ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ ᠣᠲᠣ ᠪᠣᠯᠲᠠᠯ᠎ᠠ᠂ | ᠥᠪᠥᠷ ᠮᠣᠩᠭᠤᠯ 2024 ᠣᠨ ᠤ ᠬᠦᠴᠢᠷᠳᠡᠯᠲᠡᠢ ᠣᠯᠠᠨ ᠲᠦᠮᠡᠨ ᠢ | ᠠᠪᠤᠷᠠᠨ ᠲᠤᠰᠠᠯᠠᠬᠤ ᠨᠥᠬᠦᠪᠦᠷᠢ ᠶᠢ ᠨᠢᠭᠡᠨᠲᠡ 74.42 ᠳ᠋ᠦᠩᠰᠢᠭᠤᠷ | ᠲᠥᠭᠦᠷᠢᠭ ᠪᠠᠭᠤᠯᠭᠠᠪᠠ᠃ | ᠡᠭᠦᠨ ᠳᠤ᠂ ᠲᠥᠪ ᠤᠨ ᠡᠳ᠋ ᠤᠨ ᠵᠠᠰᠠᠭ ᠤᠨ ᠠᠪᠤᠷᠠᠨ ᠲᠤᠰᠠᠯᠠᠬᠤ | ᠨᠥᠬᠦᠪᠦᠷᠢ 56.33 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠤᠨ ᠠᠪᠤᠷᠠᠨ ᠲᠤᠰᠠᠯᠠᠬᠤ | ᠨᠥᠬᠦᠪᠦᠷᠢ 18.09 ᠳ᠋ᠦᠩᠰᠢᠭᠤᠷ ᠲᠥᠭᠦᠷᠢᠭ ᠪᠠᠭᠤᠯᠭᠠᠨ᠂ ᠥᠪᠥᠷ | ᠮᠣᠩᠭᠤᠯ ᠤᠨ 167 ᠲᠦᠮᠡᠨ ᠬᠤᠲᠠ ᠬᠥᠳᠡᠭᠡᠨ ᠤ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ | ᠬᠦᠴᠢᠷᠳᠡᠯᠲᠡᠢ ᠬᠥᠮᠥᠰ᠂ ᠥᠨᠥᠴᠢᠨ ᠪᠠ ᠪᠣᠳᠠᠲᠠᠢ ᠠᠰᠠᠷᠠᠨ | ᠲᠡᠵᠢᠭᠡᠬᠦ ᠬᠥᠮᠥᠨ ᠦᠭᠡᠢ ᠬᠡᠦᠬᠡᠳ ᠤᠳ ᠤᠨ ᠦᠨᠳᠦᠰᠦᠨ | ᠠᠮᠢᠳᠤᠷᠠᠯ ᠢ ᠪᠠᠲᠤᠯᠠᠵᠤ᠂ ᠣᠨᠴᠠ ᠬᠦᠴᠢᠷᠳᠡᠯᠲᠡᠢ ᠬᠥᠮᠥᠰ ᠵᠢᠴᠢ | ᠲᠡᠨᠦᠭᠦᠯ ᠭᠤᠶᠢᠷᠠᠨᠴᠢᠳ ᠢ ᠲᠦᠷ ᠴᠠᠭ ᠠᠪᠤᠷᠠᠨ ᠲᠤᠰᠠᠯᠠᠬᠤ ᠠᠵᠢᠯ | ᠥᠷᠨᠢᠭᠦᠯᠦᠭᠡᠳ᠂ ᠠᠪᠤᠷᠠᠨ ᠲᠤᠰᠠᠯᠠᠬᠤ ᠨᠥᠬᠦᠪᠦᠷᠢ ᠶᠢᠨ ᠬᠤᠷᠢᠭ᠎ᠠ | ᠱᠤᠭᠤᠮ ᠢ ᠰᠠᠬᠢᠬᠤ᠂ ᠠᠷᠠᠳ ᠤᠨ ᠠᠮᠢᠳᠤᠷᠠᠯ ᠢ ᠪᠠᠲᠤᠯᠠᠬᠤ | ᠴᠢᠬᠤᠯᠠ ᠦᠢᠯᠡᠳᠦᠯ ᠢ ᠨᠢ ᠪᠠᠳᠠᠷᠠᠭᠤᠯᠤᠭᠰᠠᠨ ᠪᠠᠶᠢᠨ᠎ᠠ᠃ | 2024 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ | ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠶᠠᠪᠤᠳᠠᠯ ᠤᠨ | ᠶᠠᠮᠤᠨ᠂ ᠡᠳ᠋ ᠤᠨ ᠵᠠᠰᠠᠭ ᠤᠨ ᠶᠠᠮᠤᠨ ᠯᠤᠭ᠎ᠠ ᠣᠶᠢᠯᠠᠭᠠᠯᠴᠠᠨ | ᠵᠣᠯᠭᠠᠯᠳᠤᠬᠤ ᠪᠠᠨ ᠢᠳᠡᠪᠬᠢᠲᠡᠢ ᠰᠠᠶᠢᠲᠤᠷ ᠬᠢᠵᠦ᠂ ᠲᠥᠪ ᠤᠨ | ᠡᠳ᠋ ᠤᠨ ᠵᠠᠰᠠᠭ ᠤᠨ ᠥᠪᠥᠷ ᠮᠣᠩᠭᠤᠯ ᠤᠨ ᠬᠦᠴᠢᠷᠳᠡᠯᠲᠡᠢ ᠣᠯᠠᠨ | ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢ ᠨᠢ | ᠡᠷᠴᠢᠮᠵᠢᠭᠦᠯᠬᠦ ᠪᠠᠷ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ ᠨᠢ ᠪᠥᠬᠦ ᠣᠷᠣᠨ ᠤ ᠡᠯ᠎ᠡ | ᠭᠠᠵᠠᠷ ᠤᠨ ᠡᠳ᠋ ᠤᠨ ᠵᠠᠰᠠᠭ᠂ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠤᠳ ᠢ ᠱᠠᠭᠠᠷᠳᠠᠬᠤ ᠳᠤ ᠪᠠᠨ ᠨᠢᠭᠲᠠ ᠬᠠᠮᠵᠢᠯᠴᠠᠵᠤ᠂ | ᠠᠰᠠᠭᠤᠳᠠᠯ ᠢ ᠴᠠᠭ ᠲᠤᠬᠠᠢ ᠳᠤ ᠨᠢ ᠢᠯᠡᠷᠡᠭᠦᠯᠦᠨ | ᠰᠢᠢᠳᠪᠦᠷᠢᠯᠡᠬᠦ ᠬᠡᠷᠡᠭᠲᠡᠢ︔ ︽ᠴᠢᠳᠠᠯ ᠤᠨ ᠢᠶᠠᠨ ᠬᠢᠷᠢ ᠪᠠᠷ | ᠴᠢᠷᠮᠠᠶᠢᠨ ᠬᠢᠬᠦ︾ ᠵᠠᠷᠴᠢᠮ ᠶᠣᠰᠣᠭᠠᠷ᠂ ᠪᠠᠲᠤᠯᠠᠬᠤ ᠡᠲᠡᠭᠡᠳ ᠢ | ᠨᠠᠷᠢᠯᠢᠭ ᠣᠨᠣᠴᠠᠲᠠᠢ ᠮᠠᠭᠠᠳᠯᠠᠨ ᠲᠣᠭᠲᠠᠭᠠᠬᠤ ᠠᠵᠢᠯ ᠢᠶᠠᠨ | ᠴᠢᠩᠭ᠎ᠠ ᠰᠠᠶᠢᠲᠤᠷ ᠬᠢᠬᠦ ᠬᠡᠷᠡᠭᠲᠡᠢ︔ ᠬᠦᠴᠢᠷᠳᠡᠯᠲᠡᠢ ᠣᠯᠠᠨ | ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠶᠢᠨ ᠬᠡᠷᠡᠭᠯᠡᠯᠲᠡ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠥᠰᠥᠪ ᠢ | ᠬᠡᠷᠡᠭᠵᠢᠭᠦᠯᠬᠦ ᠠᠬᠢᠴᠠ ᠪᠠᠨ ᠲᠦᠷᠭᠡᠳᠬᠡᠨ᠂ ᠪᠡᠯᠡ ᠮᠦᠩᠭᠦᠨ ᠤ | ᠵᠠᠷᠤᠯᠭ᠎ᠠ ᠶᠢᠨ ᠪᠦᠲᠦᠴᠡ ᠶᠢ ᠴᠢᠨᠠᠭᠰᠢᠳᠠ ᠤᠯᠠᠮ | ᠰᠢᠯᠢᠳᠡᠭᠵᠢᠭᠦᠯᠵᠦ᠂ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ | ᠠᠰᠢᠭ ᠢ ᠦᠨᠡᠨ ᠬᠦ ᠳᠡᠭᠡᠭᠰᠢᠯᠡᠭᠦᠯᠦᠨ᠂ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠨᠠᠩ ᠰᠠᠶᠢᠨ ᠪᠠᠲᠤᠯᠠᠬᠤ | ᠬᠡᠷᠡᠭᠲᠡᠢ ᠭᠡᠵᠡᠢ᠃ |