ᠲᠦᠭᠡᠮᠡᠯ ᠬᠠᠷᠠᠭᠠᠯᠵᠠᠯᠲᠤ ᠳᠠᠭᠠᠳᠬᠠᠯ ᠪᠣᠯ ᠳᠤᠮᠳᠠᠳᠤ ᠤᠯᠤᠰ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠃ | ᠡᠮᠦᠨᠡᠬᠡᠨ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ︽ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ | ᠲᠣᠭᠲᠠᠭᠠᠯ ᠢ ᠬᠦᠴᠦᠯᠡᠨ ᠲᠡᠭᠦᠯᠳᠡᠷᠵᠢᠭᠦᠯᠬᠦ ᠶᠢᠨ ᠬᠠᠮᠲᠤ ᠬᠦᠴᠦᠲᠡᠶ ᠲᠥᠷᠥ ᠶᠢᠨ ᠪᠣᠳᠣᠯᠭ᠎ᠠ ᠪᠠᠷ ᠳᠡᠮᠵᠢᠵᠦ᠂ ᠳᠠᠭᠠᠳᠬᠠᠯ ᠤᠨ ᠦᠢᠯᠡᠰ ᠤᠨ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠡᠵᠡᠩᠨᠡᠯᠲᠡ ᠶᠢᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠪᠡ᠃ | ᠠᠷᠠᠳ ᠢᠷᠭᠡᠳ ᠤᠨ ︽ᠣᠯᠵᠤ ᠬᠤᠳᠠᠯᠳᠤᠨ ᠠᠪᠬᠤ︾ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ ᠪᠠᠲᠤᠯᠠᠨ᠎ᠠ | ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ | ᠣᠳᠣᠬᠠᠨ ᠳᠤ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠨᠢ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠤᠬᠠᠶᠢᠯᠠᠭᠰᠠᠨ ᠠᠵᠢᠯ ᠢᠶᠠᠨ ᠢᠳᠡᠪᠬᠢᠲᠡᠶ ᠥᠷᠨᠢᠭᠦᠯᠵᠦ᠂ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠦᠢᠯᠡᠳᠬᠦᠨ ᠤ ᠲᠥᠷᠥᠯ ᠬᠡᠯᠪᠡᠷᠢ ᠶᠢ ᠲᠠᠰᠤᠷᠠᠯᠲᠠ | ᠥᠬᠡᠶ ᠪᠠᠶᠠᠯᠢᠭᠵᠢᠭᠤᠯᠵᠤ᠂ ᠨᠡᠶᠢᠭᠡᠮ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠭᠰᠡᠨ ᠠᠴᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠪᠦᠬᠦᠯᠢ ᠴᠣᠭᠴᠠ | ᠲᠣᠭᠲᠠᠭᠤᠨ ᠢᠶᠠᠷ ᠬᠥᠭᠵᠢᠬᠦ ᠬᠠᠨᠳᠤᠰᠢ ᠲᠠᠢ ᠪᠣᠯᠵᠠᠶ᠃ ᠭᠡᠪᠡᠴᠦ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠦᠢᠯᠡᠴᠢᠯᠡᠭᠡᠨ ᠤ ᠥᠷᠭᠡᠴᠡ ᠬᠦᠷᠦᠯᠴᠡᠬᠦ ᠥᠬᠡᠶ᠂ | ᠶᠠᠰᠤ ᠴᠢᠨᠠᠷ ᠰᠠᠶᠢᠨ ᠪᠢᠰᠢ᠂ ᠰᠢᠨ᠎ᠡ ᠶᠢ ᠡᠭᠦᠳᠬᠦ ᠪᠠᠷ ᠭᠦᠢᠴᠡᠳ ᠪᠣᠰᠤ ᠵᠡᠷᠭᠡ ᠠᠰᠠᠭᠤᠳᠠᠯ ᠤᠳ ᠮᠥᠨ ᠬᠦ ᠣᠷᠣᠰᠢᠵᠤ ᠪᠠᠶᠢᠨ᠎ᠠ ᠭᠡᠵᠡᠢ᠃ | ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠰᠠᠨᠠᠯ︾ ᠳᠤ ᠬᠡᠳᠦᠨ ᠦᠨᠳᠦᠰᠦᠨ ᠵᠠᠷᠴᠢᠮ ᠢ | ᠲᠣᠳᠣᠷᠬᠠᠶᠢᠯᠠᠪᠠ᠄ | ᠥᠷᠭᠡᠨ ᠬᠡᠪᠴᠢᠶ᠎ᠡ ᠪᠠᠷ ᠬᠠᠮᠤᠷᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ ᠦᠢᠯᠡᠳᠬᠦᠨ ᠢ | ᠪᠠᠷᠢᠮᠵᠢᠶᠠᠵᠢᠭᠤᠯᠬᠤ᠂ ᠬᠢᠯᠪᠠᠷᠵᠢᠭᠤᠯᠬᠤ᠂ ᠳᠥᠭᠦᠮᠴᠢᠯᠡᠬᠦ ᠶᠢ ᠠᠬᠢᠭᠤᠯᠵᠤ᠂ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠂ ᠠᠷᠠᠳ ᠣᠯᠠᠨ ᠤ ᠳᠠᠭᠠᠳᠬᠠᠯ ᠢ | ︽ᠣᠯᠵᠤ ᠬᠤᠳᠠᠯᠳᠤᠨ ᠠᠪᠬᠤ︾ ᠶᠢ ᠦᠨᠡᠨ ᠬᠦ ᠪᠠᠲᠤᠯᠠᠨ᠎ᠠ᠃ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠴᠢᠯᠡᠭᠡᠨ ᠤ ᠡᠭᠦᠷᠭᠡᠯᠡᠵᠦ | ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠬᠦᠮᠦᠰ ᠲᠤ ᠬᠢ ᠳᠠᠭᠠᠳᠬᠠᠯ ᠤᠨ ᠦᠢᠯᠡᠴᠢᠯᠡᠭᠡ ᠶᠢ | ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ ᠬᠡᠯᠪᠠᠶᠢᠯᠲᠡ ᠶᠢ ᠡᠷᠴᠢᠮᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠣᠯᠭᠤᠬᠤ ᠶᠢ | ᠴᠢᠩᠭᠠᠷᠠᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠳ ᠣᠯᠠᠨ ᠤ ᠳᠠᠭᠠᠳᠬᠠᠯ ︽ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ | ᠪᠠᠲᠤᠯᠠᠨ᠎ᠠ᠃ | ᠲᠥᠪ ᠭᠤᠣᠯᠴᠢ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠵᠤ᠂ ᠳᠠᠭᠠᠳᠬᠠᠯ ᠤᠨ ᠦᠢᠯᠡᠳᠬᠦᠨ ᠤ ᠪᠠᠲᠤᠯᠠᠭ᠎ᠠ ᠶᠢᠨ ᠰᠢᠨᠵᠢ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ | ᠨᠡᠶᠢᠲᠡ ᠶᠢᠨ ᠳᠠᠭᠠᠳᠬᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠡᠷ᠎ᠡ ᠶᠢᠨ ᠵᠣᠷᠢᠭ ᠰᠠᠨᠠᠭ᠎ᠠ ᠪᠠ ᠦᠨᠡᠨᠴᠢ ᠢᠲᠡᠭᠡᠮᠵᠢ ᠶᠢᠨ ᠰᠣᠶᠣᠯ ᠢ ᠪᠤᠶᠢᠵᠢᠭᠤᠯᠬᠤ ᠬᠡᠷᠡᠭᠲᠡᠶ᠃ | ᠲᠦᠯᠦᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠰᠠᠶᠢᠵᠢᠷᠠᠭᠤᠯᠵᠤ᠂ ᠬᠠᠤᠯᠢ ᠲᠣᠭᠲᠠᠭᠠᠯ ᠳᠤ ᠨᠡᠶᠢᠴᠡᠭᠰᠡᠨ ︽ᠲᠦᠯᠦᠪᠦᠷᠢ ᠳᠤ | ᠬᠠᠨᠤᠮᠵᠢᠲᠠᠢ ᠪᠠᠶᠢᠬᠤ︾ ᠶᠢ ᠦᠨᠡᠨ ᠬᠦ ᠠᠬᠢᠭᠤᠯᠤᠨ᠎ᠠ᠃ | ᠯᠠᠪᠳᠠᠭᠤᠨ ᠪᠠᠲᠤᠲᠠᠢ ᠪᠠᠷ ᠠᠵᠢᠯᠯᠠᠭᠤᠯᠬᠤ ᠶᠢ ᠪᠠᠷᠢᠮᠲᠠᠯᠠᠵᠤ᠂ ᠳᠠᠭᠠᠳᠬᠠᠯ ᠤᠨ ᠡᠵᠡᠩᠨᠡᠯᠲᠡ ᠶᠢᠨ ᠦᠷᠭᠦᠯᠵᠢᠯᠡᠬᠦ᠋ᠢᠴᠡ ᠴᠢᠨᠠᠷ ᠢ ᠳᠡᠭᠡᠭᠰᠢᠯᠡᠭᠦᠯᠦᠨ᠎ᠡ᠃ ᠳᠠᠭᠠᠳᠬᠠᠯ ᠤᠨ | ᠡᠵᠡᠩᠨᠡᠯᠲᠡ ᠶᠢᠨ ᠵᠢᠮ᠎ᠡ ᠶᠣᠰᠣ ᠶᠢ ᠡ᠊ ᠵᠡᠮᠳᠡᠵᠦ᠂ ᠦᠢᠯᠡᠳᠬᠦᠨ ᠤ ᠦᠨ᠎ᠡ ᠲᠣᠭᠲᠠᠭᠠᠵᠤ ᠡᠭᠡᠭᠦᠯᠦᠨ ᠮᠥᠷᠳᠡᠬᠦ ᠵᠠᠳᠠᠯᠤᠯᠲᠠ ᠶᠢ ᠴᠢᠩᠭᠠᠷᠠᠭᠤᠯᠵᠤ᠂ ᠤᠷᠲᠤ ᠬᠤᠭᠤᠴᠠᠭᠠᠨ ᠤ | ᠦᠶᠡᠯᠡᠯ ᠤᠨ ᠦᠨᠡᠯᠡᠨ ᠵᠢᠱᠢᠵᠦ ᠬᠢᠨᠠᠨ ᠰᠢᠯᠭᠠᠬᠤ ᠶᠢ ᠡᠷᠴᠢᠮᠵᠢᠭᠦᠯᠵᠦ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠣᠷᠳᠣ ᠬᠤᠭᠤᠴᠠᠭᠠᠨ ᠤ ᠡᠷᠡᠭᠦᠯ ᠬᠥᠭᠵᠢᠯᠲᠡ ᠶᠢ | ᠠᠬᠢᠭᠤᠯᠤᠨ᠎ᠠ᠃ | ᠲᠥᠪ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠳᠠᠭᠠᠳᠬᠠᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠲᠤᠤ ᠼᠦᠨ ᠸᠧᠨ ᠲᠣᠰ ᠰᠣᠨᠢᠨ ᠤ | ᠰᠤᠷᠪᠤᠯᠵᠢᠯᠠᠭᠴᠢ ᠳᠤ ᠬᠡᠯᠡᠬᠦ ᠳᠤ ᠪᠠᠨ᠂ ︽ᠰᠠᠨᠠᠯ︾ ᠤᠨ ᠨᠡᠶᠢᠲᠡᠯᠡᠭᠳᠡᠭᠰᠡᠨ ᠨᠢ ᠲᠥᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠳᠠᠬᠢ ᠴᠢᠬᠤᠯᠠ ᠪᠠᠶᠢᠷᠢ ᠰᠠᠭᠤᠷᠢ ᠶᠢ ᠢᠯᠡᠷᠡᠭᠦᠯᠪᠡ᠃ ︽ᠰᠠᠨᠠᠯ︾ ᠳᠤ ᠳᠤᠷᠠᠳᠤᠭᠰᠠᠨ ᠵᠠᠷᠴᠢᠮ᠂ ᠬᠠᠷᠠᠯᠲᠠ᠂ ᠠᠷᠭ᠎ᠠ ᠬᠡᠮᠵᠢᠶ᠎ᠡ ᠨᠢ ᠥᠩᠭᠡᠷᠡᠭᠰᠡᠨ ᠤ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠲᠤᠷᠰᠢᠯᠲᠠ ᠶᠢᠨ ᠶᠠᠪᠤᠴᠠ ᠳᠠᠬᠢ ᠲᠤᠷᠰᠢᠯᠭ᠎ᠠ ᠨᠤᠭᠤᠳ ᠢ ᠰᠢᠰᠲ᠋ᠧᠮ ᠲᠠᠢ ᠳ᠋ᠦᠩᠨᠡᠨ ᠰᠢᠩᠭᠡᠭᠡᠨ ᠠᠪᠴᠤ᠂ ᠲᠦᠭᠡᠮᠡᠯ ᠬᠠᠷᠠᠭᠠᠯᠵᠠᠯᠲᠤ | ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠠᠰᠢᠭ ᠨᠡᠮᠡᠷᠢᠯᠡᠭᠰᠡᠨ ᠪᠠᠶᠢᠨ᠎ᠠ ᠭᠡᠵᠡᠢ᠃ | ᠲᠦᠭᠰᠢᠭᠦᠷᠢ ᠠᠴᠠ ᠪᠠᠲᠤᠯᠠᠬᠤ ᠬᠠᠮᠤᠷᠬᠤ ᠬᠡᠪᠴᠢᠶ᠎ᠡ ᠶᠢ ᠥᠷᠭᠡᠳᠭᠡᠨ᠎ᠡ | ᠪᠣᠳᠠᠲᠠᠶ ᠪᠠᠶᠢᠳᠠᠯ ᠠᠴᠠ ᠦᠵᠡᠪᠡᠯ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠬᠤ ᠪᠣᠯ ︽ᠰᠠᠨᠠᠯ︾ | ᠤᠨ ᠴᠢᠬᠤᠯᠠ ᠦᠵᠡᠴᠡ ᠪᠣᠯᠤᠨ᠎ᠠ᠃ | ᠣᠨᠴᠠᠭᠠᠢ ᠲᠣᠭᠲᠠᠭᠠᠭᠰᠠᠨ ᠬᠠᠮᠲᠤᠯᠢᠭ ᠲᠤ ᠳᠠᠭᠠᠳᠬᠠᠯ ᠤᠨ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠬᠦ ᠲᠠᠯ᠎ᠠ ᠪᠠᠷ᠂ ︽ᠰᠠᠨᠠᠯ︾ ᠳᠤ ︽ᠨᠠᠰᠤᠲᠠᠶᠢᠴᠤᠳ ᠤᠨ | ᠬᠡᠷᠡᠭᠴᠡᠭᠡ ᠱᠠᠭᠠᠷᠳᠠᠯᠭ᠎ᠠ ᠪᠠ ᠳᠥᠯᠥᠬᠦ ᠴᠢᠳᠠᠪᠤᠷᠢ ᠳᠤ ᠳᠣᠭᠢᠷᠠᠬᠤ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠪᠠ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ | ᠶᠡᠭᠡ ᠪᠠᠷ ᠬᠥᠭᠵᠢᠭᠦᠯᠬᠦ︾ ︽ᠡᠮᠡᠭᠲᠡᠶᠢᠴᠦᠳ ᠤᠨ ︿ᠬᠤᠶᠠᠷ ᠥᠮᠡᠨ﹀᠂ ᠬᠡᠤᠬᠡᠳ ᠤᠨ ᠲᠥᠷᠥᠯᠬᠢ ᠴᠢᠨᠠᠷᠲᠠᠶ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠶᠢᠨ | ᠳᠠᠭᠠᠳᠬᠠᠯ ᠤᠨ ᠪᠠᠲᠤᠯᠠᠭ᠎ᠠ ᠶᠢ ᠴᠢᠩᠭᠠᠳᠬᠠᠬᠤ︾ ᠵᠡᠷᠭᠡ ᠠᠷᠭ᠎ᠠ ᠬᠡᠮᠵᠢᠶ᠎ᠡ ᠶᠢ ᠳᠤᠷᠠᠳᠤᠭᠰᠠᠨ ᠢᠶᠠᠷ ᠪᠠᠷᠠᠬᠤ ᠥᠬᠡᠶ᠂ ᠪᠠᠰᠠ ᠪᠠᠷᠢᠯᠭ᠎ᠠ ᠶᠢᠨ ᠠᠵᠢᠯᠴᠢᠨ᠂ ᠲᠦᠷᠭᠡᠨ | ᠬᠦᠷᠭᠡᠯᠲᠡ ᠶᠢᠨ ᠵᠢᠯᠣᠭᠤᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠪᠠᠷᠠᠭᠠᠨ ᠲᠡᠷᠭᠡᠨ ᠤ ᠵᠢᠯᠣᠭᠤᠴᠢ᠂ ᠰᠦᠯᠵᠢᠶᠡᠨ ᠤ ᠳᠡᠯᠭᠡᠭᠦᠷ ᠤᠨ ᠡᠵᠡᠩᠨᠡᠭᠴᠢ | ᠵᠡᠷᠭᠡ ᠬᠤᠲᠠ ᠶᠢᠨ ᠰᠢᠨ᠎ᠡ ᠠᠷᠠᠳ ᠤᠨ ᠬᠠᠮᠲᠤᠯᠢᠭ ᠪᠠ ᠠᠮᠢᠳᠤᠯᠢᠭ ᠢᠶᠠᠷ ᠠᠵᠢᠯ ᠣᠯᠤᠭᠰᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠴᠠᠩᠭᠤᠶ ᠰᠢᠨ᠎ᠡ ᠠᠵᠢᠯ | ᠣᠯᠭᠤᠯᠲᠠ ᠶᠢᠨ ᠬᠡᠯᠪᠡᠷᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠢ ᠥᠷᠨᠢᠭᠦᠯᠬᠦ ᠶᠢ | ᠳᠤᠷᠠᠳᠤᠨ ᠭᠠᠷᠭᠠᠪᠠ᠃ | ᠭᠤᠤᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠠᠴᠠ ᠪᠠᠲᠤᠯᠠᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ᠂ ︽ᠰᠠᠨᠠᠯ︾ ᠳᠤ ︽ᠣᠷᠣᠯᠭ᠎ᠠ ᠶᠢᠨ ᠳᠠᠭᠠᠳᠬᠠᠯ ᠪᠠ | ᠠᠭᠤᠷ ᠠᠮᠢᠰᠬᠤᠯ ᠤᠨ ᠵᠢᠭᠠᠯᠲᠠ ᠲᠣᠭᠠᠨ ᠤ ᠳᠠᠭᠠᠳᠬᠠᠯ ᠳᠤ ᠰᠢᠨ᠎ᠡ ᠶᠢ ᠡᠭᠦᠳᠦᠨ ᠬᠥᠭᠵᠢᠭᠦᠯᠬᠦ︾ ︽ᠳᠠᠭᠠᠳᠬᠠᠯ ᠳᠤ ᠣᠷᠣᠯᠴᠠᠬᠤ ᠳᠤ ᠳᠥᠭᠦᠮ᠂ ᠰᠦᠢᠳᠬᠡᠯ | ᠲᠤᠰᠢᠶᠠᠬᠤ ᠳᠤ ᠠᠮᠢᠳᠤᠯᠢᠭ᠂ ᠠᠰᠢᠭ ᠣᠷᠣᠯᠭ᠎ᠠ ᠯᠠᠪᠳᠠᠭᠤᠨ᠂ ᠬᠡᠯᠪᠡᠷᠢ ᠮᠠᠶ᠋ᠢᠭ ᠣᠯᠠᠨ ᠶᠠᠩᠵᠤ ᠶᠢᠨ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠣᠨ ᠤ ᠮᠥᠩᠭᠦ ᠶᠢᠨ | ᠦᠢᠯᠡᠳᠬᠦᠨ︾ ︽ᠡᠮᠴᠢᠯᠡᠭᠡᠨ ᠤ ᠬᠠᠷᠢᠭᠤᠴᠠᠯᠭ᠎ᠠ᠂ ᠡᠮᠴᠢᠯᠡᠭᠡᠨ ᠤ ᠠᠳᠡᠯ ᠪᠠ ᠸᠠᠺᠼᠢᠨ ᠤ ᠲᠠᠷᠢᠯᠭ᠎ᠠ ᠬᠢᠬᠦ ᠵᠡᠷᠭᠡ ᠬᠤᠯᠪᠣᠭᠳᠠᠯ ᠪᠥᠬᠦᠶ ᠳᠠᠭᠠᠳᠬᠠᠯ ᠢ ᠢᠳᠡᠪᠬᠢᠲᠡᠶ | ᠬᠥᠭᠵᠢᠭᠦᠯᠬᠦ︾ ᠵᠡᠷᠭᠡ ᠠᠷᠭ᠎ᠠ ᠬᠡᠮᠵᠢᠶ᠎ᠡ ᠶᠢ ᠳᠤᠷᠠᠳᠪᠠ᠃ ᠡᠭᠦᠨ ᠤ ᠬᠠᠮᠲᠤ᠂ ︽ᠰᠠᠨᠠᠯ︾ ᠳᠤ ᠬᠥᠳᠡᠭᠡ ᠲᠣᠰᠬᠤᠨ ᠪᠠ ᠬᠢᠯᠢ ᠬᠢᠵᠠᠭᠠᠷ ᠣᠷᠣᠨ ᠤ ᠣᠯᠠᠨ ᠲᠦᠮᠡᠨ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠵᠡᠷᠭᠡ ᠶᠢᠨ ᠪᠣᠳᠠᠲᠤ ᠪᠠᠶᠢᠳᠠᠯ ᠪᠠ ᠳᠠᠭᠠᠳᠬᠠᠯ ᠤᠨ ᠬᠡᠷᠡᠭᠴᠡᠭᠡ | ᠱᠠᠭᠠᠷᠳᠠᠯᠭ᠎ᠠ ᠳᠤ ᠴᠢᠭᠯᠡᠭᠦᠯᠦᠨ᠂ ᠰᠠᠨᠠᠭᠠᠨ ᠳᠤ ᠥᠬᠡᠶ ᠰᠢᠷᠬᠠᠲᠤᠯ ᠤᠨ ᠳᠠᠭᠠᠳᠬᠠᠯ᠂ ᠡᠷᠡᠭᠦᠯ ᠮᠡᠨᠳᠦ ᠶᠢᠨ ᠳᠠᠭᠠᠳᠬᠠᠯ᠂ ᠲᠣᠭᠲᠠᠮᠠᠯ ᠬᠤᠭᠤᠴᠠᠭᠠᠲᠤ ᠠᠮᠢ ᠨᠠᠰᠤᠨ ᠤ | ᠳᠠᠭᠠᠳᠬᠠᠯ᠂ ᠬᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠵᠡᠷᠭᠡ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠰᠠᠨᠠᠭᠠᠴᠢᠯᠠᠪᠠ᠃ | ︽ᠳᠠᠭᠠᠳᠬᠠᠯ ᠨᠢ ︿ᠠᠵᠤ ᠠᠬᠤᠶ ᠶᠢᠨ ᠳᠣᠷᠭᠢᠯᠲᠠ ᠶᠢ ᠪᠠᠭᠠᠰᠬᠠᠬᠤ﹀ ᠪᠠ ︿ᠨᠡᠶᠢᠭᠡᠮ ᠤᠨ ᠪᠠᠶᠢᠳᠠᠯ ᠢ ᠲᠣᠭᠲᠠᠪᠤᠷᠢᠵᠢᠭᠤᠯᠬᠤ﹀ ᠴᠢᠳᠠᠮᠵᠢ ᠲᠠᠢ ᠪᠠᠶᠢᠵᠤ᠂ ᠪᠣᠳᠠᠲᠤ | ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠬᠤᠯᠠ ᠬᠦᠴᠦᠨ ᠪᠣᠯᠤᠨ᠎ᠠ᠃ ᠤᠲᠤᠬᠠᠨ ᠳᠤ ᠳᠤᠮᠲᠠᠲᠦ ᠤᠯᠤᠰ ᠤᠨ ᠲᠠᠭᠠᠳᠬᠠᠯ ᠤᠨ ᠦᠢᠯᠡᠰ ᠳᠦᠷᠬᠡᠨ ᠲᠠᠪᠰᠢᠭᠰᠠᠨ | ᠪᠤᠯᠪᠠᠴᠦ ᠲᠠᠭᠠᠳᠬᠠᠯ ᠤᠨ ᠭᠦᠨᠴᠡ ᠪᠠ ᠨᠢᠭᠲᠠᠴᠠ ᠶᠢᠨ ᠬᠡᠮᠵᠢᠶ᠎ᠡ ᠶᠢ ᠲᠡᠬᠡᠭᠰᠢᠯᠡᠭᠦᠯᠭᠦ ᠴᠢᠬᠤᠯᠠᠲᠠᠢ ᠪᠠᠶᠢᠨ᠎ᠠ᠃ ᠡᠨᠡ ᠬᠦ ᠠᠬᠤᠶ ᠪᠠᠶᠢᠳᠠᠯ ᠳᠤ᠂ ︽ᠰᠠᠨᠠᠯ︾ ᠳᠠᠬᠢ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠵᠠᠷᠴᠢᠮ ᠪᠠ ᠬᠠᠷᠠᠯᠲᠠ ᠶᠢ ᠳᠠᠷᠦ᠋ᠢᠬᠠᠨ ᠲᠣᠳᠣᠷᠬᠠᠶᠢᠯᠠᠬᠤ ᠪᠠ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠲᠦᠷᠢᠮ ᠢ | ᠲᠡᠭᠦᠯᠳᠡᠷᠵᠢᠭᠦᠯᠬᠦ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠠᠪᠬᠤ ᠨᠢ ᠲᠦᠢᠯ ᠤᠨ ᠴᠢᠬᠤᠯᠠᠲᠠᠶ ᠶᠤᠮ᠃︾ ᠮᠥᠩᠭᠦᠨ ᠭᠦᠢᠯᠭᠡᠭᠡᠨ ᠤ ᠲᠡᠷᠢᠭᠦᠨ ᠰᠤᠳᠤᠯᠤᠭᠴᠢ ᠳ᠋ᠦᠩ ᠰᠢ | ᠮᠢᠶᠣᠣ ᠲᠤᠰ ᠰᠣᠨᠢᠨ ᠤ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠪᠣᠳᠠᠲᠠᠢ ᠠᠷᠭ᠎ᠠ ᠬᠡᠮᠵᠢᠶ᠎ᠡ ᠠᠴᠠ ᠦᠵᠡᠪᠡᠯ᠂ ︽ᠰᠠᠨᠠᠯ︾ ᠨᠢ ᠳᠠᠭᠠᠳᠬᠠᠯ ᠤᠨ ᠦᠢᠯᠡᠳᠬᠦᠨ ᠤ | ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠳᠤ ᠠᠰᠢᠭᠲᠠᠢ ᠭᠡᠵᠡᠢ᠃ | ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠯᠠᠪᠳᠠᠭᠤᠨ ᠪᠠᠲᠤᠲᠠᠶ ᠳᠡᠭᠡᠭᠰᠢᠯᠡᠭᠦᠯᠦᠨ᠎ᠡ | ᠢᠷᠡᠭᠡᠳᠦᠶ ᠶᠢᠨ ᠲᠠᠪᠤᠨ ᠵᠢᠯ ᠳᠤ᠂ ᠴᠢᠨᠠᠷ ᠰᠠᠶᠢᠲᠠᠶ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠶᠢᠨ ᠰᠢᠰᠲ᠋ᠧᠮ ᠢ ᠦᠨᠳᠦᠰᠦᠨ ᠳᠤ ᠪᠠᠨ ᠪᠠᠶᠢᠭᠤᠯᠤᠨ᠎ᠠ᠃ | ᠡᠨᠡ ᠪᠣᠯ ︽ᠰᠠᠨᠠᠯ︾ ᠤᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠳᠤᠷᠠᠳᠤᠭᠰᠠᠨ ᠲᠣᠳᠣᠷᠬᠠᠶ ᠬᠠᠷᠠᠯᠲᠠ ᠮᠥᠨ᠃ ᠤᠯᠤᠰ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠤ ᠪᠠᠨ᠂ ᠳᠠᠭᠠᠳᠬᠠᠯ ᠤᠨ ᠺᠣᠮᠫᠠᠨᠢ ᠠᠷᠠᠳ ᠤᠨ ᠠᠮᠢᠳᠤᠷᠠᠯ ᠢ ᠪᠠᠲᠤᠯᠠᠬᠤ᠂ | ᠨᠡᠶᠢᠭᠡᠮ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠣᠰ ᠪᠡᠶ᠎ᠡ ᠶᠢᠨ ᠡᠵᠡᠩᠨᠡᠯᠲᠡ ᠶᠢᠨ ᠣᠨᠴᠠᠯᠢᠭ ᠪᠠ ᠳᠠᠪᠠᠭᠤᠯᠢᠭ ᠲᠤ ᠪᠠᠨ | ᠰᠠᠭᠤᠷᠢᠯᠠᠨ᠂ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠬᠥᠭᠵᠢᠯᠲᠡ ᠳᠤ ᠢᠳᠡᠪᠬᠢᠲᠡᠶ ᠣᠷᠣᠯᠴᠠᠬᠤ ᠪᠠ ᠠᠬᠢᠭᠤᠯᠬᠤ ᠬᠡᠷᠡᠭᠲᠡᠶ ᠭᠡᠵᠡᠶ᠃ | ᠡᠮᠦᠨᠡᠬᠡᠨ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠶᠡᠷᠦᠩᠬᠡᠢ ᠬᠡᠪᠴᠢᠶ᠎ᠡ ᠨᠢ 100 ᠳ᠋ᠦᠩᠰᠢᠭᠤᠷ ᠲᠥᠭᠦᠷᠢᠭ ᠤᠨ᠂ ᠠᠩᠬᠠᠨ ᠤ | ᠬᠤᠭᠤᠴᠠᠭ᠎ᠠ ᠳᠤ 50 ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠤᠭᠤᠷᠤᠯᠴᠤᠳ ᠤᠨ ᠠᠵᠤ ᠠᠬᠤᠶ ᠶᠢᠨ ᠠᠵᠤ ᠦᠢᠯᠡᠰ ᠤᠨ ᠪᠠᠯᠠ ᠣᠷᠣᠭᠤᠯᠤᠯᠲᠠ ᠶᠢᠨ ᠰᠠᠭᠤᠷᠢ | ᠮᠥᠩᠭᠦ ᠶᠢ ᠡᠬᠢᠯᠡᠨ ᠪᠠᠶᠢᠭᠤᠯᠵᠠᠢ᠂ ᠡᠨᠡ ᠨᠢ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ ᠶᠤᠮ᠃ 2023 ᠣᠨ ᠤ ᠡᠴᠦᠰ ᠪᠣᠯᠲᠠᠯ᠎ᠠ᠂ | ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠨᠡᠯᠢᠶᠡᠳ ᠴᠢᠩᠭ᠎ᠠ ᠨᠠᠰᠤᠵᠢᠯ ᠤᠨ ᠠᠰᠠᠷᠠᠮᠵᠢ ᠶᠢᠨ ᠰᠢᠨᠵᠢ ᠴᠢᠨᠠᠷ ᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠤᠨ | ᠬᠤᠷᠠᠮᠳᠤᠭᠤᠯᠭ᠎ᠠ ᠶᠢᠨ ᠪᠡᠯᠡᠳᠬᠡᠯ ᠮᠥᠩᠭᠦ 1.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2023 ᠣᠨ ᠳᠤ ᠨᠠᠰᠤᠲᠠᠶᠢᠴᠤᠳ ᠵᠡᠷᠭᠡ ᠬᠥᠮᠦᠰ ᠤᠨ ᠳᠠᠭᠠᠳᠬᠠᠯ ᠢ | ᠳᠠᠭᠠᠭᠠᠭᠰᠠᠨ ᠲᠤᠭ᠎ᠠ 1.6 ᠳ᠋ᠦᠩᠰᠢᠭᠤᠷ ᠬᠥᠮᠦᠨ ᠤᠳᠠᠭ᠎ᠠ ᠳᠤ ᠬᠦᠷᠪᠡ᠃ ︽ᠪᠢᠳᠡ ᠦᠷᠭᠦᠯᠵᠢᠯᠡᠨ ᠨᠡᠩ ᠥᠨᠳᠥᠷ ᠦᠷ᠎ᠡ ᠪᠦᠲᠦᠮᠵᠢ ᠲᠠᠢ᠂ ᠨᠡᠩ ᠳᠣᠣᠷ᠎ᠠ ᠥᠪᠡᠷ ᠤᠨ | ᠦᠷᠳᠡᠭ ᠲᠠᠢ᠂ ᠨᠡᠩ ᠪᠦᠲᠦᠮᠵᠢᠲᠡᠢ ᠲᠦᠭᠰᠢᠭᠦᠷᠢ ᠶᠢ ᠰᠡᠷᠭᠡᠶᠢᠯᠡᠬᠦ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠩᠭᠦᠨ ᠭᠦᠢᠯᠭᠡᠭᠡᠨ ᠤ ᠠᠮᠢᠳᠤ ᠬᠦᠴᠦᠨ ᠨᠡᠮᠡᠷᠢᠯᠡᠵᠦ᠂ | ᠨᠡᠩ ᠤᠯᠠᠨ ᠪᠥᠭᠡᠳ ᠠᠮᠤᠷ ᠲᠦᠪᠰᠢᠨ ᠴᠢᠨᠠᠷᠲᠠᠢ᠂ ᠠᠰᠢᠭ ᠣᠯᠵᠠᠪᠤᠷᠢ ᠶᠢᠨ ᠴᠢᠨᠠᠷᠲᠠᠢ᠂ ᠭᠦᠢᠯᠭᠡᠭᠡᠨ ᠤ ᠴᠢᠨᠠᠷᠲᠠᠢ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ | ᠳᠠᠭᠠᠳᠬᠠᠯ ᠤᠨ ᠦᠢᠯᠡᠳᠬᠦᠨ ᠢ ᠡᠭᠡᠯ ᠠᠷᠠᠳ ᠤᠨ ᠭᠡᠷ ᠲᠤ ᠣᠷᠣᠭᠤᠯᠤᠨ᠎ᠠ︾ ᠭᠡᠵᠦ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠪᠦᠯᠦᠭᠯᠡᠯ ᠤᠨ ᠬᠡᠷᠡᠭ | ᠮᠡᠳᠡᠭᠴᠢᠳ ᠤᠨ ᠳᠠᠷᠤᠭ᠎ᠠ ᠪᠠᠢ ᠲᠣᠤ ᠬᠡᠯᠡᠪᠡ᠃ | ᠣᠶᠢᠷ᠎ᠠ ᠳᠤ᠂ ᠳᠤᠮᠳᠠᠳᠤ ᠤᠯᠤᠰ ᠤᠨ ᠲᠠᠢ ᠫᠢᠩ ᠶᠠᠩ ᠳᠠᠭᠠᠳᠬᠠᠯ ᠨᠢ ᠱᠠᠩᠬᠠᠢ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠵᠡᠷᠭᠡ ᠨᠢᠭᠡᠴᠢ ᠨᠦᠭᠦᠳ ᠲᠠᠢ ᠬᠠᠮᠲᠤᠷᠠᠨ | ᠠᠩᠬᠠᠳᠠᠭᠴᠢ ᠪᠦᠯᠦᠭ 642 ᠲᠣᠮᠣ ᠤᠯᠤᠰ ᠤᠨ ᠳᠠᠷᠬᠠᠨ᠂ ᠱᠠᠩᠬᠠᠢ ᠶᠢᠨ ᠤᠷᠠᠨ ᠳᠠᠷᠬᠠᠨ ᠤ ᠬᠢᠨ ᠳᠤ ︽ᠱᠠᠩᠬᠠᠢ ᠶᠢᠨ ᠭᠡᠷ ᠪᠥᠯᠢ ᠶᠢᠨ ᠳᠠᠭᠠᠳᠬᠠᠯ︾ ᠤᠨ ᠬᠠᠭᠤᠳᠠᠰᠤ ᠶᠢ | ᠪᠡᠯᠡᠭᠯᠡᠪᠡ᠃ ᠲᠠᠨᠢᠯᠴᠠᠭᠤᠯᠤᠭᠰᠠᠨ ᠢᠶᠠᠷ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠪᠣᠯ ᠱᠠᠩᠬᠠᠶ ᠬᠤᠲᠠ ᠶᠢᠨ ᠠᠷᠠᠳ ᠲᠤ ᠲᠤᠰᠬᠠᠶᠢᠯᠠᠨ ᠲᠣᠭᠲᠠᠭᠠᠭᠰᠠᠨ ᠠᠩᠬᠠᠳᠠᠭᠴᠢ | ᠬᠤᠲᠠ ᠶᠢᠨ ᠲᠦᠭᠡᠮᠡᠯ ᠬᠠᠷᠠᠭᠠᠯᠵᠠᠯᠲᠤ ᠬᠡᠯᠪᠡᠷᠢ ᠶᠢᠨ ᠬᠡᠷ ᠪᠦᠯᠢ ᠶᠢᠨ ᠶᠡᠷᠦᠩᠬᠡᠶᠢᠯᠡᠭᠰᠡᠨ ᠳᠠᠭᠠᠳᠬᠠᠯ ᠮᠥᠨ᠂ ︽ᠳᠠᠭᠠᠳᠬᠠᠯ + ᠦᠢᠯᠡᠴᠢᠯᠡᠭᠡ︾ ᠶᠢᠨ ᠰᠢᠨ᠎ᠡ ᠶᠢ ᠡᠭᠦᠳᠦᠭᠰᠡᠨ | ᠬᠠᠶᠢᠨ ᠰᠦᠪᠡᠭᠴᠢᠯᠡᠯᠲᠡ ᠮᠥᠨ᠂ ᠳᠠᠭᠠᠳᠬᠠᠯ ᠤᠨ ᠬᠠᠭᠤᠳᠠᠰᠤ ᠨᠢᠭᠡᠪᠦᠷᠢ ᠶᠢᠨ ᠶᠡᠷᠦᠩᠬᠡᠶ ᠳᠠᠭᠠᠳᠬᠠᠯ ᠤᠨ ᠲᠤᠭ᠎ᠠ ᠨᠢ 230 ᠲᠦᠮᠡᠨ ᠲᠥᠭᠦᠷᠢᠭ ᠲᠤ ᠬᠦᠷᠴᠡᠶ᠃ | ᠡᠭᠦᠨ ᠠᠴᠠ ᠭᠠᠳᠠᠨ᠎ᠠ᠂ ︽ᠱᠠᠩᠬᠠᠶ ᠶᠢᠨ ᠭᠡᠷ ᠪᠥᠯᠢ ᠶᠢᠨ ᠳᠠᠭᠠᠳᠬᠠᠯ︾ ᠨᠢ ᠪᠠᠰᠠ ᠬᠤᠲᠠ ᠶᠢᠨ ᠠᠷᠠᠳ ᠲᠤ ᠬᠠᠤᠯᠢ ᠴᠠᠭᠠᠵᠠ ᠶᠢᠨ ᠯᠠᠪᠯᠠᠭ᠎ᠠ᠂ ᠬᠡᠷ ᠤᠨ ᠴᠠᠬᠢᠯᠭᠠᠨ | ᠬᠡᠷᠡᠭᠰᠡᠯ ᠢ ᠤᠬᠢᠶᠠᠵᠤ ᠴᠡᠪᠡᠷᠯᠡᠬᠦ ᠵᠡᠷᠭᠡ ᠠᠮᠢᠳᠤᠷᠠᠯ ᠤᠨ ᠦᠢᠯᠡᠴᠢᠯᠡᠭᠡ ᠬᠠᠩᠭᠠᠪᠠ᠃ | ︽ᠳᠠᠷᠠᠭᠠᠴᠢ ᠪᠠᠷ᠂ ᠳᠠᠭᠠᠳᠬᠠᠯ ᠤᠨ ᠦᠢᠯᠡᠰ ︿ᠰᠠᠨᠠᠯ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠪᠠᠷᠢᠮᠵᠢᠶᠠᠵᠢᠭᠤᠯᠤᠭᠰᠠᠨ᠂ ᠲᠦᠭᠡᠮᠡᠯ | ᠬᠠᠷᠠᠭᠠᠯᠵᠠᠯᠲᠤ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡ ᠶᠢ ᠰᠢᠨ᠎ᠡ ᠪᠠᠷ ᠡᠭᠦᠳᠦᠨ ᠭᠠᠷᠭᠠᠬᠤ ᠶᠢᠨ ᠬᠠᠮᠲᠤ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠢ | ᠭᠦᠢᠴᠡᠳ ᠬᠡᠷᠡᠭᠯᠡᠨ ᠲᠦᠭᠡᠮᠡᠯ ᠬᠠᠷᠠᠭᠠᠯᠵᠠᠯᠲᠤ ᠳᠠᠭᠠᠳᠬᠠᠯ ᠤᠨ ᠦᠢᠯᠡᠴᠢᠯᠡᠭᠡᠨ ᠤ ᠲᠣᠭᠠᠴᠢᠯᠠᠯᠲᠠ᠂ ᠤᠶᠤᠨᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠨᠡ ᠬᠦ | ᠶᠠᠪᠤᠴᠠ ᠳᠤ᠂ ᠳᠠᠭᠠᠳᠬᠠᠯ ᠤᠨ ᠪᠠᠶᠢᠭᠤᠯᠤᠮᠵᠢ ᠪᠠᠰᠠ ᠳᠠᠭᠠᠳᠬᠠᠯ ᠬᠠᠷᠢᠭᠤᠴᠠᠬᠤ᠂ ᠬᠤᠬᠢᠷᠠᠯ ᠢ ᠬᠢᠨᠠᠬᠤ᠂ ᠲᠥᠯᠥᠬᠦ᠂ ᠪᠠᠶᠢᠴᠠᠭᠠᠨ ᠯᠠᠪᠯᠠᠬᠤ ᠵᠡᠷᠭᠡ ᠦᠢᠯᠡᠴᠢᠯᠡᠭᠡᠨ ᠤ | ᠳᠦᠭᠦᠮᠴᠢᠯᠡᠯᠲᠡ ᠶᠢᠨ ᠬᠡᠮᠵᠢᠶ᠎ᠡ ᠶᠢ ᠦᠷᠭᠦᠯᠵᠢᠯᠡᠨ ᠴᠢᠷᠮᠠᠶᠢᠨ ᠳᠡᠭᠡᠭᠰᠢᠯᠡᠭᠦᠯᠵᠦ᠂ ︿ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ ᠲᠦᠯᠦᠵᠦ ᠳᠡᠶᠢᠯᠬᠦ ᠶᠢ ᠨᠢ ᠲᠦᠷᠭᠡᠨ | ᠲᠥᠯᠥᠬᠦ﹀ ᠶᠢ ᠪᠡᠶᠡᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠨ᠎ᠠ︾ ᠭᠡᠵᠦ ᠳ᠋ᠦᠩ ᠰᠢ ᠮᠢᠶᠣᠣ ᠬᠡᠯᠡᠪᠡ᠃ |