7 ᠰᠠᠷ᠎ᠠ ᠶᠢᠨ 5 ᠤ ᠡᠳᠦᠷ ᠤᠨ 17 ᠴᠠᠭ ᠲᠤ᠂ ᠥᠪᠥᠷ ᠮᠤᠩᠭᠤᠯ ᠤᠨ 2024 ᠣᠨ ᠤ ᠶᠡᠭᠡ ᠳᠡᠭᠡᠳᠤ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠣᠯᠳᠠᠢ ᠰᠢᠯᠭᠠᠯᠳᠠ ᠶᠢᠨ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠤᠷᠢᠳᠴᠢᠯᠠᠭᠰᠠᠨ ᠪᠦᠯᠦᠭ ᠤᠨ ᠡᠷᠡᠮᠡᠯᠵᠡᠯ ᠲᠠᠭᠯᠠᠬᠤ ᠠᠵᠢᠯ ᠲᠠᠭᠤᠰᠴᠠᠢ᠂ | ᠡᠭᠦᠨ ᠳᠤ ᠤᠷᠠᠯᠢᠭ ᠤᠨ ᠲᠥᠷᠥᠯ ᠳᠤ ᠠᠩᠬ᠎ᠠ ᠤᠳᠠᠭ᠎ᠠ ᠵᠡᠷᠭᠡᠴᠡᠭᠡ ᠡᠷᠡᠮᠡᠯᠵᠡᠯ ᠢᠶᠠᠷ ᠲᠠᠩᠰᠠ ᠡᠪᠬᠡᠮᠡᠯ ᠭᠠᠷᠭᠠᠵᠤ ᠡᠯᠰᠡᠬᠦ ᠶᠢ ᠬᠡᠷᠡᠭᠵᠢᠭᠦᠯᠪᠡ᠃ | ᠣᠢᠯᠠᠭᠠᠭᠰᠠᠨ ᠢᠶᠠᠷ᠂ ᠡᠨᠡ ᠵᠢᠯ ᠥᠪᠥᠷ ᠮᠤᠩᠭᠤᠯ ᠤᠨ ᠤᠷᠠᠯᠢᠭ ᠤᠨ ᠲᠥᠷᠥᠯ ᠤᠨ ᠡᠷᠡᠮᠡᠯᠵᠡᠯ ᠲᠠᠭᠯᠠᠬᠤ ᠳᠤ ︽ᠶᠡᠭᠡ ᠳᠡᠭᠡᠳᠤ ᠰᠤᠷᠭᠠᠭᠤᠯᠢ ᠶᠢᠨ | ᠳᠣᠰᠬᠠᠢ ᠮᠡᠷᠭᠡᠵᠢᠯ ᠤᠨ ᠳᠤᠭᠤᠢᠯᠠᠩ︾ ᠤᠨ ᠵᠡᠷᠭᠡᠴᠡᠭᠡ ᠡᠷᠡᠮᠡᠯᠵᠡᠯ ᠢᠶᠠᠷ ᠭᠤᠣᠯ ᠪᠣᠯᠭᠠᠨ᠎ᠡ᠃ ᠦᠪᠡᠷᠳᠡᠭᠡᠨ ᠵᠠᠰᠠᠬᠤ ᠣᠷᠣᠨ ᠤ ᠳᠣᠰᠬᠠᠢ ᠮᠡᠷᠭᠡᠵᠢᠯ ᠤᠨ | ᠨᠢᠭᠡᠳᠣᠯᠳᠠᠢ ᠰᠢᠯᠭᠠᠯᠳᠠ ᠶᠢᠨ ᠬᠢᠷᠢ ᠪᠦᠳᠦᠮᠵᠢ ᠪᠠᠷ ᠳᠣᠰᠬᠠᠢ ᠮᠡᠷᠭᠡᠵᠢᠯ ᠤᠨ ᠰᠢᠯᠭᠠᠯᠳᠠ ᠶᠢᠨ ᠬᠢᠷᠢ ᠪᠦᠳᠦᠮᠵᠢ ᠪᠣᠯᠭᠠᠭᠰᠠᠨ ᠤᠷᠠᠯᠢᠭ ᠤᠨ ᠲᠥᠷᠥᠯ ᠤᠨ | ᠳᠣᠰᠬᠠᠢ ᠮᠡᠷᠭᠡᠵᠢᠯ ᠳᠤ ᠰᠣᠷᠣᠭᠴᠢ ᠡᠯᠰᠡᠬᠦ ᠳᠡᠭᠡᠨ ᠰᠢᠯᠭᠠᠭᠤᠯᠤᠭᠰᠠᠳ ᠤᠨ ᠤᠯᠤᠰ ᠤᠨ ᠨᠢᠭᠡᠳᠣᠯᠳᠠᠢ ᠰᠢᠯᠭᠠᠯᠳᠠ ᠶᠢᠨ ᠰᠣᠶᠣᠯ ᠤᠨ ᠬᠢᠴᠢᠶᠡᠯ ᠤᠨ ᠬᠢᠷᠢ | ᠪᠦᠳᠦᠮᠵᠢ ᠪᠣᠯᠣᠨ ᠦᠪᠡᠷᠳᠡᠭᠡᠨ ᠵᠠᠰᠠᠬᠤ ᠣᠷᠣᠨ ᠤ ᠳᠣᠰᠬᠠᠢ ᠮᠡᠷᠭᠡᠵᠢᠯ ᠤᠨ ᠨᠢᠭᠡᠳᠣᠯᠳᠠᠢ ᠰᠢᠯᠭᠠᠯᠳᠠ ᠶᠢᠨ ᠬᠢᠷᠢ ᠪᠦᠲᠦᠮᠵᠢ ᠨᠢ ᠴᠥᠮ ᠥᠪᠥᠷ | ᠮᠣᠩᠭᠤᠯ ᠤᠨ ᠤᠷᠠᠯᠢᠭ ᠤᠨ ᠲᠥᠷᠥᠯ ᠤᠨ ᠳᠣᠰᠬᠠᠢ ᠮᠡᠷᠭᠡᠵᠢᠯ ᠤᠨ ᠡᠯᠰᠡᠬᠦ ᠬᠤᠪᠢ ᠶᠢᠨ ᠱᠤᠭᠤᠮ ᠳᠤ ᠬᠥᠷᠥᠭᠰᠡᠨ ᠰᠠᠭᠤᠷᠢᠨ ᠳᠡᠭᠡᠷ᠎ᠡ᠂ ᠤᠯᠤᠰ ᠤᠨ | ᠨᠢᠭᠡᠳᠣᠯᠳᠠᠢ ᠰᠢᠯᠭᠠᠯᠳᠠ ᠶᠢᠨ ᠰᠣᠶᠣᠯ ᠤᠨ ᠬᠢᠴᠢᠶᠡᠯ ᠤᠨ ᠬᠢᠷᠢ ᠪᠦᠳᠦᠮᠵᠢ ᠪᠣᠯᠣᠨ ᠦᠪᠡᠷᠳᠡᠭᠡᠨ ᠵᠠᠰᠠᠬᠤ ᠣᠷᠣᠨ ᠤ ᠳᠣᠰᠬᠠᠢ ᠮᠡᠷᠭᠡᠵᠢᠯ ᠤᠨ ᠨᠢᠭᠡᠳᠣᠯᠳᠠᠢ | ᠰᠢᠯᠭᠠᠯᠳᠠ ᠶᠢᠨ ᠬᠢᠷᠢ ᠪᠦᠳᠦᠮᠵᠢ ᠶᠢ ᠬᠠᠷᠢᠴᠠᠯ ᠶᠣᠰᠣᠭᠠᠷ ᠨᠡᠢᠯᠡᠭᠦᠯᠦᠭᠰᠡᠨ ᠶᠡᠷᠦᠩᠬᠡᠢᠯᠡᠭᠰᠡᠨ ᠬᠢᠷᠢ ᠪᠦᠳᠦᠮᠵᠢ ᠶᠢ ᠦᠨᠳᠦᠰᠦᠯᠡᠨ ᠵᠡᠷᠭᠡᠴᠡᠭᠡ ᠡᠷᠡᠮᠡᠯᠵᠡᠯ ᠢᠶᠠᠷ | ᠲᠠᠩᠰᠠ ᠡᠪᠬᠡᠮᠡᠯ ᠭᠠᠷᠭᠠᠨ ᠡᠯᠰᠡᠨ᠎ᠡ᠃ ᠵᠡᠷᠭᠡᠴᠡᠭᠡ ᠡᠷᠡᠮᠡᠯᠵᠡᠯ ᠤᠨ ᠵᠠᠭᠪᠤᠷ ᠲᠤ ︽ᠶᠡᠭᠡ ᠳᠡᠭᠡᠳᠣ ᠰᠤᠷᠭᠠᠭᠤᠯᠢ ᠶᠢᠨ ᠳᠣᠰᠬᠠᠢ ᠮᠡᠷᠭᠡᠵᠢᠯ ᠤᠨ ᠳᠣᠭᠤᠢᠯᠠᠩ︾ | ᠤᠨ ᠵᠠᠭᠪᠤᠷ ᠢ ᠬᠡᠷᠡᠭᠯᠡᠵᠦ᠂ ᠳᠣᠰ ᠵᠠᠭᠪᠤᠷ ᠨᠢ ᠵᠢᠩᠬᠢᠨᠢ ᠠᠩᠭᠢ ᠶᠢᠨ ᠤᠷᠢᠳᠴᠢᠯᠠᠭᠰᠠᠨ B ᠪᠦᠯᠦᠭ᠂ ᠵᠢᠩᠬᠢᠨᠢ ᠠᠩᠭᠢ ᠶᠢᠨ ᠤᠷᠢᠳᠴᠢᠯᠠᠭᠰᠠᠨ C ᠪᠦᠯᠦᠭ | ᠵᠢᠴᠢ ᠳᠣᠰᠬᠠᠢ ᠮᠡᠷᠭᠡᠵᠢᠯ ᠤᠨ ᠤᠷᠢᠳᠴᠢᠯᠠᠭᠰᠠᠨ ᠪᠦᠯᠦᠭ ᠲᠤ ᠳᠣᠬᠢᠷᠠᠨ᠎ᠠ᠂ ᠡᠯ᠎ᠡ ᠪᠦᠯᠦᠭ ᠤᠳᠠᠭ᠎ᠠ ᠳᠤ ᠴᠥᠮ 30 ᠶᠡᠭᠡ ᠳᠡᠭᠡᠳᠤ ᠰᠤᠷᠭᠠᠭᠤᠯᠢ ᠶᠢᠨ | ᠳᠣᠰᠬᠠᠢ ᠮᠡᠷᠭᠡᠵᠢᠯ ᠤᠨ ᠳᠤᠭᠤᠢᠯᠠᠩ ᠤᠨ ᠡᠷᠡᠮᠡᠯᠵᠡᠯ ᠳᠣᠬᠢᠷᠠᠭᠤᠯᠵᠤ᠂ ᠶᠡᠭᠡ ᠳᠡᠭᠡᠳᠤ ᠰᠤᠷᠭᠠᠭᠤᠯᠢ ᠶᠢᠨ ᠳᠣᠰᠬᠠᠢ ᠮᠡᠷᠭᠡᠵᠢᠯ ᠤᠨ ᠳᠤᠭᠤᠢᠯᠠᠩ ᠨᠢᠭᠡᠪᠦᠷᠢ ᠶᠢᠨ | ᠳᠣᠳᠣᠷ᠎ᠠ ᠠᠳᠠᠯᠢ ᠨᠢᠭᠡᠨ ᠳᠣᠰᠬᠠᠢ ᠮᠡᠷᠭᠡᠵᠢᠯ ᠤᠨ ᠳᠣᠭᠤᠢᠯᠠᠩ ᠤᠨ ᠳᠣᠳᠣᠷᠠᠬᠢ ᠳᠣᠰᠬᠠᠢ ᠮᠡᠷᠭᠡᠵᠢᠯ ᠢ ᠲᠠᠭᠯᠠᠨ ᠮᠡᠳᠡᠬᠦᠯᠵᠦ ᠪᠣᠯᠣᠨ᠎ᠠ᠂ ᠡᠷᠡᠮᠡᠯᠵᠡᠯ ᠨᠢᠭᠡᠪᠦᠷᠢ | ︵ᠲᠠᠷᠤᠢ 1 ᠶᠡᠭᠡ ᠳᠡᠭᠡᠳᠣ ᠰᠤᠷᠭᠠᠭᠤᠯᠢ ᠶᠢᠨ ᠳᠣᠰᠬᠠᠢ ᠮᠡᠷᠭᠡᠵᠢᠯ ᠤᠨ ᠳᠣᠭᠤᠢᠯᠡᠩ︶ ᠳᠤ 6 ᠳᠣᠰᠬᠠᠢ ᠮᠡᠷᠭᠡᠵᠢᠯ ᠤᠨ ᠡᠷᠡᠮᠡᠯᠵᠡᠯ ᠵᠢᠴᠢ ᠳᠣᠰᠬᠠᠢ | ᠮᠡᠷᠭᠡᠵᠢᠯ ᠤᠨ ᠳᠣᠬᠢᠷᠠᠭᠤᠯᠭ᠎ᠠ ᠶᠢ ᠲᠠᠭᠠᠬᠤ ᠡᠰᠡᠬᠦ ᠰᠣᠩᠭᠤᠯᠳᠠ ᠬᠢᠨ᠎ᠡ᠃ | ᠰᠤᠷᠪᠤᠯᠵᠢᠯᠠᠭᠴᠢ ᠦᠪᠡᠷᠳᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠰᠢᠯᠭᠠᠯᠳᠠ ᠶᠢᠨ ᠬᠦᠷᠢᠶᠡᠯᠡᠩ ᠠᠴᠠ ᠣᠢᠯᠠᠭᠠᠭᠰᠠᠨ ᠢᠶᠠᠷ᠂ ᠤᠷᠠᠯᠢᠭ ᠤᠨ | ᠲᠥᠷᠥᠯ ᠤᠨ ᠵᠢᠩᠬᠢᠨᠢ ᠠᠩᠭᠢ ᠳᠤ ᠨᠡᠢᠳᠠ 8310 ᠰᠢᠯᠭᠠᠭᠤᠯᠤᠭᠴᠢ ᠨᠡᠷ᠎ᠡ ᠮᠡᠳᠡᠬᠦᠯᠵᠠᠢ᠃ 7 ᠰᠠᠷ᠎ᠠ ᠶᠢᠨ 6 ᠤ ᠡᠳᠦᠷ ᠠᠴᠠ ᠡᠬᠢᠯᠡᠨ᠂ ᠤᠷᠠᠯᠢᠭ ᠤᠨ | ᠲᠥᠷᠥᠯ ᠤᠨ ᠵᠢᠩᠬᠢᠨᠢ ᠠᠩᠭᠢ ᠳᠤ ᠰᠣᠷᠣᠭᠴᠢ ᠡᠯᠰᠡᠬᠦ ᠶᠠᠪᠤᠴᠠ ᠳᠤ ᠣᠷᠣᠬᠤ ᠪᠣᠯᠣᠨ᠎ᠠ᠃ 8 ᠰᠠᠷ᠎ᠠ ᠶᠢᠨ 5 ᠤ ᠡᠳᠦᠷ ᠤᠨ ᠣᠷᠴᠢᠮ ᠢᠶᠠᠷ᠂ ᠵᠢᠩᠬᠢᠨᠢ | ᠠᠩᠭᠢ ᠳᠤ ᠡᠯᠰᠡᠭᠳᠡᠭᠰᠡᠨ ᠦᠭᠡᠢ ᠤᠷᠠᠯᠢᠭ ᠤᠨ ᠲᠥᠷᠥᠯ ᠤᠨ ᠰᠢᠯᠭᠠᠭᠤᠯᠤᠭᠰᠠᠳ ᠳᠣᠰᠬᠠᠢ ᠮᠡᠷᠭᠡᠵᠢᠯ ᠤᠨ ᠤᠷᠢᠳᠴᠢᠯᠠᠨ ᠡᠯᠰᠡᠯᠳᠡ ᠳᠤ ᠡᠷᠡᠮᠡᠯᠵᠡᠯ ᠢᠶᠠᠨ | ᠳᠠᠭᠯᠠᠵᠤ ᠪᠣᠯᠣᠨ᠎ᠠ᠂ ᠮᠥᠨ ᠠᠳᠠᠯᠢ ᠪᠠᠷ ︽ᠶᠡᠭᠡ ᠳᠡᠭᠡᠳᠤ ᠰᠤᠷᠭᠠᠭᠤᠯᠢ ᠶᠢᠨ ᠳᠣᠰᠬᠠᠢ ᠮᠡᠷᠭᠡᠵᠢᠯ ᠤᠨ ᠳᠣᠭᠤᠢᠯᠠᠩ︾ ᠤᠨ ᠵᠡᠷᠭᠡᠴᠡᠭᠡ ᠡᠷᠡᠮᠡᠯᠵᠡᠯ ᠤᠨ | ᠵᠠᠭᠪᠤᠷ ᠢᠶᠠᠷ ᠳᠠᠭᠯᠠᠵᠤ ᠪᠣᠯᠣᠨ᠎ᠠ᠃ |