ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠳᠤ᠂ | ᠸᠧ ᠯᠦᠩ ᠴᠠᠬᠢᠯᠭᠠᠨ ᠬᠥᠳᠡᠯᠭᠡᠭᠦᠷ ᠪᠦᠯᠦᠭᠯᠡᠯ ᠤᠨ ᠸᠧ ᠯᠦᠩ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠰᠦᠯ ᠶᠠᠭ ᠬᠦᠷ | ᠬᠥᠭᠵᠢᠶᠡᠨ ᠲᠠᠢ ᠪᠦᠲᠦᠭᠡᠨ ᠪᠠᠶᠢᠭᠤᠯᠤᠭᠳᠠᠵᠤ ᠪᠠᠶᠢᠨ᠎ᠠ᠃ | ︽ᠲᠣᠰ ᠲᠦᠰᠦᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠦᠭᠰᠡᠨ ᠨᠢ ᠪᠤᠭᠤᠲᠤ ᠬᠤᠲᠠ ᠪᠥᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠶ ᠶᠢᠨ ᠬᠡᠷᠡᠭᠯᠡᠭᠡᠨ ᠤ | ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠠᠯ᠎ᠠ ᠪᠠᠷ ᠴᠢᠬᠤᠯᠠ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠪᠥᠬᠦ ᠪᠥᠮᠪᠥᠷᠴᠡᠭ ᠤᠨ ᠴᠠᠬᠢᠯᠭᠠᠨ ᠮᠠᠰᠢᠨ ᠤ ᠠᠵᠢᠯ | ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ᠪᠥᠬᠦ ᠤᠯᠤᠰ ᠤᠨ ᠬᠠᠮᠤᠭ ᠤᠨ ᠲᠣᠮᠣ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠦᠢᠯᠡᠳᠬᠦ ᠠᠵᠤ ᠠᠬᠤᠶᠢᠯᠠᠯ ᠢ | ᠣᠷᠣᠭᠤᠯᠤᠨ ᠠᠪᠴᠢᠷᠠᠬᠤ ᠪᠠᠷ ᠳᠡᠮᠵᠢᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠶ ᠶᠢᠨ ᠨᠠᠷᠢᠯᠢᠭ ᠭᠦᠨᠵᠡᠭᠡᠶ ᠡᠳ᠋ᠰᠢᠭᠦᠯᠬᠦ ᠮᠡᠷᠭᠡᠵᠢᠯ ᠢ ᠳᠡᠯᠡᠬᠡᠶ ᠶᠢᠨ | ᠲᠡᠷᠢᠭᠦᠨ ᠤ ᠲᠦᠪᠰᠢᠨ ᠳᠤ ᠬᠦᠷᠭᠡᠬᠦ ᠶᠢ ᠠᠬᠢᠭᠤᠯᠬᠤ ᠪᠣᠯᠤᠨ᠎ᠠ︾ ᠭᠡᠵᠦ ᠬᠤᠪᠣᠷ ᠰᠢᠷᠤᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠶᠢᠨ ᠬᠦᠭᠵᠢᠯᠲᠡ ᠶᠢᠨ | ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠭᠡᠪᠡ᠃ ᠲᠣᠰ ᠲᠦᠰᠦᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠪᠤᠭᠤᠲᠤ ᠶᠢᠨ ᠬᠤᠪᠣᠷ ᠰᠢᠷᠣᠶ ᠶᠢᠨ | ᠰᠣᠷᠢᠨᠵᠢᠨ ᠮᠠᠲ᠋ᠧᠷᠢᠶᠠᠯ ᠠᠴᠠ ᠲᠣᠭᠲᠠᠮᠠᠯ ᠰᠣᠷᠢᠨᠵᠢᠨ ᠬᠥᠳᠡᠯᠭᠡᠭᠦᠷᠲᠦ ᠤᠭᠰᠠᠷᠠᠭ᠎ᠠ ᠲᠣᠨᠤᠭ ᠳᠠᠬᠢᠨ ᠬᠡᠷᠡᠭᠯᠡᠭᠡᠨ ᠤ ᠲᠠᠯᠠᠪᠤᠷ ᠬᠦᠷᠲᠡᠯᠡᠬᠢ ᠪᠥᠬᠦ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠬᠤ ᠳᠤ ᠬᠦᠴᠦᠨ ᠨᠡᠮᠡᠷᠢᠯᠡᠵᠦ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠠᠬᠢᠭᠤᠯᠤᠨ᠎ᠠ᠃ | ᠡᠨᠡ ᠵᠢᠯ ᠠᠴᠠ ᠨᠠᠭᠠᠰᠢ᠂ ᠪᠤᠭᠤᠲᠤ ᠬᠤᠲᠠ ᠰᠢᠨ᠎ᠡ ᠠᠵᠤ ᠦᠢᠯᠡᠰ ᠰᠢᠨ᠎ᠡ ᠤᠷᠤᠯᠳᠤᠭᠠᠨ ᠤ ᠵᠠᠮ ᠢ ᠪᠤᠶᠢᠵᠢᠭᠤᠯᠬᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠪᠣᠶ ᠪᠣᠯᠭᠠᠬᠤ᠂ ︽3 + 5 + N︾ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠬᠤ ᠶᠢᠨ ᠲᠣᠭᠤᠷᠢᠨ ᠳᠤ᠂ ︽ᠡᠮᠦᠨ᠎ᠡ ᠵᠠᠬ᠎ᠠ ᠶᠢᠨ | ᠮᠠᠲ᠋ᠧᠷᠢᠶᠠᠯ︾ ᠵᠡᠷᠭᠡ 4 ᠬᠦᠷᠢᠶ᠎ᠡ᠂ ︽ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ︾ ᠵᠡᠷᠭᠡ 12 ᠪᠣᠳᠠᠲᠠᠶ ︽ᠪᠦᠰᠡᠯᠡᠯᠲᠡ ᠶᠢ ᠰᠢᠪᠲᠤᠯᠬᠤ︾ ᠴᠢᠭᠯᠡᠯ ᠢ ᠲᠣᠳᠣᠷᠬᠠᠶᠢᠯᠠᠵᠤ᠂ ︽ | ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ﹀ ᠢᠨᠵᠧᠨᠧᠷᠢᠩ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠵᠤ᠂ ᠣᠨ ᠤ ᠠᠵᠢᠯ ᠤᠨ ᠬᠠᠷᠠᠯᠲᠠ ᠪᠠ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠵᠠᠬ᠎ᠠ ᠳᠡᠯᠭᠡᠭᠦᠷᠴᠢᠯᠡᠭᠰᠡᠨ ᠤᠳᠤᠷᠢᠳᠤᠮᠵᠢ ᠶᠢᠨ ᠶᠣᠰᠣᠭᠠᠷ 149 | ᠲᠦᠰᠦᠯ ᠢ ᠡᠯᠰᠡᠨ ᠰᠣᠩᠭᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠲᠦᠰᠦᠯ ᠤᠨ ᠬᠥᠮᠥᠷᠭᠡ ᠶᠢ ᠪᠠᠶᠢᠭᠤᠯᠪᠠ᠃ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠬᠤᠪᠣᠷ ᠰᠢᠷᠣᠶ ᠶᠢᠨ ᠴᠢᠭ ᠪᠠᠶᠢᠷᠢ 14 ᠲᠦᠰᠦᠯ ᠢ | ᠠᠮᠵᠢᠯᠲᠠ ᠲᠠᠢ ᠪᠠᠷ ᠲᠡᠮᠡᠴᠡᠨ ᠤᠯᠬᠤ ᠶᠢᠨ ᠬᠠᠮᠲᠤ ᠪᠥᠬᠦ ᠣᠷᠣᠨ ᠳᠤ ᠤᠷᠢᠳᠠᠪᠠᠷ ᠡᠬᠢᠯᠡᠭᠦᠯᠦᠨ ᠬᠡᠷᠡᠭᠵᠢᠭᠦᠯᠪᠡ᠃ | ᠡᠨᠡ ᠤᠳᠠᠭᠠᠨ ᠤ ᠬᠤᠪᠣᠷ ᠰᠢᠷᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠪᠠᠶᠢᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ | ᠪᠤᠭᠤᠲᠤ ᠬᠤᠲᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠭᠠᠵᠤ᠂ ᠨᠠᠶᠢᠲᠠᠪᠤᠷᠢᠵᠢᠭᠤᠯᠤᠯᠲᠠ ᠶᠢ ᠬᠦᠴᠦᠯᠡᠨ ᠠᠬᠢᠭᠤᠯᠪᠠ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠦᠰᠦᠯ ᠢ ᠬᠡᠷᠡᠭᠵᠢᠭᠦᠯᠬᠦ ᠳᠤᠮᠳᠠᠬᠢ ᠬᠦᠴᠢᠷᠳᠡᠯ ᠪᠠ | ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠬᠤᠪᠣᠷ ᠰᠢᠷᠣᠶ ᠶᠢᠨ ᠰᠢᠨ᠎ᠡ ᠶᠢ ᠡᠭᠦᠳᠬᠦ ᠶᠢ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠪᠥᠬᠦ ᠬᠤᠲᠠ ᠶᠢᠨ ᠬᠤᠪᠣᠷ | ᠰᠢᠷᠣᠶ ᠶᠢᠨ ᠬᠦᠷᠢᠶᠡᠨ ᠳᠠᠬᠢ ᠭᠤᠤᠯᠳᠠᠯᠭ᠎ᠠ ᠲᠠᠢ ᠲᠦᠰᠦᠯ ᠢᠯᠠᠩᠭᠤᠶ᠎ᠠ ︽ᠪᠦᠰᠡᠯᠡᠯᠲᠡ ᠶᠢ ᠰᠢᠪᠲᠤᠯᠬᠤ︾ ᠲᠦᠰᠦᠯ ᠤᠨ ᠪᠠᠯᠠ ᠮᠥᠩᠭᠦ᠂ ᠴᠢᠳᠠᠪᠤᠷᠢᠲᠠᠨ ᠵᠡᠷᠭᠡ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠤᠳᠤᠯᠵᠤ᠂ ᠡᠯ᠎ᠡ ᠰᠢᠨ᠎ᠡ ᠶᠢ ᠡᠭᠦᠳᠬᠦ ᠭᠤᠤᠯ ᠴᠣᠭᠴᠠ ᠶᠢᠨ ᠡᠭᠦᠷᠭᠡᠯᠡᠵᠦ ᠪᠠᠶᠢᠭ᠎ᠠ ︽ᠪᠦᠰᠡᠯᠡᠯᠲᠡ ᠶᠢ | ᠰᠢᠪᠲᠤᠯᠬᠤ︾ ᠲᠦᠰᠦᠯ ᠢ ᠬᠠᠮᠵᠢᠯᠴᠠᠨ ᠠᠬᠢᠭᠤᠯᠪᠠ᠃ | ᠬᠤᠪᠣᠷ ᠰᠢᠷᠣᠶ ᠶᠢᠨ ᠠᠵᠤ ᠦᠢᠯᠡᠰ ᠤᠨ ᠮᠡᠷᠭᠡᠵᠢᠯ ᠤᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠪᠦᠰᠡᠯᠡᠯᠲᠡ ᠶᠢ ᠰᠢᠪᠲᠤᠯᠬᠤ︾ ᠦᠷ᠎ᠡ ᠪᠦᠲᠦᠭᠡᠯ ᠢ | ᠲᠦᠷᠭᠡᠨ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠵᠤ ᠪᠦᠷᠢᠯᠳᠦᠭᠦᠯᠬᠦ ᠶᠢᠨ ᠲᠥᠯᠥᠭᠡ᠂ ︽ᠪᠤᠭᠤᠲᠤ ᠬᠤᠲᠠ ᠶᠢᠨ ᠵᠠᠬ᠎ᠠ ᠳᠡᠯᠭᠡᠭᠦᠷᠴᠢᠯᠡᠭᠰᠡᠨ ᠤᠳᠤᠷᠢᠳᠤᠮᠵᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠰᠦᠯ ᠤᠨ ᠰᠡᠳᠦᠪ ᠰᠣᠩᠭᠤᠬᠤ ᠲᠣᠭᠲᠠᠴᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠨ ᠨᠡᠶᠢᠲᠡᠯᠡᠵᠦ᠂ | ᠬᠤᠪᠣᠷ ᠰᠢᠷᠣᠶ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠬᠠᠮᠤᠭ ᠤᠨ ᠪᠠᠴᠢᠮ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠵᠢᠴᠢ ︽ᠪᠣᠭᠤᠮᠢᠯᠠᠬᠤ︾ ᠬᠦᠴᠢᠷ ᠠᠰᠠᠭᠤᠳᠠᠯ ᠢ | ᠡᠮᠬᠢᠯᠡᠨ ᠳᠢᠭᠯᠡᠵᠦ᠂ 52 ᠲᠦᠰᠦᠯ ᠢ ᠡᠯᠰᠡᠨ ᠬᠤᠷᠢᠶᠠᠩᠭᠤᠶᠢᠯᠠᠵᠤ᠂ ︽ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ︾ ᠵᠡᠷᠭᠡ 6 ᠬᠦᠷᠢᠶ᠎ᠡ ᠴᠠᠷᠠᠭ᠎ᠠ᠂ | 14 ᠲᠦᠰᠦᠯ ᠢ ᠰᠢᠭᠰᠢᠨ ᠰᠣᠩᠭᠤᠵᠤ ᠪᠠᠶᠢᠷᠢᠰᠢᠭᠤᠯᠤᠨ᠂ ᠪᠥᠬᠦ ᠪᠥᠮᠪᠥᠷᠴᠡᠭ ᠤᠨ ᠠᠩᠬᠠᠳᠠᠭᠴᠢ ᠢᠵᠢ ︽ᠨᠤᠭᠤᠯᠤᠭᠠᠰᠤ ᠲᠡᠮᠦᠷ ᠪᠤᠷ ᠰᠣᠷᠢᠨᠵᠢᠨ ᠴᠣᠭᠴᠠ ᠶᠢ | ᠨᠠᠭᠠᠯᠳᠤᠭᠤᠯᠬᠤ ᠤᠷ᠎ᠠ ᠮᠡᠷᠭᠡᠵᠢᠯ ᠬᠢᠭᠡᠳ ᠰᠢᠲᠠᠭᠠᠨ ᠪᠠᠷᠢᠯᠳᠤᠭᠤᠯᠬᠤ ᠤᠷ᠎ᠠ ᠮᠡᠷᠭᠡᠵᠢᠯ ᠢ ᠠᠭᠤᠰᠤᠯᠴᠠᠭᠤᠯᠤᠨ ᠦᠢᠯᠡᠳᠬᠦ︾᠂ ᠤᠯᠤᠰ ᠤᠨ ᠳᠣᠲᠣᠭᠠᠳᠤ ᠶᠢᠨ ᠠᠩᠬᠠᠳᠠᠭᠴᠢ | ᠢᠵᠢ ︽ᠬᠤᠤ ᠸᠠ ᠶᠢᠨ ᠲᠠᠰ ᠤᠨ ᠲᠠᠪᠠᠭ ᠬᠡᠯᠪᠡᠷᠢ ᠶᠢᠨ ᠴᠠᠬᠢᠯᠭᠠᠨ ᠮᠠᠰᠢᠨ ᠵᠢᠴᠢ ᠢᠯᠴᠢ ᠲᠠᠷᠬᠠᠭᠠᠬᠤ ᠰᠢᠰᠲ᠋ᠧᠮ︾ ᠵᠡᠷᠭᠡ 12 ᠵᠢᠱᠢᠶ᠎ᠡ ᠦᠵᠡᠭᠦᠯᠬᠦ ᠱᠤᠭᠤᠮ ᠢ | ᠲᠥᠯᠥᠪᠵᠢᠭᠦᠯᠦᠨ ᠪᠠᠶᠢᠭᠤᠯᠪᠠ᠃ | ᠲᠡᠷᠢᠭᠦᠨ ᠤ ᠬᠢᠷᠢ ᠲᠦᠪᠰᠢᠨ ᠳᠤ ᠴᠢᠭᠯᠡᠭᠦᠯᠦᠨ᠂ ︽ᠪᠦᠰᠡᠯᠡᠯᠲᠡ ᠶᠢ ᠰᠢᠪᠲᠤᠯᠬᠤ︾ ᠪᠦᠯᠬᠦᠮ ᠢ ᠵᠣᠬᠢᠶᠠᠨ ᠪᠠᠶᠢᠭᠤᠯᠵᠤ᠂ ᠬᠤᠪᠣᠷ ᠰᠢᠷᠣᠢ ᠶᠢᠨ ᠬᠦᠷᠢᠶᠡᠨ ᠳᠠᠬᠢ ᠣᠯᠠᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨᠲᠠᠨ ᠢ ᠤᠷᠢᠵᠤ ︽ᠪᠦᠰᠡᠯᠡᠯᠲᠡ ᠶᠢ ᠰᠢᠪᠲᠤᠯᠬᠤ︾ ᠵᠦᠢᠯᠡᠰ ᠢ ᠪᠠᠭᠲᠠᠭᠠᠭᠰᠠᠨ ᠬᠤᠪᠣᠷ ᠰᠢᠷᠣᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠡᠷᠬᠡ ᠰᠦᠷᠲᠦ ᠵᠢᠯᠤᠭᠤᠳᠤᠯᠭ᠎ᠠ ᠬᠠᠩᠭᠠᠪᠠ᠃ ᠡᠭᠦᠨ ᠤ ᠬᠠᠮᠲᠤ᠂ ᠬᠤᠰᠢᠭᠤᠴᠢ ᠦᠢᠯᠡᠳᠦᠯ ᠢᠶᠠᠨ ᠪᠠᠳᠠᠷᠠᠭᠤᠯᠵᠤ᠂ ︽ | ᠪᠦᠰᠡᠯᠡᠯᠲᠡ ᠶᠢ ᠰᠢᠪᠲᠤᠯᠬᠤ︾ ᠠᠵᠤ ᠠᠬᠤᠶᠢᠯᠠᠯ ᠢ ᠪᠤᠶᠢᠵᠢᠭᠤᠯᠵᠤ᠂ ᠳᠡᠭᠡᠳᠦ ᠡᠨᠧᠷᠭᠢ ᠶᠢᠨ ᠲᠠᠰ ᠤᠨ ᠰᠢᠨ᠎ᠡ ᠶᠢ ᠡᠭᠦᠳᠬᠦ ᠲᠠᠪᠴᠠᠩ ᠢ ᠪᠣᠶ ᠪᠣᠯᠭᠠᠬᠤ ᠶᠢ ︽ᠪᠦᠰᠡᠯᠡᠯᠲᠡ ᠶᠢ | ᠰᠢᠪᠲᠤᠯᠬᠤ︾ ᠲᠦᠰᠦᠯ ᠲᠠᠢ ᠨᠢᠭᠲᠠ ᠤᠶᠠᠯᠳᠤᠭᠤᠯᠬᠤ ᠶᠢ ᠪᠠᠷᠢᠮᠲᠠᠯᠠᠨ᠂ ᠬᠤᠰᠢᠭᠤᠴᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠳᠠᠬᠢ ᠭᠤᠤᠯᠯᠠᠬᠤ ᠥᠷᠢᠰᠦᠯᠳᠦᠬᠦ ᠬᠦᠴᠦᠨ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠪᠠᠷ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠪᠤᠶᠢᠵᠢᠭᠤᠯᠬᠤ ᠶᠢ ᠪᠠᠷᠢᠮᠲᠠᠯᠠᠨ᠂ ᠣᠯᠠᠨ ᠬᠦᠷᠢᠶᠡᠨ ᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ | ᠣᠷᠣᠭᠤᠯᠵᠤ᠂ ᠠᠵᠤ ᠠᠬᠤᠶᠢᠯᠠᠯ ᠤᠨ ᠲᠦᠷᠭᠡᠨ ᠦᠰᠦᠨ ᠪᠤᠶᠢᠵᠢᠵᠤ ᠬᠦᠴᠦᠷᠬᠡᠭᠵᠢᠬᠦ ᠶᠢ ᠳᠠᠶᠢᠴᠢᠯᠠᠪᠠ᠃ | ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠤᠭᠤᠲᠤ ᠬᠤᠲᠠ ᠶᠢᠨ ᠬᠤᠪᠣᠷ ᠰᠢᠷᠣᠶ ᠶᠢᠨ ᠴᠡᠭ ︽ᠪᠦᠰᠡᠯᠡᠯᠲᠡ ᠶᠢ ᠰᠢᠪᠲᠤᠯᠬᠤ︾ ᠲᠦᠰᠦᠯ ᠤᠨ ᠠᠬᠢᠴᠠ ᠤᠷᠤᠭᠰᠢᠲᠠᠶ | ᠂ ᠡᠬᠢᠯᠡᠯᠲᠡ ᠰᠠᠶᠢᠨ ᠪᠠᠶᠢᠨ᠎ᠠ᠃ ᠡᠭᠦᠨ ᠳᠤ᠂ 11 ᠲᠦᠰᠦᠯ ᠨᠢ ᠨᠢᠭᠡᠨᠲᠡ ᠬᠠᠮᠲᠤᠷᠠᠯᠴᠠᠭᠠᠨ ᠤ ᠨᠢᠭᠡᠴᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠰᠤᠳᠤᠯᠤᠨ | ᠨᠡᠭᠡᠭᠡᠬᠦ ᠱᠤᠭᠤᠮ ᠢᠶᠠᠨ ᠲᠣᠳᠣᠷᠬᠠᠶᠢᠯᠠᠵᠤ᠂ ᠲᠦᠰᠦᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠰᠤᠳᠤᠯᠤᠨ ᠨᠡᠭᠡᠭᠡᠬᠦ ᠠᠵᠢᠯ ᠢᠶᠠᠨ ᠡᠬᠢᠯᠡᠭᠦᠯᠵᠦ᠂ ︽ᠬᠤᠪᠣᠷ ᠰᠢᠷᠣᠶ ᠶᠢᠨ | ᠥᠩᠭᠡᠲᠦ ᠪᠤᠳᠤᠭᠲᠤ ᠳᠡᠯᠭᠡᠴᠡ ᠶᠢ ᠠᠵᠤ ᠦᠢᠯᠡᠰᠵᠢᠭᠦᠯᠬᠦ︾ ᠵᠡᠷᠭᠡ 3 ᠲᠦᠰᠦᠯ ᠨᠢᠭᠡᠨᠲᠡ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢᠶᠠᠨ ᠪᠡᠶᠡᠯᠡᠭᠦᠯᠵᠦ᠂ ᠲᠤᠷᠰᠢᠯᠲᠠ ᠶᠢᠨ | ᠱᠤᠭᠤᠮ ᠤᠨ ᠵᠢᠷᠤᠭ ᠲᠥᠯᠥᠪᠯᠡᠭᠡ ᠪᠠ ᠲᠥᠬᠦᠭᠡᠷᠦᠮᠵᠢ ᠶᠢᠨ ᠬᠡᠯᠪᠡᠷᠢ ᠰᠣᠩᠭᠤᠬᠤ ᠠᠵᠢᠯ ᠢᠶᠠᠨ ᠡᠬᠢᠯᠡᠭᠦᠯᠪᠡ᠃ | |