠭᠴᠢ ᠬᠤᠲᠠ ᠶᠢᠨ ᠬᠠᠤᠯᠢ ᠲᠣᠭᠲᠠᠭᠠᠬᠤ ᠠᠵᠢᠯ ᠤᠨ ᠨᠠᠷᠢᠯᠢᠬᠵᠢᠭᠤᠯᠤᠯᠲᠠ ᠶᠢ ᠠᠬᠢᠭᠤᠯᠤᠨ᠎ᠠ    3. ᠬᠤᠳᠠᠯᠳᠣᠭᠠᠨ ᠤ ᠵᠢᠭᠤᠷᠡᠯᠳᠣᠭᠠᠨ ᠢ ᠰᠢᠢᠳᠪᠦᠷᠢᠯᠡᠬᠦ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ    4. ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠵᠣᠬᠢᠴᠠᠮᠵᠢ ᠶᠢ ᠲᠡᠭᠦᠯᠳᠡᠷᠵᠢᠭᠦᠯᠦᠨ᠎ᠡ5. ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠶᠢ ᠠᠬᠢᠭᠤᠯᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ    6. ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠮᠴᠢᠯᠡᠬᠦ ᠡᠷᠬᠡ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ    7. ᠬᠠᠤᠯᠢᠴᠢ ᠶᠢᠨ ᠠᠷᠠᠳ ᠤᠨ ᠰᠢᠭᠦᠬᠦ ᠬᠤᠷᠢᠶᠠᠨ ᠤ ᠭᠦᠢᠴᠡᠳᠬᠡᠬᠦ ᠠᠵᠢᠯ ᠳᠤ ᠣᠷᠣᠯᠴᠠᠬᠤ ᠶᠢ ᠠᠬᠢᠭᠤᠯᠤᠨ᠎ᠠ    8. ᠵᠠᠷᠭᠤ ᠶᠢᠨ ᠢᠷᠡᠯᠳᠡ ᠶᠢᠨ ᠵᠠᠰᠠᠯᠳᠠ ᠶᠢ ᠪᠠᠷᠢᠮᠳᠠᠯᠠᠨ᠎ᠠ    9. ᠬᠠᠤᠯᠢ ᠴᠠᠭᠠᠵᠠ ᠶᠢᠨ ᠨᠡᠪᠲᠡᠷᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ    10. ᠣᠶᠣᠨᠴᠢ ᠳᠠᠩᠰᠠ ᠡᠪᠬᠡᠮᠡᠯ ᠤᠨ ᠦᠢᠯᠡᠴᠢᠯᠡᠭᠡ ᠶᠢ ᠬᠡᠷᠡᠭᠵᠢᠭᠦᠯᠦᠨ᠎ᠡ    11. ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠵᠣᠬᠢᠴᠠᠮᠵᠢ ᠶᠢ ᠪᠠᠶᠢᠭᠤᠯᠤᠨ᠎ᠠ    12. ᠬᠡᠷᠡᠭ ᠤᠨ ᠬᠠᠮᠢᠶᠠᠷᠤᠯᠲᠠ ᠶᠢ ᠡᠷᠴᠢᠮᠵᠢᠭᠦᠯᠦᠨ᠎ᠡ    ︵ᠭᠤᠷᠪᠠ︶ ᠳᠠᠮᠫᠤᠷᠠᠯ ᠤᠨ ᠬᠡᠷᠡᠭ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ    1. ᠠᠵᠤ ᠠᠬᠤᠶᠢᠯᠠᠯ ᠤᠨ ᠳᠠᠮᠫᠤᠷᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ    2. ᠲᠠᠮᠫᠤᠷᠠᠯ ᠤᠨ ᠢᠵᠢ ᠪᠦᠷᠢᠳᠦᠬᠦᠯᠬᠦ ᠪᠠᠳᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ    3. ᠠᠵᠤ ᠠᠬᠤᠶᠢᠯᠠᠯ ᠤᠨ ᠲᠠᠮᠫᠤᠷᠠᠯ ᠳᠤ ᠬᠤᠯᠪᠣᠭᠳᠠᠭᠰᠠᠨ ᠭᠠᠶᠢᠯᠢ ᠳᠤ ᠬᠤᠯᠪᠣᠭᠳᠠᠭᠰᠠᠨ ᠵᠦᠢᠯᠡᠰ ᠢ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠦᠨ᠎ᠡ    4. ᠲᠠᠮᠫᠤᠷᠠᠯ ᠤᠨ ᠬᠡᠷᠡᠭ ᠤᠨ ᠬᠠᠮᠢᠶᠠᠷᠤᠯᠲᠠ ᠶᠢ ᠵᠢᠷᠤᠮᠵᠢᠭᠤᠯᠤᠨ᠎ᠠ    ᠲᠠᠪᠤ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠬᠠᠮᠤᠭ ᠤᠨ ᠪᠦᠷᠢᠨ ᠲᠡᠭᠦᠯᠳᠡᠷ ᠪᠠᠶᠢᠬᠤ ᠶᠢ ᠪᠡᠶᠡᠯᠡᠭᠦᠯᠦᠨ᠎ᠡ    ︵ᠨᠢᠭᠡ︶ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠬᠦᠴᠦᠯᠡᠨ ᠠᠬᠢᠭᠤᠯᠤᠨ᠎ᠠ    1. ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ    2. ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ    3. ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠬᠤ ᠶᠢᠨ ᠰᠠᠭᠤᠷᠢ ᠪᠣᠯᠭᠠᠨ᠎ᠠ     4. ᠵᠠᠰᠠᠭ ᠤᠨ ᠣᠷᠳᠣᠨ ᠲᠠᠢ ᠬᠤᠯᠪᠣᠭᠳᠠᠭᠰᠠᠨ ᠬᠡᠷᠡᠭ ᠢ ᠦᠨᠳᠦᠷ ᠪᠦᠲᠦᠮᠵᠢᠲᠡᠶ ᠪᠠᠷ ᠭᠦᠢᠴᠡᠳᠭᠡᠬᠦ ᠶᠢ ᠠᠬᠢᠭᠤᠯᠤᠨ᠎ᠠ    ︵ᠬᠤᠶᠠᠷ︶ ᠲᠡᠷᠢᠭᠦᠨ ᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢᠲᠡᠢ ᠪᠠᠶᠢᠬᠤ ᠶᠢ ᠴᠣᠭᠴᠠᠯᠠᠨ᠎ᠠ    1. ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠳᠤ ᠪᠠᠨ ᠡᠳ᠋ᠯᠡᠬᠦ ᠶᠢ ᠴᠢᠩᠭᠠᠳᠬᠠᠨ᠎ᠠ    2. ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ᠳᠤ ᠬᠦᠴᠦᠨ ᠨᠡᠮᠡᠷᠢᠯᠡᠨ᠎ᠡ    3. ᠢᠲᠡᠭᠡᠮᠵᠢ ᠶᠢᠨ ᠠᠮᠠᠯᠠᠯᠲᠠ ᠵᠢᠴᠢ ᠭᠡᠷ᠎ᠡ ᠪᠠᠨ ᠭᠦᠢᠴᠡᠳᠭᠡᠵᠦ ᠠᠮᠠᠯᠠᠯᠲᠠ ᠪᠠᠨ ᠪᠡᠶᠡᠯᠡᠭᠦᠯᠬᠦ ᠵᠡᠷᠭᠡ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠨ᠎ᠠ    ︵ᠭᠤᠷᠪᠠ︶ ᠨᠡᠶᠢᠭᠡᠮ ᠤᠨ ᠦᠨᠡᠨᠴᠢ ᠢᠲᠡᠭᠡᠮᠵᠢ ᠶᠢ ᠦᠷᠭᠦᠯᠵᠢᠯᠡᠨ ᠪᠠᠳᠠᠷᠠᠭᠤᠯᠤᠨ᠎ᠠ    1. ᠲᠣᠣᠷ ᠰᠦᠯᠵᠢᠶ᠎ᠡ ᠶᠢᠨ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠪᠠᠶᠢᠴᠠᠭᠠᠨ ᠭᠠᠷᠭᠠᠨ᠎ᠠ    ︵ᠲᠦᠷᠪᠡ︶ ᠬᠠᠣᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠴᠢᠩᠭ᠎ᠠ ᠬᠠᠮᠠᠭᠠᠯᠠᠨ᠎ᠠ    1. ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠦᠨ᠎ᠡ    2. ᠬᠠᠤᠯᠢ ᠴᠠᠭᠠᠵᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠷᠠᠭᠤᠯᠤᠨ᠎ᠠ    3. ᠬᠢᠯᠢᠰ ᠪᠤᠷᠤᠭᠤ ᠬᠡᠷᠡᠭ ᠢ ᠢᠯᠭᠠᠨ ᠲᠣᠳᠣᠯᠠᠵᠤ ᠵᠠᠯᠠᠷᠠᠭᠤᠯᠤᠨ᠎ᠠ    4. ᠬᠠᠤᠯᠢ ᠴᠠᠭᠠᠵᠠ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠤᠨ ᠰᠤᠭᠤᠴᠢᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠦᠨ᠎ᠡ    ᠵᠢᠷᠭᠤᠭ᠎ᠠ᠂ ᠦᠨᠳᠦᠰᠦᠨ ᠱᠠᠲᠤᠨ ᠳᠤ ᠪᠠᠶᠢᠭ᠎ᠠ ᠬᠦᠴᠢᠷ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠦᠨᠳᠦᠰᠦᠨ ᠱᠠᠲᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ    1. ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ    2. ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠤᠳᠠᠭᠠᠰᠢᠷᠠᠭᠤᠯᠤᠨ ᠥᠷᠢᠲᠦᠬᠦ ᠶᠢ ᠡᠷᠡᠰ ᠬᠤᠷᠢᠭᠯᠠᠨ᠎ᠠ    3. ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ    4. ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ    5. ᠬᠤᠷᠠᠯ ᠤᠨ ᠮᠡᠳᠡᠭᠦᠯᠬᠦ ᠬᠦᠰᠦᠨᠦᠭᠲᠦ ᠶᠢ ᠴᠤᠮᠬᠠᠳᠬᠠᠨ᠎ᠠ    6. ᠠᠵᠢᠯ ᠶᠠᠪᠤᠳᠠᠯ ᠬᠦᠢᠴᠡᠳᠭᠡᠬᠦ ᠭᠤᠭᠴᠤᠭ᠎ᠠ ᠶᠢ ᠳᠦᠭᠦᠮᠴᠢᠯᠡᠨ᠎ᠡ    7. ᠭᠤᠶᠤᠴᠢᠯᠠᠯ ᠳᠤ ᠬᠤᠯᠪᠣᠭᠳᠠᠭᠰᠠᠨ ᠵᠠᠭᠤᠴᠢ ᠪᠠᠶᠢᠭᠤᠯᠤᠮᠵᠢ ᠶᠢ ᠵᠢᠷᠤᠮᠵᠢᠭᠤᠯᠤᠨ᠎ᠠ    8. ᠤᠶᠠᠨ ᠴᠢᠨᠠᠷᠲᠠᠢ ᠪᠠᠷ ᠬᠠᠤᠯᠢ ᠬᠡᠷᠡᠭᠵᠢᠭᠦᠯᠦᠨ᠎ᠡ    9. ᠳᠣᠷᠣᠭᠰᠢ ᠪᠠᠭᠤᠯᠭᠠᠭᠰᠠᠨ ᠵᠦᠢᠯᠡᠰ ᠢ ᠵᠠᠯᠭᠠᠨ ᠰᠠᠶᠢᠲᠤᠷ ᠬᠠᠮᠢᠶᠠᠷᠤᠨ᠎ᠠ    10. ᠴᠡᠭᠴᠡᠯᠡᠨ ᠰᠠᠶᠢᠵᠢᠷᠠᠭᠤᠯᠵᠦ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠡᠪᠳᠡᠭᠰᠡᠨ ᠨᠡᠶᠢᠲᠡᠯᠢᠭ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ    ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ — ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠵᠡᠩᠨᠡᠬᠦ ᠠᠵᠢᠯ ᠢ ᠰᠢᠯᠢᠳᠡᠭᠵᠢᠭᠦᠯᠬᠦ ᠶᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ᠎ᠠ — ︽ᠲᠠᠪᠤᠨ ᠬᠠᠮᠤᠭ︾ ᠤᠨ ᠱᠠᠭᠠᠷᠳᠠᠯᠭ᠎ᠠ ᠶᠣᠰᠣᠭᠠᠷ᠂ ᠬᠠᠷᠠᠯᠲᠠ ᠡᠭᠦᠷᠭᠡ ᠲᠠᠢ ᠬᠠᠷᠢᠴᠠᠭᠤᠯᠤᠨ ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠦᠷᠭᠡᠨ ᠬᠥᠳᠡᠯᠦᠯᠴᠡᠵᠦ ᠪᠠᠶᠢᠷᠢᠯᠠᠭᠤᠯᠤᠯᠲᠠ ᠶᠢ ᠠᠳᠬᠤᠵᠤ᠂ ᠬᠡᠷᠡᠭᠵᠢᠭᠦᠯᠬᠦ ᠶᠢ ᠠᠳᠬᠤᠵᠤ᠂ ᠰᠢᠮᠳᠠᠭᠤᠯᠤᠨ ᠪᠠᠶᠢᠴᠠᠭᠠᠬᠤ ᠶᠢ ᠠᠳᠬᠤᠵᠤ᠂ ᠤᠬᠠᠭᠤᠯᠭ᠎ᠠ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠷ᠎ᠡ ᠪᠦᠲᠦᠮᠵᠢ ᠶᠢ ᠠᠳᠬᠤᠨ᠎ᠠ    ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ — ᠨᠡᠩ ᠣᠯᠠᠨ ᠤᠤᠭᠠᠯ ᠡᠭᠦᠳᠦᠯᠲᠡ ᠶᠢᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠨ᠎ᠠ — ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠣᠯᠭᠠᠨ᠎ᠠ    ︵ᠭᠤᠷᠪᠠ︶ ᠤᠬᠠᠭᠤᠯᠭ᠎ᠠ ᠪᠠᠨ ᠡᠷᠴᠢᠮᠵᠢᠭᠦᠯᠦᠨ᠎ᠡ — ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠤᠬᠠᠭᠤᠯᠭ᠎ᠠ ᠶᠢᠨ ᠲᠥᠰᠦᠯ ᠢ ᠲᠣᠭᠲᠠᠭᠠᠵᠤ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠵᠢᠭᠠᠵᠤ ᠪᠠᠶᠢᠭ᠎ᠠ᠂ ᠠᠵᠢᠯ ᠤᠨ ᠬᠢᠯᠠᠰ ᠴᠡᠭ ᠵᠢᠴᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠤᠬᠠᠭᠤᠯᠤᠨ᠎ᠠ    
ᠢᠷᠡᠯᠲᠡ᠄ ᠪᠤᠭᠤᠲᠤ ᠬᠤᠲᠠ ᠶᠢᠨ ᠵᠠᠰᠠᠭ ᠤᠨ ᠣᠷᠳᠤᠨ