︽ᠤᠮᠠᠷᠠᠲᠤ ᠬᠢᠯᠢ ᠳᠤ ᠬᠠᠶᠢᠷ᠎ᠠ ᠰᠡᠳᠬᠢᠯᠭᠡ ᠲᠠᠢ  ᠪᠤᠭᠤᠲᠤ ᠬᠤᠲᠠ ᠤᠷᠢᠯᠭ᠎ᠠ ᠲᠠᠢ︾ 2024 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠡᠬᠢᠯᠡᠪᠡ
ᠨᠡᠶᠢᠲᠡᠯᠡᠭᠰᠡᠨ ᠴᠠᠭ᠄
2024/7/8
    7 ᠳ᠋ᠤᠭᠠᠷ ᠰᠠᠷ᠎ᠠ ᠶᠢᠨ 6 ᠤ ᠡᠳᠦᠷ ᠤᠨ ᠤᠷᠤᠢ᠂ ︽ᠤᠮᠠᠷᠠᠲᠤ ᠬᠢᠯᠢ ᠬᠠᠶᠢᠷ᠎ᠠ ᠰᠡᠳᠭᠢᠯᠭᠡ ᠲᠠᠢ  ᠪᠤᠭᠤᠲᠤ ᠬᠤᠲᠠ ᠤᠷᠢᠯᠭ᠎ᠠ ᠲᠠᠢ︾ 2024 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠰᠢᠨ᠎ᠡ ᠪᠠᠷᠠᠭᠤᠨ ᠡᠭᠦᠳᠡᠨ ᠳᠤ ᠡᠬᠢᠯᠡᠪᠡ᠃    ᠠᠵᠢᠯᠯᠠᠭ᠎ᠠ ᠶᠢᠨ ᠳᠤᠮᠳᠠ᠂ ᠪᠤᠭᠤᠲᠤ ᠶᠢᠨ ᠰᠣᠶᠣᠯ ᠵᠢᠭᠤᠯᠴᠢᠯᠠᠯ ᠤᠨ ᠲᠠᠨᠢᠯᠴᠠᠭᠤᠯᠬᠤ ᠳᠠᠷᠤᠭ᠎ᠠ ᠶᠢᠨ ᠲᠥᠯᠥᠭᠡᠯᠡᠭᠴᠢ ︽ᠤᠮᠠᠷᠠᠲᠤ ᠬᠢᠯᠢ ᠬᠠᠶᠢᠷ᠎ᠠ ᠰᠡᠳᠭᠢᠯᠭᠡ ᠲᠠᠢ  ᠪᠤᠭᠤᠲᠤ ᠬᠤᠲᠠ ᠤᠷᠢᠯᠭ᠎ᠠ ᠲᠠᠢ︾ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠨᠡᠶᠢᠲᠡᠯᠡᠪᠡ᠃ 2024 ᠣᠨ ᠤ ᠡᠬᠢ ᠪᠠᠷ᠂ ᠪᠤᠭᠤᠲᠤ ᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠪᠦᠬᠦ ᠨᠡᠶᠢᠭᠡᠮ ᠳᠤ ᠬᠠᠨᠳᠤᠭᠤᠯᠤᠨ ︽ᠨᠢᠭᠡ ᠦᠭᠡ ᠪᠠᠷ ᠪᠤᠭᠤᠲᠤ ᠶᠢ ᠴᠤᠤᠷᠢᠶᠠᠲᠤᠭᠤᠯᠬᠤ︾ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠤᠨ ᠤᠬᠠᠭᠤᠯᠭ᠎ᠠ ᠶᠢᠨ ᠤᠷᠢᠶ᠎ᠠ ᠶᠢ ᠢᠯᠡ ᠪᠠᠷ ᠴᠤᠭᠯᠠᠭᠤᠯᠵᠤ᠂ ᠨᠡᠶᠢᠳᠡ 2511 ᠵᠤᠷᠪᠤᠰ ᠪᠦᠲᠦᠮᠵᠢᠲᠡᠢ ᠡᠬᠡ ᠪᠢᠴᠢᠭ ᠴᠤᠭᠯᠠᠭᠤᠯᠵᠤ ᠣᠯᠪᠠ᠂ ᠠᠩᠬ᠎ᠠ ᠰᠣᠩᠭᠤᠬᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ᠂ ᠢᠯᠡ ᠨᠡᠶᠢᠲᠡᠯᠡᠬᠦ ᠵᠡᠷᠭᠡ ᠭᠤᠭᠴᠤᠭ᠎ᠠ ᠪᠠᠷ ᠳᠠᠮᠵᠢᠨ᠂ ︽ᠤᠮᠠᠷᠠᠲᠤ ᠬᠢᠯᠢ ᠬᠠᠶᠢᠷ᠎ᠠ ᠰᠡᠳᠭᠢᠯᠭᠡ ᠲᠠᠢ  ᠪᠤᠭᠤᠲᠤ ᠬᠤᠲᠠ ᠤᠷᠢᠯᠭ᠎ᠠ ᠲᠠᠢ︾ ᠴᠣᠯᠭᠤᠷᠠᠨ ᠭᠠᠷᠴᠤ᠂ ᠲᠡᠷᠡ ᠨᠢ ᠪᠤᠭᠤᠲᠤ ᠶᠢᠨ ᠴᠠᠭ ᠦᠶ᠎ᠡ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠥᠨᠢ ᠤᠳᠠᠭᠠᠨ ᠰᠣᠶᠣᠯ ᠤᠨ ᠠᠭᠤᠯᠬᠤᠨ ᠢ ᠤᠨᠢᠨ ᠳᠡᠭᠡᠷ᠎ᠡ ᠨᠢ ᠬᠤᠷᠢᠶᠠᠩᠭᠤᠶᠢᠯᠠᠭᠰᠠᠨ ᠪᠥᠭᠡᠳ ᠪᠤᠭᠤᠲᠤ ᠶᠢᠨ ᠬᠥᠮᠦᠰ ᠤᠨ ᠴᠢᠩ ᠦᠨᠡᠨᠴᠢ ᠬᠠᠯᠠᠭᠤᠨ ᠰᠡᠳᠬᠢᠯᠭᠡ᠂ ᠪᠠᠭᠲᠠᠭᠠᠮᠵᠢᠲᠠᠢ ᠨᠡᠭᠡᠭᠡᠯᠲᠡᠲᠡᠢ ᠵᠠᠩ ᠴᠢᠨᠠᠷ ᠤᠨ ᠣᠨᠴᠠᠯᠢᠭ ᠢ ᠢᠯᠡᠳᠬᠡᠵᠦ᠂ ᠥᠷᠭᠡᠨ ᠤᠯᠠᠨ ᠵᠤᠭᠠᠴᠠᠭᠰᠠᠳ ᠲᠤ ᠴᠢᠩ ᠰᠡᠳᠬᠢᠯ ᠤᠨ ᠤᠷᠢᠯᠭ᠎ᠠ ᠲᠠᠯᠪᠢᠵᠠᠢ᠃
“北疆有情 包头有请11.jpg
    ᠲᠤᠬᠠᠢ ᠶᠢᠨ ᠲᠠᠯᠠᠪᠠᠢ ᠳᠤ ᠪᠠᠰᠠ ᠭᠤᠷᠪᠠᠳᠤᠭᠠᠷ ᠪᠦᠯᠦᠭ ᠤᠨ ᠪᠤᠭᠤᠲᠤ ᠶᠢᠨ ᠰᠣᠶᠣᠯ ᠵᠢᠭᠤᠯᠴᠢᠯᠠᠯ ᠤᠨ ᠲᠠᠨᠢᠯᠴᠠᠭᠤᠯᠬᠤ ᠳᠠᠷᠤᠭ᠎ᠠ ᠳᠤ ᠦᠨᠡᠮᠯᠡᠯ ᠣᠯᠭᠤᠵᠤ᠂ ᠨᠤᠲᠤᠭ ᠤᠰᠤ ᠪᠠᠨ ᠬᠠᠶᠢᠷᠠᠯᠠᠬᠤ ᠵᠠᠭᠤᠴᠢᠯᠠᠭᠤᠷ ᠨᠠᠷ ᠢ ᠪᠤᠭᠤᠲᠤ ᠶᠢᠨ ᠰᠣᠶᠣᠯ᠂ ᠠᠮᠲᠠᠲᠤ ᠢᠳᠡᠭᠡᠨ ᠦᠵᠡᠰᠬᠦᠯᠡᠩᠲᠦ ᠰᠠᠶᠢᠬᠠᠨ ᠦᠵᠡᠮᠵᠢ ᠶᠢ ᠣᠯᠠᠮᠵᠢᠯᠠᠵᠤ᠂ ᠨᠤᠲᠤᠭ ᠤᠰᠤᠨ ᠤ ᠪᠠᠨ ᠲᠡᠦᠬᠡ ᠰᠣᠶᠣᠯ ᠢᠷᠭᠡᠨᠰᠢᠯ ᠢ ᠳᠡᠯᠭᠡᠷᠡᠭᠦᠯᠬᠦ ᠶᠢ ᠵᠣᠷᠢᠭᠵᠢᠭᠤᠯᠵᠤ᠂ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠬᠠᠮᠲᠤ ᠪᠠᠷ ︽ᠤᠮᠠᠷᠠᠲᠤ ᠬᠢᠯᠢ ᠬᠠᠶᠢᠷ᠎ᠠ ᠰᠡᠳᠭᠢᠯᠭᠡ ᠲᠠᠢ  ᠪᠤᠭᠤᠲᠤ ᠬᠤᠲᠠ ᠤᠷᠢᠯᠭ᠎ᠠ ᠲᠠᠢ︾ ᠵᠤᠨ ᠤ ᠠᠮᠠᠷᠠᠯᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠤᠨ ᠠᠵᠢᠯᠯᠠᠭ᠎ᠠ ᠶᠢ ᠡᠬᠢᠯᠡᠭᠦᠯᠪᠡ᠃    ᠡᠭᠦᠨ ᠤ ᠬᠠᠮᠲᠤ᠂ ᠪᠣᠭᠤᠲᠤ ᠬᠤᠲᠠ ᠶᠢᠨ ᠤᠷᠠᠯᠢᠭ ᠤᠨ ᠵᠦᠴᠦᠭᠡ ᠶᠢᠨ ᠬᠦᠷᠢᠶᠡᠯᠡᠩ ᠭᠤᠴᠣ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠪᠠ᠃  ︽ᠪᠤᠭᠤᠲᠤ ᠳᠤ ᠢᠷᠡᠭᠰᠡᠨ N ᠰᠢᠯᠲᠠᠭᠠᠨ︾ ᠭᠡᠬᠦ ᠲᠣᠭᠯᠠᠯᠲᠠ ᠨᠢ ᠬᠥᠰᠢᠭᠡ ᠪᠠᠨ ᠰᠡᠬᠦᠵᠦ᠂ ᠪᠤᠭᠤᠲᠤ ᠬᠤᠳᠠ ᠶᠢᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠴᠢᠨ ᠹᠧᠩ ᠸᠧᠢ ᠶᠦᠨ ᠬᠠᠮᠲᠤᠯᠢᠭ᠂ ᠬᠠᠮᠤᠭ ᠣᠨ ᠵᠢᠯ ᠤᠨ ᠬᠠᠮᠲᠤᠯᠢᠭ᠂ ᠳ᠋ᠦᠩ ᠹᠠᠩ ᠬᠤᠩ ᠬᠠᠮᠲᠤᠯᠢᠭ᠂ ᠴᠡᠯᠡᠭᠡᠷ ᠬᠠᠮᠲᠤᠯᠢᠭ ᠵᠡᠷᠭᠡ ᠦᠵᠡᠭᠴᠢᠳ ᠤᠨ ᠪᠠᠭ᠋ᠠᠷᠬᠠᠯ ᠢ ᠭᠦᠨ ᠲᠠᠲᠠᠭᠰᠠᠨ ᠥᠨᠳᠥᠷ ᠲᠦᠪᠰᠢᠨ ᠪᠦᠬᠦᠢ ᠤᠷᠠᠯᠢᠭ ᠤᠨ ᠪᠦᠯᠦᠭᠯᠡᠯ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠬᠥᠭᠵᠢᠮᠳᠡᠭᠦᠷ ᠤᠨ ᠨᠠᠶᠢᠷᠠᠯ ᠬᠥᠭᠵᠢᠮ᠂ ᠰᠣᠩᠭᠤᠳᠠᠭ ᠬᠠᠭᠤᠴᠢᠨ ᠳᠠᠭᠤᠤ ᠪᠣᠯᠤᠨ ᠤᠯᠠᠮᠵᠢᠯᠠᠯᠲᠤ ᠠᠷᠠᠳ ᠤᠨ ᠳᠠᠭᠤᠤ ᠵᠡᠷᠭᠡ ᠲᠣᠭᠯᠠᠯᠲᠠ ᠠᠪᠴᠢᠷᠠᠵᠤ᠂ ᠪᠠᠶᠠᠯᠢᠭ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠪᠠᠶᠠᠷᠯᠠᠨ ᠤᠤᠬᠠᠶᠢᠯᠠᠬᠤ ᠳᠠᠭᠤᠨ ᠪᠠ ᠬᠠᠯᠠᠭᠤᠨ ᠠᠯᠠᠭ᠎ᠠ ᠲᠠᠰᠢᠯᠳᠠ ᠶᠢ ᠤᠯᠪᠠ᠃
“北疆有情 包头有请” 22.jpg
    ᠣᠶᠢᠯᠠᠭᠠᠭᠰᠠᠨ ᠢᠶᠠᠷ᠂ ᠡᠨᠡ ᠵᠢᠯ ᠤᠨ 7 ᠳ᠋ᠤᠭᠠᠷ ᠰᠠᠷ᠎ᠠ ᠠᠴᠠ 9 ᠳ᠋ᠤᠭᠠᠷ ᠰᠠᠷ᠎ᠠ ᠪᠣᠯᠲᠠᠯ᠎ᠠ᠂ ᠮᠠᠨ ᠤ ᠬᠤᠲᠠ ᠥᠷᠭᠡᠨ ᠣᠯᠠᠨ ᠬᠤᠲᠠ ᠶᠢᠨ ᠠᠷᠠᠳ ᠵᠢᠭᠤᠯᠴᠢᠯᠠᠭᠴᠢᠳ ᠲᠤ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ 400 ᠢᠯᠡᠭᠦᠦ ᠲᠠᠯᠠᠪᠤᠷ ᠢ ᠨᠠᠷᠢᠨ ᠨᠢᠮᠪᠠᠶ ᠤᠬᠠᠭᠠᠯᠠᠨ ᠰᠡᠳᠦᠭᠰᠡᠨ ᠪᠠᠶᠢᠨ᠎ᠠ᠃ ᠡᠭᠦᠨ ᠳᠤ᠂ ᠲᠥᠯᠥᠭᠡᠯᠡᠬᠦ ᠴᠢᠨᠠᠷᠲᠠᠶ 5 ᠶᠡᠭᠡ ᠭᠤᠤᠯ ᠰᠡᠳᠦᠪᠲᠦ 130 ᠲᠠᠯᠠᠪᠤᠷ ᠠᠵᠢᠯᠯᠠᠭ᠎ᠠ ᠨᠢ ︽ᠤᠮᠠᠷᠠᠲᠤ ᠬᠢᠯᠢ ᠬᠠᠶᠢᠷ᠎ᠠ ᠰᠡᠳᠭᠢᠯᠭᠡ ᠲᠠᠢ  ᠪᠤᠭᠤᠲᠤ ᠬᠤᠲᠠ ᠤᠷᠢᠯᠭ᠎ᠠ ᠲᠠᠢ︾ ᠵᠣᠨ ᠤ ᠠᠮᠠᠷᠠᠯᠲᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠤᠯᠠᠷᠢᠯ ᠳᠤ ᠭᠤᠣᠯᠯᠠᠬᠤ ᠰᠣᠶᠣᠯ ᠵᠢᠭᠤᠯᠴᠢᠯᠠᠯ ᠤᠨ ᠠᠵᠢᠯᠯᠠᠭ᠎ᠠ ᠪᠣᠯᠪᠠ᠃ ᠪᠣᠳᠠᠲᠠᠶ ᠪᠠᠷ ᠬᠡᠯᠡᠪᠡᠯ 2024 ᠳᠤᠮᠳᠠᠳᠤ ᠤᠯᠤᠰ · ᠪᠤᠭᠤᠲᠤ ᠶᠢᠨ ᠤᠷᠠᠯᠢᠭ ᠤᠨ ᠦᠵᠡᠰᠬᠦᠯᠡᠩ ᠤᠨ ᠴᠤᠭᠯᠠᠭᠠᠨ᠂ ᠭᠦᠸᠧ ᠴᠤᠤ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠶᠡᠭᠡ ᠵᠦᠴᠦᠭᠡ ᠶᠢᠨ ᠬᠦᠷᠢᠶᠡᠯᠡᠩ ᠤᠨ ᠵᠢᠵᠢᠭ ᠵᠦᠴᠦᠭᠡ ᠶᠢᠨ ᠲᠠᠯᠠᠪᠠᠢ ᠶᠢᠨ ᠲᠣᠭᠯᠠᠯᠲᠠ ᠵᠡᠷᠭᠡ ᠪᠠᠷ ᠲᠥᠯᠥᠭᠡᠯᠡᠭᠦᠯᠦᠭᠰᠡᠨ ︽ᠵᠣᠨ ᠤ ᠡᠳᠦᠷ ᠢ ᠠᠮᠲᠠᠷᠬᠠᠨ ᠰᠣᠨᠢᠷᠬᠠᠬᠤ︾ ᠤᠨ ᠭᠤᠣᠯ ᠰᠡᠳᠦᠪᠲᠦ ᠠᠵᠢᠯᠯᠠᠭ᠎ᠠ 20 ᠲᠠᠯᠠᠪᠤᠷ︔ ᠮᠦᠽᠧᠶ ᠶᠢᠨ ᠰᠥᠨᠢ ᠂ ᠵᠡᠭᠡᠯᠢ ᠭᠤᠳᠤᠮᠵᠢ ᠶᠢᠨ ᠳᠠᠭᠤᠤ ᠶᠢᠨ ᠴᠤᠭᠯᠠᠭᠠᠨ᠂ ᠷᠣᠺ ᠬᠥᠭᠵᠢᠮ ᠤᠨ ᠨᠠᠶᠢᠷ ᠵᠡᠷᠭᠡ ᠪᠠᠷ ᠲᠥᠯᠥᠭᠡᠯᠡᠭᠦᠯᠦᠭᠰᠡᠨ ︽ᠵᠣᠨ ᠤ ᠨᠠᠷᠭᠢᠯ ᠤᠨ ᠡᠳᠦᠷ︾ ᠭᠡᠬᠦ ᠭᠤᠤᠯ ᠰᠡᠳᠦᠪᠲᠦ ᠠᠵᠢᠯᠯᠠᠭ᠎ᠠ 55 ᠲᠠᠯᠠᠪᠤᠷ︔ ᠰᠠᠶᠢᠬᠠᠨᠲᠠᠯ᠎ᠠ ᠫᠢᠸᠤ᠋ ᠶᠢᠨ ᠤᠯᠠᠷᠢᠯ᠂ ᠬᠠᠲᠤᠨ ᠭᠤᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠨᠠᠶᠢᠷ᠂ ᠴᠢᠨ ᠴᠠᠩ ᠴᠧᠩ ᠠᠮᠲᠠᠲᠤ ᠢᠳᠡᠭᠡᠨ ᠤ ᠰᠣᠶᠣᠯ ᠤᠨ ᠨᠠᠶᠢᠷ ᠵᠡᠷᠭᠡ ᠪᠠᠷ ᠲᠥᠯᠥᠭᠡᠯᠡᠭᠦᠯᠦᠭᠰᠡᠨ ︽ᠪᠢᠴᠢᠯ ᠭᠦᠢᠬᠡᠨ ᠵᠤᠨ ᠤ ᠡᠳᠦᠷ︾ ᠤᠨ ᠭᠤᠤᠯ ᠰᠡᠳᠦᠪᠲᠦ ᠠᠵᠢᠯᠯᠠᠭ᠎ᠠ 13 ᠲᠠᠯᠠᠪᠤᠷ︔ ᠨᠠᠭᠠᠳᠤᠮ ᠤᠨ ᠬᠤᠷᠠᠯ ᠤᠨ ᠮᠣᠷᠢ ᠤᠷᠤᠯᠳᠤᠬᠤ ︽ᠲᠤᠰᠬᠤᠨ ᠤ ᠬᠠᠮᠤᠭ︾᠂ ᠰᠤᠳᠤᠴᠤᠤᠯ ᠤᠨ ᠪᠥᠬᠡ ᠶᠢᠨ ᠤᠷᠤᠯᠳᠤᠭᠠᠨ ᠵᠡᠷᠭᠡ ᠪᠠᠷ ᠲᠥᠯᠥᠭᠡᠯᠡᠭᠦᠯᠦᠭᠰᠡᠨ ︽ᠬᠠᠶᠢᠷ᠎ᠠ ᠬᠠᠯᠠᠮᠵᠢ ᠶᠢᠨ ᠵᠤᠨ ᠤ ᠡᠳᠦᠷ︾ ᠤᠨ ᠭᠤᠤᠯ ᠰᠡᠳᠦᠪᠲᠦ ᠠᠵᠢᠯᠯᠠᠭ᠎ᠠ 18 ᠲᠠᠯᠠᠪᠤᠷ︔  ᠰᠢᠩ ᠺᠦᠩ ᠬᠡᠭᠡᠷ᠎ᠡ ᠪᠠᠭᠤᠳᠠᠯᠯᠠᠬᠤ ᠨᠠᠶᠢᠷ᠂ ᠲᠠᠷᠢᠨᠶᠠᠨ ᠭᠠᠵᠠᠷ ᠤᠨ ᠳᠡᠭᠦᠷᠬᠦ ᠠᠵᠢᠯᠯᠠᠭ᠎ᠠ ᠪᠠᠷ ᠲᠥᠯᠥᠭᠡᠯᠡᠭᠦᠯᠦᠭᠰᠡᠨ ︽ᠬᠡᠭᠡᠷ᠎ᠡ ᠶᠢᠨ ᠰᠣᠨᠢᠷᠬᠠᠯᠲᠠᠢ ᠵᠤᠨ ᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ 24 ᠲᠠᠯᠠᠪᠤᠷ ᠪᠠᠭᠲᠠᠨ᠎ᠠ᠃ ᠡᠭᠦᠨ ᠠᠴᠠ ᠭᠠᠳᠠᠨ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠᠰᠠ ︽ᠦᠵᠡᠰᠭᠦᠯᠡᠩᠲᠦ ᠰᠠᠶᠢᠬᠠᠨ ᠪᠤᠭᠤᠲᠤ ᠶᠢᠨ ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ︾᠂ ︽ᠬᠠᠲᠤᠨ ᠭᠤᠤᠯ ᠤᠨ ᠬᠥᠪᠡᠭᠡᠨ ᠳᠠᠬᠢ ᠰᠡᠯᠡᠭᠦᠴᠡᠯ ᠡᠷᠡᠭᠦᠯᠵᠢᠯ ᠤᠨ ᠵᠢᠭᠤᠯᠴᠢᠯᠠᠯ︾᠂ ︽ᠲᠠᠯ᠎ᠠ ᠨᠤᠲᠤᠭ ᠤᠨ ᠪᠣᠯᠣᠳ ᠬᠤᠲᠠ ᠶᠢᠨ ᠰᠣᠶᠣᠯ ᠢᠷᠭᠡᠨᠰᠢᠯ ᠤᠨ ᠪᠤᠭᠤᠲᠤ ᠶᠢᠨ ᠵᠢᠭᠤᠯᠴᠢᠯᠠᠯ︾ ᠵᠡᠷᠭᠡ 3 ᠵᠤᠷᠪᠤᠰ ᠵᠣᠨ ᠤ ᠠᠮᠠᠷᠠᠯᠲᠠ ᠶᠢᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠡᠯ᠎ᠡ ᠭᠠᠵᠠᠷ ᠤᠨ ᠵᠤᠭᠠᠴᠠᠭᠰᠠᠳ ᠢ ᠪᠤᠭᠤᠲᠤ ᠲᠠᠢ ᠪᠣᠯᠵᠣᠵᠤ᠂ ᠭᠠᠯ ᠮᠡᠲᠦ ᠬᠠᠯᠠᠭᠤᠨ ᠰᠡᠳᠬᠢᠯᠭᠡ ᠪᠠᠷ ᠵᠣᠨ ᠤ ᠠᠮᠠᠷᠠᠯᠲᠠ ᠶᠢᠨ ᠬᠤᠭᠤᠴᠠᠭᠠᠨ ᠳᠤ ᠨᠢᠭᠡᠨ ᠬᠡᠰᠡᠭ ᠮᠠᠷᠲᠠᠭᠳᠠᠰᠢ ᠦᠭᠡᠢ ᠠᠶᠠᠯᠠᠯ ᠤᠨ ᠠᠶᠠᠨ ᠢᠶᠠᠨ ᠡᠬᠢᠯᠡᠭᠦᠯᠬᠦ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃ 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ