ᠨᠠᠮᠤᠷ ᠤᠨ ᠡᠬᠢᠨ ᠤ ᠥᠷᠯᠥᠭᠡ᠂ ᠠᠩᠬᠠᠨ ᠤ ᠨᠠᠷᠠᠨ ᠤ ᠭᠡᠷᠡᠯ ᠥᠪᠥᠷ ᠮᠣᠩᠭᠤᠯ ᠤᠨ ᠬᠠᠮᠤᠭ ᠵᠡᠭᠦᠨ ᠬᠡᠰᠡᠭ ᠤᠨ ᠶᠡᠭᠡ ᠬᠢᠩᠭᠠᠨ ᠳᠠᠪᠠᠭ᠎ᠠ ᠳᠤ ᠳᠤᠰᠬᠤ ᠦᠶᠡᠰ ᠢᠷᠱᠢ | ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠴᠠᠭᠳᠠᠭ᠎ᠠ ᠨᠢᠭᠡᠨᠲᠡ ᠬᠢᠯᠢ ᠴᠠᠭᠳᠠᠨ ᠪᠠᠢᠴᠠᠭᠠᠵᠤ ᠡᠬᠢᠯᠡᠪᠡ᠃ ᠡᠨᠡ ᠦᠶ᠎ᠡ ᠳᠤ᠂ ᠥᠪᠥᠷ | ᠮᠣᠩᠭᠤᠯ ᠤᠨ ᠬᠠᠮᠤᠭ ᠤᠨ ᠪᠠᠷᠠᠭᠤᠨ ᠬᠡᠰᠡᠭ ᠤᠨ ᠡᠵᠡᠨ᠎ᠡ ᠬᠤᠰᠢᠭᠤᠨ ᠤ ᠬᠢᠯᠢ ᠬᠢᠵᠠᠭᠠᠷ ᠢ ᠬᠠᠮᠠᠭᠠᠯᠠᠭᠴᠢᠳ ᠪᠠᠰᠠ ᠬᠢᠯᠢ ᠬᠢᠵᠠᠭᠠᠷ ᠢ ᠲᠤᠭᠤᠷᠢᠨ ᠪᠠᠶᠢᠴᠠᠭᠠᠬᠤ ᠵᠠᠮ ᠳᠠᠭᠠᠨ | ᠭᠠᠷᠴᠤ᠂ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ ᠁ | ᠮᠤᠩᠬᠠᠭ ᠪᠠᠯᠠᠷ ᠤᠢ ᠠᠴᠠ ᠮᠣᠷᠤᠶᠢᠯᠵᠠᠭᠰᠠᠨ ᠬᠢᠯᠢ ᠶᠢᠨ ᠭᠤᠣᠯ ᠬᠦᠷᠲᠡᠯ᠎ᠡ᠂ ᠥᠷᠭᠡᠨ ᠠᠭᠤᠳᠠᠮ ᠲᠠᠯ᠎ᠠ ᠨᠤᠲᠤᠭ ᠠᠴᠠ ᠡᠯᠡᠰᠦᠨ ᠴᠦᠯ ᠭᠤᠪᠢ ᠬᠦᠷᠲᠡᠯ᠎ᠡ᠂ 8000 | ᠭᠠᠷᠤᠶ ᠭᠠᠵᠠᠷ ᠤᠨ ᠬᠢᠯᠢ ᠶᠢᠨ ᠱᠤᠭᠤᠮ ᠲᠠᠢ᠂ 36 ᠲᠦᠮᠡᠨ ᠲᠡᠭᠰᠢ ᠳᠥᠷᠪᠡᠯᠵᠢᠨ ᠺᠢᠯᠤᠮᠧᠲᠷ ᠤᠨ ᠬᠢᠯᠢ ᠶᠢᠨ ᠬᠠᠮᠢᠶᠠᠷᠤᠯᠲᠠ ᠶᠢᠨ ᠣᠷᠣᠨ ᠲᠠᠢ ᠥᠪᠥᠷ ᠮᠣᠩᠭᠤᠯ ᠳᠤ ᠠᠪᠴᠤ | ᠬᠡᠯᠡᠪᠡᠯ᠂ ᠨᠠᠮ ᠪᠠ ᠠᠷᠠᠳ ᠲᠦᠮᠡᠨ ᠳᠤ ᠬᠢᠯᠢ ᠶᠢ ᠰᠠᠶᠢᠲᠤᠷ ᠰᠠᠬᠢᠵᠤ᠂ ᠰᠡᠷᠭᠡᠶᠢᠯᠡᠯᠲᠡ ᠶᠢ ᠰᠠᠶᠢᠲᠤᠷ ᠪᠠᠬᠢᠵᠢᠭᠦᠯᠵᠦ᠂ ᠬᠢᠯᠢ ᠬᠢᠵᠠᠭᠠᠷ ᠢ ᠬᠥᠭᠵᠢᠭᠦᠯᠦᠨ ᠬᠢᠯᠢ ᠬᠢᠵᠠᠭᠠᠷ ᠢ | ᠰᠠᠬᠢᠬᠤ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨ ᠬᠦ | ᠪᠠᠬᠢᠵᠢᠭᠦᠯᠬᠦ ᠬᠠᠷᠢᠭᠤᠴᠠᠯᠭ᠎ᠠ ᠲᠦᠢᠯ ᠤᠨ ᠬᠦᠨᠳᠦ ᠶᠡᠭᠡ ᠶᠤᠮ᠃ | ᠤᠯᠤᠰ ᠢ ᠵᠠᠰᠠᠬᠤ ᠳᠤ ᠬᠢᠯᠢ ᠶᠢ ᠵᠠᠪᠠᠯ ᠵᠠᠰᠠᠵᠤ᠂ ᠬᠢᠯᠢ ᠬᠢᠵᠠᠭᠠᠷ ᠢ ᠰᠠᠬᠢᠬᠤ ᠮᠦᠷᠲᠡᠭᠡᠨ ᠭᠡᠷ ᠣᠷᠣᠨ ᠢᠶᠠᠨ ᠰᠠᠬᠢᠶ᠎ᠠ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ | ᠨᠢᠭᠡ ᠪᠣᠯᠤᠨ᠎ᠠ᠂ ᠨᠡᠩ ᠴᠤ ᠥᠪᠥᠷ ᠮᠣᠩᠭᠤᠯ ᠤᠨ ᠡᠷᠬᠡᠪᠰᠢ ᠰᠠᠶᠢᠲᠤᠷ ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠤᠨ᠎ᠠ᠃ ᠥᠪᠥᠷ | ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ | ᠪᠠᠭᠲᠠᠭᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠢᠯᠢ ᠶᠢ | ᠬᠦᠴᠦᠷᠬᠡᠭᠵᠢᠭᠦᠯᠬᠦ᠂ ᠬᠢᠯᠢ ᠶᠢ ᠲᠣᠭᠲᠠᠪᠤᠷᠢᠵᠢᠭᠤᠯᠬᠤ᠂ ᠬᠢᠯᠢ ᠶᠢ ᠪᠠᠬᠢᠵᠢᠭᠦᠯᠬᠦ᠂ ᠬᠢᠯᠢ ᠶᠢ ᠪᠠᠶᠠᠵᠢᠭᠤᠯᠬᠤ᠂ ᠬᠢᠯᠢ ᠶᠢ ᠡᠪ ᠨᠠᠶᠢᠷᠠᠮᠳᠠᠭᠤᠯᠬᠤ ᠶᠢ ᠨᠢᠭᠡ ᠴᠤᠭᠴᠠᠵᠢᠭᠤᠯᠤᠨ | ᠠᠬᠢᠭᠤᠯᠬᠤ ᠶᠢ ᠪᠠᠷᠢᠮᠲᠠᠯᠠᠵᠤ᠂ ᠬᠢᠯᠢ ᠶᠢᠨ ᠠᠮᠤᠷ ᠲᠦᠪᠰᠢᠨ ᠢᠶᠠᠷ ᠬᠢᠯᠢ ᠶᠢᠨ ᠲᠣᠭᠲᠠᠭᠤᠨ ᠢ ᠪᠠᠲᠤᠯᠠᠬᠤ᠂ ᠬᠢᠯᠢ ᠶᠢ ᠬᠥᠭᠵᠢᠭᠦᠯᠦᠨ ᠠᠷᠠᠳ ᠢ ᠪᠠᠶᠠᠵᠢᠭᠤᠯᠬᠤ ᠵᠢᠮᠢᠰ ᠢᠶᠠᠷ ᠡᠬᠡ | ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠪᠠ᠃ | ︽ᠲᠠᠪᠤ ᠶᠢ ᠨᠢᠭᠡ ᠴᠣᠭᠴᠠᠵᠢᠭᠤᠯᠬᠤ︾ ᠬᠢᠯᠢ ᠶᠢᠨ ᠪᠣᠭᠤᠮᠲᠠ ᠶᠢ ᠬᠠᠮᠲᠤ ᠪᠠᠷ ᠴᠣᠭᠴᠠᠯᠠᠨ᠎ᠠ | ᠤᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠳᠤ᠂ ᠬᠢᠯᠢ ᠶᠢᠨ ᠬᠠᠮᠠᠭᠠᠯᠠᠭᠴᠢ ᠭᠡᠷᠡᠯᠴᠢᠮᠡᠭ ᠬᠢᠭᠡᠳ ᠴᠠᠭᠳᠠᠨ ᠲᠣᠭᠤᠷᠢᠬᠤ ᠠᠷᠠᠳ ᠤᠨ ᠴᠠᠭᠳᠠᠭ᠎ᠠ᠂ | ᠭᠠᠴᠠᠭᠠᠨ ᠤ ᠮᠠᠯᠴᠢᠳ ᠲᠠᠢ ᠬᠠᠮᠲᠤ ᠪᠠᠷ ᠤᠯᠤᠰ ᠤᠨ ᠲᠤᠭ ᠮᠠᠨᠳᠤᠭᠤᠯᠤᠭᠰᠠᠨ ᠸᠢᠳᠢᠣ᠋ ᠪᠢᠴᠢᠯᠭᠡ ᠪᠠᠷ ᠨᠡᠶᠢᠭᠡᠮ ᠤᠨ ᠬᠠᠷᠢᠯᠴᠠᠭᠠᠨ ᠤ ᠲᠣᠤᠷ ᠰᠦᠯᠵᠢᠶ᠎ᠡ ᠪᠠᠨ ᠡᠯᠭᠦᠪᠡ᠃ | ᠬᠢᠯᠢ ᠶᠢᠨ ᠱᠤᠭᠤᠮ ᠳᠡᠭᠡᠷᠡᠬᠢ ᠡᠨᠡ ᠬᠦ ᠤᠯᠠᠭᠠᠨ ᠥᠩᠭᠡ ᠨᠢ ᠨᠢᠭᠡ ᠵᠦᠢᠯ ᠤᠨ ᠢᠲᠡᠭᠡᠯ ᠪᠢᠰᠢᠷᠡᠯ ᠮᠥᠨ᠂ ᠨᠡᠩ ᠴᠤ ᠨᠢᠭᠡ ᠵᠦᠢᠯ ᠤᠨ ᠬᠦᠴᠦᠨ ᠴᠢᠳᠠᠯ ᠮᠥᠨ᠃ | ︽ᠨᠠᠮ ᠰᠠᠨᠠᠭ᠎ᠠ ᠠᠮᠤᠷ ᠪᠠᠶᠢᠭᠠᠷᠠᠢ᠂ ᠬᠢᠯᠢ ᠬᠢᠵᠠᠭᠠᠷ ᠢᠶᠠᠨ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ᠂ ᠤᠮᠠᠷᠠᠲᠤ ᠬᠢᠯᠢ ᠳᠤ ᠪᠢ ᠪᠠᠶᠢᠨ᠎ᠠ︕︾ ᠡᠨᠡ ᠵᠢᠯ ᠤᠨ 4 ᠳ᠋ᠦ᠋ᠭᠡᠷ | ᠰᠠᠷ᠎ᠠ ᠳᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠶᠢᠨ ᠠᠯᠠᠱᠠ ᠶᠢᠨ ᠬᠢᠯᠢ ᠶᠢᠨ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠩᠭᠡᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠡᠳ᠋ ᠳᠠᠷᠤᠭ᠎ᠠ ᠰᠢᠤᠢ ᠨᠠᠢ ᠴᠤᠤ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ ᠠᠴᠠ ︽ᠤᠮᠠᠷᠠᠲᠤ ᠬᠢᠯᠢ ᠶᠢᠨ ᠵᠢᠱᠢᠶᠡᠴᠢ︾ ᠶᠢᠨ ᠴᠣᠯᠠ ᠣᠯᠭᠤᠪᠠ᠃ | ︽ᠪᠢᠳᠡ ᠡᠳᠦᠷ ᠪᠦᠷᠢ ᠲᠤᠭ ᠮᠠᠨᠳᠤᠭᠤᠯᠬᠤ ᠶᠣᠰᠣᠯᠠᠯ ᠶᠠᠪᠤᠭᠤᠯᠤᠨ᠎ᠠ᠂ ᠡᠷᠬᠢᠨ ᠲᠣᠭᠤᠷᠢᠨ ᠤ ᠮᠠᠯᠴᠢᠨ ᠲᠠᠷᠢᠶᠠᠴᠢᠨ ᠬᠤᠯᠠ ᠠᠴᠠ ᠨᠠᠮᠢᠷᠠᠵᠤ ᠪᠠᠶᠢᠭ᠎ᠠ ᠤᠯᠤᠰ ᠤᠨ | ᠲᠤᠭ ᠢ ᠬᠠᠷᠠᠪᠠᠯ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠪᠠᠶᠢᠬᠤ ᠶᠢ ᠣᠯᠵᠤ ᠮᠡᠳᠡᠨ᠂ ᠰᠡᠳᠬᠢᠯ ᠳᠣᠲᠣᠷ᠎ᠠ ᠪᠠᠨ ᠯᠠᠪᠳᠠᠭᠤᠨ ᠲᠣᠭᠲᠠᠭᠤᠨ ᠪᠣᠯᠴᠢᠬᠠᠨ᠎ᠠ︾ ᠭᠡᠵᠦ | ᠲᠡᠷᠢᠭᠦᠨ ᠤ ᠦᠢᠯᠡ ᠠᠵᠢᠯᠯᠠᠭ᠎ᠠ ᠶᠢ ᠨᠡᠶᠢᠲᠡᠯᠡᠬᠦ ᠬᠤᠷᠠᠯ ᠳᠡᠭᠡᠷ᠎ᠡ᠂ ᠰᠢᠤᠢ ᠨᠠᠢ ᠴᠤᠤ ᠪᠠ ᠡᠬᠡᠨᠡᠷ ᠯᠢ ᠸᠧᠨ ᠨᠠ ᠲᠠᠶᠢᠰᠠᠨ ᠳᠤ ᠭᠠᠷᠴᠤ ᠰᠠᠨᠠᠯ ᠢᠶᠠᠨ ᠰᠣᠯᠢᠯᠴᠠᠬᠤ ᠦᠶ᠎ᠡ ᠳᠤ᠂ | ᠪᠣᠷᠣᠭᠵᠢᠭᠤᠨ ᠦᠭᠡ ᠬᠡᠯᠡ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠦᠷᠢᠶᠡᠯᠡᠯ ᠢ ᠣᠯᠵᠤ᠂ ᠡᠨᠡ ᠬᠤᠣᠰ ᠡᠯᠡᠰᠦᠨ ᠴᠦᠯ ᠭᠤᠪᠢ ᠶᠢᠨ ᠬᠢᠯᠢ ᠶᠢ ᠪᠠᠲᠤ ᠰᠠᠬᠢᠵᠤ | ᠪᠠᠶᠢᠭ᠎ᠠ ᠡᠷ᠎ᠡ ᠡᠮ᠎ᠡ ᠬᠤᠶᠠᠭᠤᠯᠠ ᠶᠢᠨ ᠦᠯᠢᠭᠡᠷ ᠬᠥᠮᠦᠰ ᠤᠨ ᠰᠡᠳᠬᠢᠯ ᠢ ᠬᠥᠳᠡᠯᠭᠡᠪᠡ᠃ | ᠬᠢᠯᠢ ᠶᠢᠨ ᠱᠤᠭᠤᠮ ᠳᠡᠭᠡᠷ᠎ᠡ ᠦᠨᠳᠦᠰᠦ ᠬᠠᠳᠬᠤᠵᠤ᠂ ᠲᠤᠬᠠᠶ ᠶᠢᠨ ᠭᠠᠵᠠᠷ ᠤᠨ ᠠᠮᠢᠳᠤᠷᠠᠯ ᠳᠤ ᠠᠭᠤᠰᠤᠯᠴᠠᠵᠤ᠂ ︽ᠨᠡᠭᠦᠳᠡᠯ ᠬᠠᠷᠠᠭᠤᠯ ᠤᠨ ᠴᠡᠷᠢᠭ︾ ᠨᠢᠭᠡᠪᠦᠷᠢ᠂ | ᠨᠢᠭᠡ ᠪᠦᠯᠦᠭ ᠪᠦᠯᠦᠭ ︽ᠠᠮᠢ ᠨᠠᠰᠤᠨ ᠤ ᠬᠥᠰᠢᠶ᠎ᠡ︾᠂ ᠬᠢᠯᠢ ᠬᠢᠵᠠᠭᠠᠷ ᠣᠷᠣᠨ ᠤ ᠪᠠᠲᠤ ᠪᠠᠬᠢᠯᠡᠯᠲᠡ ᠶᠢ ᠬᠠᠮᠲᠤ ᠪᠠᠷ ᠴᠣᠭᠴᠠᠯᠠᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠨ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ︽ᠨᠠᠮ ᠤᠨ ᠬᠤᠷᠢᠶ᠎ᠠ ᠴᠢᠭᠯᠡᠯ ᠢ ᠡᠵᠡᠮᠳᠡᠬᠦ᠂ ᠵᠠᠰᠠᠭ ᠤᠨ ᠣᠷᠳᠣᠨ ᠶᠡᠷᠦᠩᠬᠡᠢ ᠵᠣᠬᠢᠴᠠᠭᠤᠯᠬᠤ᠂ ᠴᠡᠷᠢᠭ ᠠᠩᠬᠢ ᠭᠤᠣᠯᠯᠠᠭᠴᠢ ᠪᠣᠯᠬᠤ᠂ | ᠴᠠᠭᠳᠠᠭᠠᠨ ᠤ ᠲᠠᠯ᠎ᠠ ᠶᠢᠨ ᠬᠢᠨ ᠵᠠᠰᠠᠯᠲᠠ ᠶᠢ ᠠᠳᠬᠤᠬᠤ᠂ ᠠᠷᠠᠳ ᠲᠦᠮᠡᠨ ᠢᠶᠠᠷ ᠰᠠᠭᠤᠷᠢ ᠪᠣᠯᠭᠠᠬᠤ︾ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠰᠢᠰᠲ᠋ᠧᠮ ᠢ | ᠪᠠᠶᠢᠭᠤᠯᠤᠨ ᠬᠦᠴᠦᠷᠬᠡᠭᠵᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ︽ᠲᠠᠪᠤ ᠶᠢ ᠨᠢᠭᠡ ᠴᠤᠬᠴᠠᠵᠢᠭᠤᠯᠬᠤ︾ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ | ᠰᠡᠷᠭᠡᠶᠢᠯᠡᠯᠲᠡ ᠶᠢ ᠪᠠᠬᠢᠵᠢᠭᠦᠯᠬᠦ ᠪᠠᠶᠢᠷᠢᠰᠢᠯ ᠢ ᠲᠠᠰᠤᠷᠠᠯᠲᠠ ᠦᠭᠡᠢ ᠴᠢᠩᠭᠠᠳᠬᠠᠵᠤ᠂ ᠬᠢᠯᠢ ᠬᠢᠵᠠᠭᠠᠷ ᠣᠷᠣᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ | ᠂ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠰᠠᠶᠢᠨ | ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠪᠡ᠃ | — ᠬᠠᠤᠯᠢ ᠪᠠᠷ ᠲᠦᠰᠢᠭ ᠪᠣᠯᠭᠠᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠶ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ | ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ︾ ︽ᠴᠡᠷᠢᠭ ᠠᠴᠠ ᠬᠠᠯᠠᠭᠳᠠᠭᠰᠠᠳ ᠤᠨ ᠬᠢᠯᠢ ᠬᠢᠵᠠᠭᠠᠷ ᠣᠷᠣᠨ ᠢ ᠪᠥᠲᠥᠭᠡᠨ ᠪᠠᠶᠢᠭᠤᠯᠬᠤ ᠶᠢ | ᠵᠣᠷᠢᠭᠵᠢᠭᠤᠯᠤᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ | ᠨᠡᠶᠢᠲᠡᠯᠡᠭᠰᠡᠨ ᠨᠢ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠡᠬᠡ ᠤᠯᠤᠰ ᠤᠨ | ᠬᠢᠯᠢ ᠶᠢᠨ ᠬᠠᠮᠠᠭᠠᠯᠠᠯᠲᠠ ᠶᠢ ᠪᠠᠬᠢᠵᠢᠭᠦᠯᠬᠦ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠪᠡ | ᠃ | — ᠬᠢᠯᠢ ᠶᠢᠨ ᠠᠮᠤᠷ ᠲᠦᠪᠰᠢᠨ ᠲᠣᠭᠲᠠᠭᠤᠨ ᠥᠨᠳᠦᠷᠯᠢᠭ ᠢ ᠪᠠᠶᠢᠭᠤᠯᠤᠶ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠬᠴᠠᠯᠠᠬᠤ ᠶᠠᠪᠤᠳᠠᠯ ᠢ ᠬᠢᠯᠢ ᠬᠢᠵᠠᠭᠠᠷ ᠣᠷᠣᠨ ᠤ ᠺᠠᠳ᠋ᠷ᠂ ᠨᠠᠮ ᠤᠨ ᠭᠡᠰᠢᠭᠦᠨ ᠪᠠ ᠬᠢᠯᠢ ᠶᠢᠨ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠬᠢᠯᠢ | ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠢᠯᠢ ᠬᠢᠵᠠᠭᠠᠷ ᠤᠨ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠵᠡᠷᠭᠡ ᠲᠤᠰᠬᠠᠢ ᠠᠵᠢᠯ ᠤᠨ | ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠤᠨ᠎ᠠ᠃ | — ᠬᠢᠯᠢ ᠬᠢᠵᠠᠭᠠᠷ ᠤᠨ ᠠᠮᠢᠳᠤᠷᠠᠯ ᠤᠨ ︽ᠰᠡᠳᠭᠢᠯ ᠢ ᠠᠷᠭᠠᠮᠵᠢᠨ ᠬᠦᠮᠦᠨ ᠢ ᠦᠯᠡᠳᠡᠭᠡᠬᠦ︾ ᠣᠷᠴᠢᠨ ᠲᠣᠭᠤᠷᠢᠨ ᠢ ᠪᠤᠢ ᠪᠣᠯᠭᠠᠶ᠎ᠠ᠃ ᠾᠧᠢ ᠱᠠᠨ ᠳᠧᠦ ᠪᠣᠭᠤᠮᠲᠠ᠂ | ᠮᠠᠨᠳᠤᠯ ᠪᠣᠭᠤᠮᠲᠠ᠂ ᠭᠠᠭᠴᠠᠮᠣᠳᠣ ᠪᠣᠭᠤᠮᠲᠠ᠂ ᠴᠡᠭᠡ ᠪᠣᠭᠤᠮᠲᠠ ᠵᠡᠷᠭᠡ ᠭᠠᠵᠠᠷ ᠣᠷᠣᠨ ᠤ ᠴᠡᠷᠢᠭ ᠠᠷᠠᠳ ᠤᠨ ᠨᠢᠭᠡ ᠴᠣᠭᠴᠠᠵᠢᠭᠰᠠᠨ ᠴᠢᠳᠠᠪᠤᠷᠢ ᠶᠢᠨ ᠲᠤᠷᠰᠢᠯᠲᠠ ᠶᠢᠨ | ᠴᠡᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠣᠷᠣᠨ ᠤ ᠰᠤᠮᠤ ᠰᠢᠶᠠᠩ ᠪᠠᠯᠭᠠᠰᠤ ᠶᠢᠨ ᠠᠵᠢᠯ ᠤᠨ | ᠨᠥᠬᠦᠪᠥᠷᠢ ᠪᠠ ᠨᠡᠮᠡᠭᠦᠷᠢ ᠶᠢ ᠨᠠᠶᠢᠳᠠᠪᠤᠷᠢᠵᠢᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠦᠨ ᠬᠢᠯᠢ ᠬᠢᠵᠠᠭᠠᠷ ᠣᠷᠣᠨ ᠤ ᠬᠥᠮᠦᠨ ᠠᠮᠠ ᠶᠢ ᠲᠣᠭᠲᠠᠭᠤᠨ | ᠪᠠᠶᠢᠯᠭᠠᠨ᠎ᠠ︔ ︽ᠡᠮᠴᠢᠯᠡᠭᠡᠨ ᠤ ᠲᠤᠰᠬᠠᠶ ᠮᠡᠷᠭᠡᠵᠢᠯᠲᠡᠨ ᠬᠢᠯᠢ ᠶᠢᠨ ᠪᠣᠭᠤᠮᠲᠠ ᠳᠤ ᠬᠦᠷᠴᠦ ᠲᠣᠭᠤᠷᠢᠨ ᠡᠮᠴᠢᠯᠡᠬᠦ︾ ︽ᠮᠢᠩᠭᠠᠨ ᠭᠠᠵᠠᠷ ᠲᠤ ᠰᠣᠶᠣᠯ ᠤᠷᠠᠯᠢᠭ ᠬᠦᠷᠭᠡᠵᠦ᠂ | ᠤᠷᠠᠯᠢᠭ ᠢ ᠬᠢᠯᠢ ᠶᠢᠨ ᠬᠠᠮᠠᠭᠠᠯᠠᠯᠲᠠ ᠳᠤ ᠣᠷᠣᠭᠤᠯᠬᠤ︾ ᠵᠡᠷᠭᠡ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠮᠴᠢᠯᠡᠭᠡ᠂ ᠰᠣᠶᠣᠯ᠂ ᠬᠠᠤᠯᠢ ᠴᠠᠭᠠᠵᠠ ᠶᠢ ᠴᠡᠷᠢᠭ ᠤᠨ | ᠬᠤᠸᠠᠷᠠᠨ ᠳᠤ ᠣᠷᠣᠭᠤᠯᠬᠤ᠂ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠮᠠᠯᠵᠢᠬᠤ ᠡᠷᠦᠬᠡ ᠳᠤ ᠣᠷᠣᠭᠤᠯᠬᠤ ᠬᠡᠷᠡᠭᠲᠡᠶ᠃ | — ᠰᠢᠨ᠎ᠡ ᠴᠠᠭ ᠦᠶ᠎ᠡ ᠶᠢᠨ ᠬᠢᠯᠢ ᠶᠢᠨ ᠬᠠᠮᠠᠭᠠᠯᠠᠯᠲᠠ ᠶᠢᠨ ᠰᠣᠶᠣᠯ ᠢ ᠪᠦᠲᠦᠭᠡᠨ ᠪᠠᠢᠭᠤᠯᠤᠶ᠎ᠠ᠃ ᠠᠳᠢᠶ᠎ᠠ᠂ ᠨᠢᠮ᠎ᠠ ᠨᠠᠰᠤᠲᠠᠨ ᠵᠡᠷᠭᠡ ᠨᠢᠭᠡ ᠪᠦᠯᠦᠭ ᠲᠡᠷᠢᠭᠦᠨ ᠤ ᠬᠠᠮᠲᠤ | ᠪᠠ ᠬᠤᠪᠢ ᠬᠥᠮᠦᠨ ᠢ ᠰᠣᠩᠭᠤᠨ ᠪᠣᠶ ᠪᠣᠯᠭᠠᠵᠤ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ ︽ᠠᠨᠠᠷ ᠤᠨ ᠦᠷ᠎ᠡ︾ ᠵᠡᠷᠭᠡ ᠨᠢᠭᠡ ᠪᠦᠯᠦᠭ ᠭᠤᠤᠯ ᠰᠡᠳᠦᠪᠲᠦ | ᠰᠣᠶᠣᠯ ᠤᠨ ᠨᠠᠷᠠᠲᠤ ᠲᠡᠮᠳᠡᠭᠲᠦ ᠶᠢ ᠭᠠᠷᠭᠠᠵᠤ᠂ ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ᠂ ᠬᠢᠯᠢ | ᠬᠢᠵᠠᠭᠠᠷ ᠤᠨ ᠤᠬᠠᠮᠰᠠᠷ᠂ ᠬᠢᠯᠢ ᠶᠢᠨ ᠤᠬᠠᠮᠰᠠᠷ᠂ ᠬᠢᠯᠢ ᠶᠢᠨ ᠬᠠᠮᠠᠭᠠᠯᠠᠯᠲᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠴᠡᠷᠢᠭ ᠠᠩᠭᠢ ᠪᠠ ᠣᠷᠣᠨ ᠨᠤᠲᠤᠭ ᠤᠨ | ᠺᠠᠳ᠋ᠷᠴᠤᠳ ᠤᠨ ᠬᠢᠯᠢ ᠬᠢᠵᠠᠭᠠᠷ ᠣᠷᠣᠨ ᠳᠤ ᠦᠨᠳᠦᠰᠦᠯᠡᠬᠦ᠂ ᠬᠢᠯᠢ ᠬᠢᠵᠠᠭᠠᠷ ᠢ ᠬᠠᠶᠢᠷᠠᠯᠠᠬᠤ᠂ ᠬᠢᠯᠢ ᠬᠢᠵᠠᠭᠠᠷ ᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠠ | ᠠᠵᠢᠯᠯᠠᠭᠠᠨ ᠤ ᠤᠬᠠᠮᠰᠠᠷ ᠢ ᠬᠥᠭᠵᠢᠭᠡᠨ᠎ᠡ᠃ | ᠣᠳᠣᠬᠠᠨ ᠳᠤ᠂ ᠥᠪᠥᠷ ᠮᠣᠩᠭᠤᠯ ᠤᠨ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠭᠠᠵᠠᠷ ᠰᠢᠷᠣᠶ ᠳᠡᠭᠡᠷ᠎ᠡ᠂ ᠡᠯ᠎ᠡ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠡᠳᠦᠷ ᠢᠷᠡᠬᠦᠶ᠎ᠡ ᠪᠠᠬᠢᠵᠢᠪᠡ᠃ | ︽ᠤᠰᠤ ᠴᠠᠬᠢᠯᠭᠠᠨ ᠵᠠᠮ ᠮᠡᠳᠡᠭᠡ︾ ᠨᠢ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠬᠠᠮᠲᠤ ᠪᠠᠷ ᠠᠬᠢᠭᠤᠯᠤᠨ᠎ᠠ | 8 ᠳ᠋ᠤᠭᠠᠷ ᠰᠠᠷ᠎ᠠ ᠶᠢᠨ ᠬᠥᠯᠥᠨ ᠪᠤᠶᠢᠷ ᠤᠨ ᠲᠠᠯ᠎ᠠ ᠨᠤᠲᠤᠭ ᠨᠢᠳᠦ ᠠᠯᠳᠠᠮ᠎ᠠ ᠡᠪᠡᠰᠦ ᠨᠣᠭᠤᠭ᠎ᠠ ᠬᠦᠬᠡᠷᠡᠨ ᠨᠣᠭᠤᠭᠠᠷᠠᠨ᠎ᠠ᠃ | ᠲᠦᠮᠡᠨ ᠪᠣᠯ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠤᠮᠤ ᠪᠤᠶᠢᠷ ᠭᠠᠴᠠᠭᠠᠨ ᠤ ᠬᠢᠯᠢ ᠬᠠᠮᠠᠭᠠᠯᠠᠭᠴᠢ ᠪᠠᠶᠢᠵᠤ᠂ ᠦᠶ᠎ᠡ ᠤᠯᠠᠷᠢᠨ ᠬᠥᠯᠥᠨ | ᠪᠤᠶᠢᠷ ᠤᠨ ᠲᠠᠯ᠎ᠠ ᠨᠤᠲᠤᠭ ᠤᠨ ᠭᠦᠨ ᠳᠤ ᠰᠠᠭᠤᠷᠢᠰᠢᠪᠠ᠃ ᠲᠡᠳᠡᠨ ᠤ ᠮᠣᠩᠭᠤᠯ ᠭᠡᠷ ᠢ ᠲᠠᠭᠠᠨ ᠬᠤᠶᠢᠰᠢ ᠪᠠᠷᠠᠯᠠᠪᠠᠯ 500 ᠮᠧᠲᠷ ᠬᠦᠷᠬᠦ ᠦᠭᠡᠶ ᠭᠠᠵᠠᠷ ᠳᠤᠮᠳᠠᠲᠤ | ᠮᠣᠩᠭᠤᠯ ᠤᠨ ᠬᠢᠯᠢ ᠪᠣᠯᠣᠨ᠎ᠠ᠂ ᠲᠦᠮᠡᠨ ᠤ ᠡᠪᠦᠭᠡ ᠶᠢᠨ ᠲᠡᠷᠡ ᠦᠶ᠎ᠡ ᠠᠴᠠ ᠡᠬᠢᠯᠡᠨ᠂ ᠨᠢᠭᠡ ᠭᠡᠷ ᠤᠨ ᠭᠤᠷᠪᠠᠨ ᠦᠶ᠎ᠡ ᠶᠢᠨ ᠬᠥᠮᠥᠰ ᠠᠳᠡ ᠰᠠᠭᠤᠷᠢᠰᠢᠵᠤ᠂ ᠠᠳᠡᠬᠢ ᠶᠢ | ᠰᠠᠬᠢᠨ ᠬᠠᠮᠠᠭᠠᠯᠠᠳᠠᠭ᠃ | ᠭᠠᠵᠠᠷ ᠵᠦᠶ ᠶᠢᠨ ᠨᠥᠬᠦᠴᠡᠯ᠂ ᠪᠠᠶᠢᠭᠠᠯᠢ ᠶᠢᠨ ᠨᠥᠬᠦᠴᠡᠯ ᠵᠡᠷᠭᠡ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠣ᠂ ᠥᠩᠭᠡᠷᠡᠭᠰᠡᠨ ᠳᠤ ᠲᠦᠮᠡᠨ ᠤ ᠬᠢᠨ ᠨᠡᠷᠡᠨ ᠤ ᠡᠨᠧᠷᠭᠢ᠂ | ᠰᠠᠯᠬᠢᠨ ᠤ ᠡᠨᠧᠷᠭᠢ ᠪᠠ ᠴᠠᠶᠢᠶ᠋ᠢᠤ ᠲᠣᠰᠣᠨ ᠤ ᠴᠠᠬᠢᠯᠭᠠᠨ ᠭᠠᠷᠭᠠᠬᠤ ᠮᠠᠰᠢᠨ ᠵᠡᠷᠭᠡ ᠠᠷᠭ᠎ᠠ ᠮᠠᠶ᠋ᠢᠭ ᠢᠶᠠᠷ ᠴᠠᠬᠢᠯᠭᠠᠨ ᠬᠠᠩᠭᠠᠵᠤ᠂ ᠴᠠᠬᠢᠯᠭᠠᠨ ᠬᠦᠴᠦᠳᠠᠯ ᠲᠣᠭᠲᠠᠭᠤᠨ ᠪᠤᠰᠤ | ᠪᠠᠶᠢᠵᠤ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠪᠠᠲᠤᠯᠠᠬᠤ ᠶᠢᠨ ᠠᠷᠭ᠎ᠠ ᠦᠭᠡᠢ ᠪᠠᠶᠢᠪᠠ᠃ | ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠮᠡᠳᠡᠭᠡ︾ ᠶᠢᠨ ᠰᠠᠭᠤᠷᠢ ᠪᠡᠯᠡᠳᠬᠡᠮᠵᠢ ᠶᠢᠨ ᠴᠡᠷᠢᠭ ᠠᠩᠭᠢ ᠣᠷᠣᠨ ᠨᠤᠲᠤᠭ ᠶᠢᠨ ᠨᠢᠭᠡ ᠴᠣᠭᠴᠠᠵᠢᠭᠤᠯᠬᠤ | ᠪᠦᠲᠦᠭᠡᠨ ᠪᠠᠶᠢᠭᠤᠯᠤᠯᠲᠠ ᠶᠢᠨ ᠰᠠᠶᠢᠨ ᠢᠶᠠᠷ᠂ ᠨᠢᠳᠤᠨᠤᠨ ᠬᠢᠯᠢ ᠶᠢᠨ ᠨᠢᠭᠡᠳᠦᠭᠡᠷ ᠹᠷᠣᠨᠲ ᠲᠤ ᠠᠮᠢᠳᠤᠷᠠᠵᠤ ᠰᠠᠭᠤᠭ᠎ᠠ ᠲᠦᠮᠡᠨ ᠤ ᠭᠡᠷ ᠲᠤ ᠪᠠᠶᠢᠩᠭᠤ ᠶᠢᠨ ᠴᠠᠬᠢᠯᠭᠠᠨ | ᠨᠡᠪᠲᠡᠷᠡᠭᠰᠡᠨ ᠪᠠᠶᠢᠨ᠎ᠠ᠃ ︽ᠠᠮᠢᠳᠤᠷᠠᠯ ᠤᠨ ᠨᠥᠬᠦᠴᠡᠯ ᠰᠠᠶᠢᠵᠢᠷᠠᠵᠤ᠂ ᠪᠢᠳᠡ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ᠂ ᠭᠡᠷ ᠣᠷᠣᠨ ᠢᠶᠠᠨ ᠪᠦᠲᠦᠭᠡᠨ ᠪᠠᠶᠢᠭᠤᠯᠬᠤ ᠢᠲᠡᠭᠡᠯ | ᠵᠣᠷᠢᠭ ᠨᠡᠩ ᠲᠡᠭᠦᠯᠳᠡᠷ ᠪᠣᠯᠵᠠᠢ︾ ᠭᠡᠵᠦ ᠲᠦᠮᠡᠨ ᠬᠡᠯᠡᠪᠡ᠃ | ᠲᠦ᠋ᠮᠡᠨ ᠭᠡᠷ ᠤᠨ ᠬᠤᠪᠢᠷᠠᠯᠲᠠ ᠣᠨᠴᠠ ᠵᠢᠱᠢᠶ᠎ᠡ ᠪᠢᠰᠢ᠃ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠮᠡᠳᠡᠭᠡ︾ ᠶᠢᠨ ᠰᠠᠭᠠᠳ ᠥᠬᠡᠶ ᠨᠡᠪᠲᠡᠷᠡᠬᠦ ᠥᠬᠡᠶ | ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ 180 ᠭᠠᠷᠤᠶ ᠬᠢᠯᠢ ᠶᠢᠨ ᠬᠠᠮᠠᠭᠠᠯᠠᠯᠲᠠ ᠶᠢᠨ ᠰᠤᠮᠤ ᠠᠩᠭᠢ ︵ᠬᠠᠷᠠᠭᠤᠯ ᠤᠨ ᠴᠡᠭ︶ ᠪᠠ ᠬᠢᠯᠢ ᠶᠢᠨ | ᠲᠣᠮᠢᠯᠠᠭᠰᠠᠳ ᠰᠠᠯᠪᠤᠷᠢ᠂ 200 ᠬᠢᠯᠢ ᠶᠢᠨ ᠭᠠᠴᠠᠭ᠎ᠠ ︵ᠲᠣᠰᠬᠤᠨ︶ ᠶᠢ ᠨᠢᠭᠡᠳ ᠨᠢᠭᠡ ᠪᠠᠷ ᠤᠶᠢᠯᠠᠭᠠᠨ ᠪᠠᠶᠢᠴᠠᠭᠠᠵᠤ᠂ 5 ᠲᠦᠮᠡ ᠰᠢᠬᠠᠮ ᠴᠡᠷᠢᠭ ᠣᠷᠣᠨ ᠨᠤᠲᠤᠭ ᠤᠨ | ᠬᠡᠷᠡᠭᠴᠡᠭᠡ ᠱᠠᠭᠠᠷᠳᠠᠯᠭ᠎ᠠ ᠶᠢᠨ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠵᠤ᠂ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠮᠡᠳᠡᠭᠡ︾ ᠶᠢᠨ ᠰᠠᠭᠤᠷᠢ ᠪᠡᠯᠡᠳᠬᠡᠮᠵᠢ ᠶᠢᠨ | ᠴᠡᠷᠢᠭ ᠣᠷᠣᠨ ᠨᠤᠲᠤᠭ ᠤᠨ ᠨᠢᠭᠡ ᠴᠣᠭᠴᠠᠵᠢᠭᠰᠠᠨ ᠪᠥᠲᠥᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠤᠤᠭᠤᠬᠤ | ᠤᠰᠤᠨ ᠤ ᠠᠮᠤᠷ ᠲᠦᠪᠰᠢᠨ ᠳᠥᠭᠦᠮ ᠳᠥᠲᠡ᠂ ᠴᠠᠬᠢᠯᠭᠠᠨ ᠬᠡᠷᠡᠭᠯᠡᠬᠦ ᠲᠣᠭᠲᠠᠭᠤᠨ ᠳᠠᠭᠠᠭᠠᠮᠠᠭᠠᠢ᠂ ᠵᠠᠮ ᠤᠨ ᠲᠣᠤᠷ ᠳᠥᠷᠪᠡᠨ ᠵᠦᠭ ᠨᠠᠢᠮᠠᠨ ᠵᠣᠪᠬᠢᠰ ᠨᠡᠪᠲᠡᠷᠡᠬᠦ᠂ | ᠳᠣᠬᠢᠶ᠎ᠠ ᠰᠠᠭᠠᠳ ᠥᠬᠡᠶ ᠳᠡᠭᠡᠳᠦ ᠬᠤᠷᠳᠤ ᠪᠠᠷ ᠨᠡᠪᠲᠡᠷᠡᠬᠦ ᠶᠢ ᠪᠡᠶᠡᠯᠡᠭᠦᠯᠵᠦ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠪᠠ ᠬᠢᠯᠢ ᠶᠢᠨ ᠮᠠᠯᠴᠢᠨ ᠲᠠᠷᠢᠶᠠᠴᠢᠨ ᠤ ︽ | ᠤᠰᠤ ᠴᠠᠬᠢᠯᠭᠠᠨ ᠵᠠᠮ ᠮᠡᠳᠡᠭᠡ︾ ᠰᠠᠭᠠᠳ ᠥᠬᠡᠶ ᠨᠡᠪᠲᠡᠷᠡᠬᠦ ᠦᠭᠡᠢ ᠲᠡᠦᠬᠡᠨ ᠬᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠬᠢᠯᠢ ᠬᠢᠵᠠᠭᠠᠷ ᠢ ᠬᠠᠮᠠᠭᠠᠯᠠᠬᠤ | ᠰᠠᠭᠤᠷᠢ ᠶᠢ ᠪᠠᠬᠢᠵᠢᠭᠦᠯᠪᠡ᠃ | ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ᠂ ᠠᠳᠡᠬᠢ ᠬᠢᠯᠢ ᠬᠢᠵᠠᠭᠠᠷ ᠤᠨ ᠮᠠᠯᠵᠢᠬᠤ ᠣᠷᠣᠨ ᠤ ᠨᠤᠲᠤᠭ ᠪᠡᠯᠴᠢᠭᠡᠷ ᠤᠨ ᠲᠠᠯᠠᠪᠠᠢ ᠶᠡᠭᠡ᠂ | ᠮᠠᠯᠵᠢᠬᠤ ᠡᠷᠦᠬᠡ ᠲᠠᠷᠠᠬᠠᠶ ᠪᠤᠲᠠᠷᠬᠠᠶ ᠰᠠᠭᠤᠷᠢᠰᠢᠵᠤ᠂ ᠮᠠᠰᠢ ᠣᠯᠠᠨ ᠮᠠᠯᠴᠢᠳ ᠤᠰᠤ ᠦᠭᠡᠶ ᠪᠤᠶᠤ ᠤᠰᠤ ᠳᠤᠲᠠᠭᠲᠠᠬᠤ ᠮᠠᠯᠵᠢᠬᠤ ᠣᠷᠣᠨ ᠳᠤ ᠰᠠᠭᠤᠷᠢᠰᠢᠵᠤ᠂ ᠡᠭᠦᠨ ᠤ | ᠳᠡᠭᠡᠷ᠎ᠡ ᠤᠰᠤᠨ ᠤ ᠡᠬᠢ ᠰᠤᠷᠪᠤᠯᠵᠢ ᠶᠢᠨ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠦᠭᠡᠶ᠂ ᠣᠷᠣᠭᠤᠯᠤᠯᠲᠠ ᠬᠦᠷᠦᠯᠴᠡᠬᠦ ᠦᠭᠡᠶ ᠵᠡᠷᠭᠡ ᠠᠰᠠᠭᠤᠳᠠᠯ ᠤᠨ ᠬᠢᠵᠠᠭᠠᠷᠯᠠᠯ ᠢ | ᠨᠡᠮᠡᠪᠡᠯ᠂ ᠬᠤᠯᠠ ᠠᠴᠠ ᠤᠰᠤ ᠲᠠᠲᠠᠬᠤ᠂ ᠤᠯᠠᠷᠢᠯ ᠤᠨ ᠴᠢᠨᠠᠷᠲᠠᠶ ᠤᠰᠤ ᠳᠤᠲᠠᠭᠳᠠᠬᠤ ᠨᠢ ᠮᠠᠯᠵᠢᠬᠤ ᠣᠷᠣᠨ ᠤ ᠣᠯᠠᠨ ᠲᠦᠮᠡᠨ ᠪᠠ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ | ᠪᠠᠶᠢᠯᠳᠤᠭᠴᠢᠳ ᠤᠨ ᠪᠠᠴᠢᠮ ᠬᠦᠴᠢᠷ ᠵᠣᠪᠠᠭᠤᠷᠢ ᠪᠣᠯᠪᠠ᠃ | 2023 ᠣᠨ ᠠᠴᠠ ᠨᠠᠭᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠶ ᠪᠤᠲᠠᠷᠬᠠᠶ ᠬᠡᠯᠪᠡᠷᠢ ᠶᠢᠨ ᠤᠰᠤᠨ ᠤ | ᠡᠬᠢ ᠶᠢᠨ ᠴᠡᠭ ᠤᠨ ᠢᠨᠵᠧᠨᠧᠷᠢᠩ᠂ ᠬᠤᠯᠠ ᠠᠴᠠ ᠤᠰᠤ ᠲᠠᠲᠠᠵᠤ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠵᠡᠷᠭᠡ ᠶᠢ ᠬᠡᠷᠡᠭᠵᠢᠭᠦᠯᠬᠦ ᠶᠢ ᠳᠠᠭᠠᠯᠳᠤᠨ᠂ ᠰᠢᠨ᠎ᠡ ᠪᠠᠷ | ᠤᠰᠤᠨ ᠰᠤᠷᠪᠤᠯᠵᠢ ᠶᠢᠨ ᠬᠤᠳᠳᠤᠭ ᠢ ᠮᠠᠯᠲᠠᠬᠤ᠂ ᠤᠰᠤ ᠳᠠᠮᠵᠢᠭᠤᠯᠬᠤ ᠬᠤᠭᠤᠯᠠᠶ ᠳᠡᠪᠢᠰᠬᠦ᠂ ᠬᠡᠷ ᠤᠨ ᠤᠰᠤ ᠬᠡᠷᠡᠭᠯᠡᠬᠦ ᠲᠥᠬᠦᠭᠡᠷᠦᠮᠵᠢ ᠶᠢ ᠤᠭᠰᠠᠷᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠠ ᠬᠢᠯᠢ ᠬᠢᠵᠠᠭᠠᠷ | ᠣᠷᠣᠨ ᠳᠤ ᠬᠦᠷᠦᠭᠰᠡᠨ ᠭᠠᠴᠠᠭᠠᠨ ᠤ ᠮᠠᠯᠴᠢᠳ ᠤᠨ ᠤᠤᠭᠤᠬᠤ ᠤᠰᠤ ᠳᠥᠭᠦᠮ ᠦᠭᠡᠢ᠂ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠢ | ᠲᠦᠢᠯᠪᠤᠷᠢᠲᠠᠶ ᠰᠢᠢᠳᠪᠦᠷᠢᠯᠡᠵᠦ᠂ ᠬᠢᠯᠢ ᠬᠢᠵᠠᠭᠠᠷ ᠤᠨ ᠮᠠᠯᠵᠢᠬᠤ ᠣᠷᠣᠨ ᠤ ︽ᠤᠤᠭᠤᠬᠤ ᠤᠰᠤ ᠲᠠᠢ︾ ᠪᠠᠶᠢᠭᠰᠠᠨ ᠠᠴᠠ ︽ᠰᠠᠶᠢᠨ ᠤᠰᠤ ᠤᠤᠭᠤᠬᠤ︾ ᠪᠣᠯᠭᠠᠨ | ᠬᠤᠪᠢᠷᠠᠭᠤᠯᠬᠤ ᠶᠢ ᠪᠡᠶᠡᠯᠡᠭᠦᠯᠪᠡ᠃ | ᠬᠤᠳᠳᠤᠭ ᠮᠠᠯᠲᠠᠬᠤ᠂ ᠴᠠᠬᠢᠯᠭᠠᠨ ᠲᠠᠲᠠᠯᠭ᠎ᠠ᠂ ᠬᠠᠶᠢᠷ ᠵᠠᠮ ᠳᠡᠪᠢᠰᠬᠦ ᠁ ᠴᠡᠷᠢᠭ ᠠᠩᠭᠢ ᠤᠷᠤᠨ ᠨᠤᠳᠤᠭ ᠤᠨ ᠬᠠᠮᠳᠤ ᠶᠢᠨ ᠴᠢᠷᠮᠠᠶᠢᠯᠭ᠎ᠠ ᠳᠣᠣᠷ᠎ᠠ᠂ ᠢᠨᠵᠧᠨᠡᠸ᠋ᠷᠢᠩ | ᠨᠢᠭᠡᠪᠦᠷᠢ ᠶᠢ ᠬᠡᠷᠡᠭᠵᠢᠭᠦᠯᠦᠭᠰᠡᠨ ᠨᠢ ᠶᠠᠭ ᠯᠠ ᠬᠠᠯᠠᠭᠤᠨ ᠳᠤᠯᠠᠭᠠᠨ ᠤᠷᠤᠰᠬᠠᠯ ᠴᠡᠷᠢᠭ ᠠᠷᠠᠳ ᠤᠨ ᠰᠡᠳᠬᠢᠯ ᠳᠤ ᠤᠷᠤᠰᠤᠨ ᠣᠷᠤᠭᠰᠠᠨ ᠮᠡᠲᠦ᠃ | ᠬᠢᠯᠢ ᠬᠢᠵᠠᠭᠠᠷ ᠤᠷᠤᠨ ᠮᠠᠨᠳᠤᠪᠠᠯ ᠬᠢᠯᠢ ᠬᠢᠵᠠᠭᠠᠷ ᠤᠷᠤᠨ ᠲᠤᠭᠲᠠᠭᠤᠨ ᠪᠠᠶᠢᠵᠤ᠂ ᠬᠢᠯᠢ ᠶᠢᠨ ᠠᠷᠠᠳ ᠪᠠᠶᠠᠵᠢᠪᠠᠯ ᠬᠢᠯᠢ ᠶᠢᠨ ᠬᠠᠮᠠᠭᠠᠯᠠᠯᠲᠠ ᠪᠠᠬᠢᠵᠢᠨ᠎ᠡ᠃ ᠣᠶᠢᠷ᠎ᠠ ᠶᠢᠨ | ᠬᠤᠶᠠᠷ ᠵᠢᠯ ᠳᠤ᠂ ᠪᠥᠬᠦ ᠣᠷᠣᠨ ᠳᠤ ᠨᠡᠶᠢᠲᠡ 61 ᠬᠠᠷᠠᠭᠤᠯ ᠤᠨ ᠭᠠᠵᠠᠷ ᠪᠠ 1.6 ᠲᠦᠮᠡᠨ ᠬᠢᠯᠢ ᠶᠢᠨ ᠠᠷᠠᠳ ᠤᠨ ᠤᠰᠤ ᠬᠡᠷᠡᠭᠯᠡᠬᠦ ᠬᠦᠴᠢᠷᠳᠡᠯ᠂ 63 ᠬᠠᠷᠠᠭᠤᠯ ᠤᠨ | ᠭᠠᠵᠠᠷ ᠪᠠ 1.8 ᠲᠦᠮᠡᠨ ᠬᠢᠯᠢ ᠶᠢᠨ ᠠᠷᠠᠳ ᠤᠨ ᠴᠠᠬᠢᠯᠭᠠᠨ ᠬᠡᠷᠡᠭᠯᠡᠬᠦ ᠬᠦᠴᠢᠷ ᠠᠰᠠᠭᠤᠳᠠᠯ ᠰᠢᠢᠳᠪᠦᠷᠢᠯᠡᠭᠳᠡᠵᠦ᠂ ᠳᠡᠰ ᠤᠨ ᠵᠠᠰᠠᠮᠠᠯ ᠵᠠᠮ᠂ ᠴᠠᠭᠳᠠᠨ ᠲᠣᠭᠤᠷᠢᠬᠤ ᠵᠠᠮ ᠢ | 520 ᠺᠢᠯᠤᠮᠧᠲᠷ ᠨᠡᠪᠲᠡᠷᠡᠭᠦᠯᠵᠦ᠂ 2471 ᠺᠢᠯᠤᠮᠧᠲᠷ ᠭᠡᠷᠡᠯᠲᠦ ᠳᠡᠭᠡᠰᠦ ᠳᠡᠪᠢᠰᠴᠦ᠂ 208 ᠴᠢᠮᠡᠭᠡ ᠬᠤᠯᠪᠣᠭᠠᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠬᠢᠯᠢ ᠶᠢᠨ | ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠰᠢᠯᠵᠢᠮᠡᠯ ᠳᠣᠬᠢᠶ᠎ᠠ ᠶᠢ ᠪᠦᠷᠢᠨ ᠪᠦᠷᠬᠦᠭᠦᠯᠵᠦ᠂ 331 ᠤᠯᠤᠰ ᠤᠨ ᠵᠠᠮ ᠤᠨ 4G ᠳᠣᠬᠢᠶᠠᠨ ᠤ ᠪᠦᠷᠬᠦᠴᠡ ᠶᠢᠨ ᠨᠣᠷᠮ᠎ᠠ ᠶᠢ | 47% ᠪᠠᠶᠢᠭᠰᠠᠨ ᠠᠴᠠ 74% ᠪᠣᠯᠭᠠᠨ ᠳᠡᠭᠡᠭᠰᠢᠯᠡᠭᠦᠯᠵᠦ᠂ ᠬᠢᠯᠢ ᠶᠢᠨ ᠨᠢᠭᠡᠳᠦᠭᠡᠷ ᠹᠷᠣᠨᠲ ᠤᠨ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠶᠠᠭ | ᠲᠦᠷᠭᠡᠳᠬᠡᠨ ᠰᠠᠶᠢᠵᠢᠷᠠᠭᠤᠯᠵᠤ᠂ ᠰᠠᠭᠤᠭᠠᠯᠢ ᠠᠷᠠᠳ᠂ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠨᠠᠩ ᠣᠯᠠᠨ ᠬᠥᠮᠦᠰ ᠤᠨ | ᠬᠢᠯᠢ ᠣᠷᠣᠨ ᠳᠤ ᠠᠵᠢᠯ ᠦᠢᠯᠡᠰ ᠪᠣᠰᠬᠠᠬᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢᠨ ᠠᠩᠬᠠᠷᠤᠯ ᠢ ᠲᠠᠲᠠᠨ᠎ᠠ᠃ | ︽ᠭᠤᠷᠪᠠᠨ ᠰᠢᠨ᠎ᠡ ᠪᠦᠲᠦᠭᠡᠨ ᠪᠠᠶᠢᠭᠤᠯᠤᠯᠲᠠ︾ ᠶᠢᠨ ᠠᠮᠤᠷ ᠲᠦᠪᠰᠢᠨ ᠤ ᠲᠣᠣᠷ ᠢ ᠬᠠᠮᠲᠤ ᠪᠠᠷ ᠪᠠᠶᠢᠭᠤᠯᠤᠨ᠎ᠠ | ︽ᠥᠨᠥᠳᠥᠷ ᠤᠨ ᠲᠣᠭᠤᠷᠢᠨ ᠴᠠᠭᠳᠠᠬᠤ ᠬᠢᠯᠢ ᠶᠢᠨ ᠱᠤᠭᠤᠮ ᠤᠨ 12 ᠺᠢᠯᠣᠮᠧᠲᠷ ᠲᠤ ᠶᠡᠷᠦ ᠪᠤᠰᠤ ᠶᠢᠨ ᠪᠠᠶᠢᠳᠠᠯ ᠭᠠᠷᠤᠭᠰᠠᠨ ᠦᠭᠡᠢ︾ ᠭᠡᠵᠦ 8 ᠳ᠋ᠤᠭᠠᠷ ᠰᠠᠷ᠎ᠠ ᠶᠢᠨ 5 ᠤ | ᠡᠳᠦᠷ᠂ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠠᠯᠠᠱᠠ ᠪᠠᠷᠠᠭᠤᠨ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ︽ | ᠤᠮᠠᠷᠠᠲᠤ ᠶᠢᠨ ᠲᠡᠮᠡᠭᠡᠨ ᠬᠤᠩᠬᠤ︾ ᠬᠢᠯᠢ ᠶᠢᠨ ᠬᠠᠮᠠᠭᠠᠯᠠᠯᠲᠠ ᠶᠢᠨ ᠠᠩᠭᠢ ᠶᠢᠨ ᠭᠡᠰᠢᠭᠦᠨ ᠪᠣᠯᠣᠳ ᠬᠢᠯᠢ ᠬᠢᠵᠠᠭᠠᠷ ᠢ ᠴᠠᠭᠳᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ | ᠬᠢᠯᠢ ᠶᠢᠨ ᠲᠣᠮᠢᠯᠠᠭᠰᠠᠨ ᠰᠠᠯᠪᠤᠷᠢ ᠳᠤ ᠲᠤᠰ ᠡᠳᠦᠷ ᠤᠨ ᠪᠠᠶᠢᠳᠠᠯ ᠢᠶᠠᠨ ᠮᠡᠳᠡᠭᠦᠯᠪᠡ᠃ | ᠠᠯᠠᠱᠠ ᠪᠠᠷᠠᠭᠤᠨ ᠬᠤᠰᠢᠭᠤ 45.25 ᠺᠢᠯᠣᠮᠧᠲᠷ ᠬᠢᠯᠢ ᠶᠢᠨ ᠱᠤᠭᠤᠮ ᠪᠠ 2.8 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠬᠢᠯᠢ ᠶᠢᠨ ᠬᠠᠮᠢᠶᠠᠷᠤᠯᠲᠠ ᠶᠢᠨ ᠣᠷᠣᠨ | ᠪᠠᠶᠢᠵᠤ᠂ ᠴᠡᠭ ᠤᠯᠠᠨ ᠱᠤᠭᠤᠮ ᠤᠷᠲᠤ ᠲᠠᠯᠠᠪᠠᠢ ᠥᠷᠭᠡᠨ᠂ ᠤᠯᠠᠨ ᠲᠦᠮᠡᠨ ᠲᠠᠷᠠᠬᠠᠶ ᠪᠤᠲᠠᠷᠬᠠᠶ ᠰᠠᠭᠤᠷᠢᠰᠢᠵᠤ ᠪᠠᠶᠢᠨ᠎ᠠ᠃ ᠬᠢᠯᠢ ᠬᠢᠵᠠᠭᠠᠷ ᠤᠨ ᠭᠠᠵᠠᠷ ᠣᠷᠣᠨ ᠤ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠬᠥᠳᠡᠯᠦᠯᠴᠡᠬᠦ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠣᠷᠣᠨ | ᠪᠦᠰᠡ ᠶᠢᠨ ᠣᠨᠴᠠᠯᠢᠭ ᠲᠤ ᠪᠠᠨ ᠨᠡᠶᠢᠴᠡᠭᠰᠡᠨ ︽ᠤᠮᠠᠷᠠᠲᠤ ᠶᠢᠨ ᠲᠡᠮᠡᠭᠡᠨ ᠬᠤᠩᠬᠤ︾ ᠬᠢᠯᠢ ᠶᠢᠨ ᠬᠠᠮᠠᠭᠠᠯᠠᠯᠲᠠ ᠶᠢᠨ ᠠᠩᠭᠢ ᠶᠢ ᠪᠠᠶᠢᠭᠤᠯᠵᠤ᠂ ᠴᠡᠷᠢᠭ ᠠᠴᠠ ᠬᠠᠯᠠᠭᠳᠠᠭᠰᠠᠳ᠂ | ᠨᠤᠲᠤᠭ ᠲᠠᠭᠠᠨ ᠪᠤᠴᠠᠭᠰᠠᠨ ᠵᠠᠯᠠᠭᠤᠴᠤᠳ᠂ ᠡᠷᠦᠬᠡ ᠶᠢᠨ ᠴᠡᠷᠢᠭ ᠤᠨ ᠡᠩᠨᠡᠭᠡ ᠵᠡᠷᠭᠡ ᠬᠦᠴᠦᠨ ᠢ ᠣᠷᠣᠭᠤᠯᠤᠨ ᠠᠪᠴᠢᠷᠠᠵᠤ᠂ ᠬᠢᠯᠢ ᠶᠢᠨ ᠱᠤᠭᠤᠮ ᠳᠡᠭᠡᠷ᠎ᠡ ᠶᠠᠪᠤᠭ᠎ᠠ ︽ | ᠪᠦᠷᠭᠦᠳ ᠤᠨ ᠨᠢᠳᠦ︾ ᠶᠢ ᠪᠣᠶ ᠪᠣᠯᠭᠠᠵᠤ᠂ ᠬᠢᠯᠢ ᠶᠢ ᠬᠠᠮᠢᠶᠠᠷᠴᠤ ᠬᠢᠯᠢ ᠶᠢ ᠡᠵᠡᠮᠳᠡᠬᠦ ᠴᠢᠬᠤᠯᠠ ᠨᠥᠬᠦᠪᠥᠷᠢ ᠬᠦᠴᠦᠨ ᠪᠣᠯᠤᠭᠰᠠᠨ ᠪᠠᠶᠢᠨ᠎ᠠ᠃ | ︽ᠬᠢᠯᠢ ᠬᠢᠵᠠᠭᠠᠷ ᠢ ᠬᠠᠮᠠᠭᠠᠯᠠᠬᠤ ᠡᠨᠡ ᠬᠦ ᠡᠩᠨᠡᠭᠡ ᠶᠢ ᠨᠠᠩ ᠲᠤᠰᠬᠠᠶᠢᠵᠢᠭᠤᠯᠬᠤ ᠶᠢᠨ ᠲᠥᠯᠥᠭᠡ᠂ ᠪᠢᠳᠡ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠠᠷᠭ᠎ᠠ | ᠬᠡᠯᠪᠡᠷᠢ ᠶᠢ ᠠᠪᠴᠤ᠂ ᠣᠯᠠᠨ ᠤ ᠬᠢᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠴᠢᠬᠤᠯᠠ ᠴᠡᠭ ᠪᠠᠶᠢᠷᠢ ᠶᠢ ᠬᠠᠮᠢᠶᠠᠷᠤᠨ ᠡᠵᠡᠮᠳᠡᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ︾ ᠭᠡᠵᠦ ᠠᠯᠠᠱᠠ ᠪᠠᠷᠠᠭᠤᠨ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠤᠭᠤᠳᠤᠬᠴᠢ ᠨᠢᠦ | ᠰᠢᠨ ᠬᠡᠯᠡᠪᠡ᠃ | ᠴᠠᠭᠳᠠᠭᠠᠨ ᠤ ᠬᠦᠴᠦᠨ ᠬᠢᠵᠠᠭᠠᠷ ᠲᠠᠢ᠂ ᠠᠷᠠᠳ ᠤᠨ ᠬᠦᠴᠦᠨ ᠬᠢᠵᠠᠭᠠᠷ ᠦᠭᠡᠢ᠃ ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠬᠢᠯᠢ ᠶᠢᠨ ᠠᠷᠠᠳ ᠢ ᠢᠳᠡᠪᠬᠢᠲᠡᠶ ᠪᠠᠷ ᠳᠠᠶᠢᠴᠢᠯᠠᠨ ᠬᠢᠯᠢ ᠪᠠᠨ ᠰᠠᠬᠢᠵᠤ ᠬᠢᠯᠢ ᠪᠠᠨ ᠬᠠᠮᠠᠭᠠᠯᠠᠬᠤ ᠳᠤ | ᠣᠷᠤᠯᠴᠠᠭᠤᠯᠤᠨ᠂ ᠭᠠᠵᠠᠷ ᠣᠷᠣᠨ ᠤ ᠣᠨᠴᠠᠯᠢᠭ ᠪᠠ ᠠᠵᠢᠯ ᠮᠡᠷᠭᠡᠵᠢᠯ ᠤᠨ ᠣᠨᠴᠠᠯᠢᠭ ᠲᠤ ᠨᠡᠶᠢᠴᠡᠭᠰᠡᠨ ︽ᠬᠢᠯᠢ ᠳᠤ ᠰᠠᠭᠤᠵᠤ ᠬᠢᠯᠢ ᠶᠢ ᠬᠠᠮᠠᠭᠠᠯᠠᠬᠤ ᠪᠠᠬᠢᠯᠡᠯᠲᠡ ᠶᠢᠨ ᠡᠷᠦᠬᠡ | ︾ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾᠂ ︽ᠨᠤᠲᠤᠭ ᠪᠡᠯᠴᠢᠭᠡᠷ ᠢᠰᠠᠬᠢᠨ ᠪᠠᠷᠠᠯᠠᠬᠤ ᠲᠣᠭᠤᠷᠢᠨ ᠰᠡᠷᠭᠡᠶᠢᠯᠡᠬᠦ ᠠᠩᠭᠢ︾ ᠵᠡᠷᠭᠡ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠠᠯᠭᠠᠭ᠎ᠠ ᠪᠠᠷ ᠭᠠᠷᠭᠠᠵᠤ᠂ ᠬᠢᠯᠢ ᠶᠢᠨ ᠴᠠᠭᠳᠠᠨ ᠪᠠᠶᠢᠴᠠᠭᠠᠬᠤ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ᠂ | ᠵᠢᠭᠤᠷᠠᠯᠳᠤᠭᠠᠨ ᠢ ᠡᠶᠡᠳᠡᠭᠦᠯᠬᠦ ᠵᠡᠷᠭᠡ ᠠᠮᠤᠷ ᠠᠮᠤᠭᠤᠯᠠᠩ ᠬᠢᠯᠢ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ | ᠰᠠᠯᠪᠤᠷᠢ ᠪᠠᠷ ᠤᠳᠤᠷᠢᠳᠤᠮᠵᠢ ᠪᠣᠯᠭᠠᠭᠰᠠᠨ᠂ ᠬᠢᠯᠢ ᠶᠢᠨ ᠠᠷᠠᠳ ᠣᠯᠠᠨ ᠣᠷᠣᠯᠴᠠᠭᠰᠠᠨ ᠬᠦᠴᠦ ᠪᠠᠨ ᠬᠠᠮᠲᠤᠳᠬᠠᠨ ᠬᠢᠯᠢ ᠶᠢᠨ ᠣᠷᠣᠨ ᠢ ᠬᠠᠮᠢᠶᠠᠷᠴᠤ ᠡᠵᠡᠮᠳᠡᠬᠦ ᠰᠢᠨ᠎ᠡ | ᠪᠠᠶᠢᠷᠢᠰᠢᠯ ᠢ ᠪᠣᠶ ᠪᠣᠯᠭᠠᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠪᠠ᠃ | ᠮᠦᠨ ᠴᠦ 8 ᠳ᠋ᠤᠭᠠᠷ ᠰᠠᠷ᠎ᠠ ᠶᠢᠨ 5 ᠤ ᠡᠳᠦᠷ᠂ 2000 ᠭᠠᠷᠤᠶ ᠺᠢᠯᠤᠮᠧᠲᠷ ᠤᠨ ᠭᠠᠳᠠᠨᠠᠬᠢ ᠬᠢᠩᠭᠠᠨ ᠤ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠭᠤᠷᠪᠠᠨ | ᠰᠠᠯᠠᠭ᠎ᠠ ᠬᠢᠯᠢ ᠶᠢᠨ ᠪᠠᠶᠢᠴᠠᠭᠠᠯᠲᠠ ᠶᠢᠨ ᠥᠷᠲᠡᠭᠡ ᠳᠤ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠲᠣᠮᠣ ᠪᠠᠷᠠᠭᠠᠨ ᠤ ᠲᠡᠷᠭᠡ ᠨᠦᠭᠦᠳ᠂ ᠠᠶᠠᠨᠴᠢᠳ ᠢ ᠲᠡᠭᠡᠭᠡᠭᠰᠡᠨ ᠵᠢᠵᠢᠭ ᠮᠠᠰᠢᠨ | ᠲᠡᠷᠭᠡ ᠡᠮᠬᠢ ᠵᠢᠷᠤᠮ ᠲᠠᠢ ᠲᠦᠷᠭᠡᠨ ᠠᠶᠠᠯᠠᠨ᠎ᠠ᠃ | ︽ᠲᠡᠷᠭᠡ ᠬᠥᠰᠬᠡ ᠪᠠᠶᠢᠴᠠᠭᠠᠯᠲᠠ ᠶᠢᠨ ᠥᠷᠲᠡᠭᠡ ᠳᠤ ᠣᠷᠤᠬᠤ ᠲᠠᠢ ᠵᠡᠷᠭᠡ᠂ ᠣᠶᠤᠨᠴᠢ ᠪᠠᠶᠢᠴᠠᠭᠠᠨ ᠰᠢᠯᠭᠠᠬᠤ ᠰᠢᠰᠲ᠋ᠧᠮ ᠨᠠᠭᠠᠰᠢ ᠴᠠᠭᠠᠰᠢ ᠥᠩᠭᠡᠷᠡᠬᠦ ᠠᠶᠠᠨᠴᠢᠳ ᠵᠢᠴᠢ | ᠲᠡᠷᠭᠡ ᠬᠥᠰᠬᠡ ᠶᠢᠨ ᠮᠡᠳᠡᠭᠡ ᠵᠠᠩᠭᠢ ᠶᠢ ᠠᠦ᠋ᠲ᠋ᠣ᠋ ᠬᠢᠨᠠᠨ ᠰᠢᠯᠭᠠᠨ᠎ᠠ᠃ ᠪᠡᠶ᠎ᠡ ᠶᠢᠨ ᠭᠠᠷᠤᠯ ᠤᠨ ᠮᠡᠳᠡᠭᠡ ᠵᠠᠩᠭᠢ᠂ ᠬᠥᠮᠦᠨ ᠤ ᠵᠢᠰᠦ ᠪᠠᠷ ᠢᠯᠭᠠᠨ ᠲᠠᠨᠢᠬᠤ᠂ ᠲᠡᠷᠭᠡ ᠬᠥᠰᠬᠡ ᠶᠢᠨ | ᠪᠠᠶᠢᠴᠠᠭᠠᠯᠲᠠ ᠵᠡᠷᠭᠡ ᠪᠠᠷ ᠳᠠᠮᠵᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠦᠷᠭᠡᠨ ᠢᠯᠭᠠᠨ ᠲᠠᠨᠢᠵᠤ᠂ ᠵᠠᠮ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ | ᠨᠠᠷᠢᠯᠢᠭ ᠣᠨᠤᠪᠴᠢᠲᠠᠢ ᠪᠠᠷ ᠬᠠᠰᠢᠵᠤ᠂ ᠨᠠᠷᠢᠯᠢᠭ ᠣᠨᠤᠪᠴᠢᠲᠠᠢ ᠪᠠᠷ ᠰᠡᠷᠭᠡᠶᠢᠯᠡᠨ ᠡᠵᠡᠮᠳᠡᠨ᠎ᠡ︾ ᠭᠡᠵᠦ ᠭᠤᠷᠪᠠᠨ ᠰᠠᠯᠠᠭ᠎ᠠ ᠬᠢᠯᠢ ᠶᠢᠨ ᠪᠠᠶᠢᠴᠠᠭᠠᠯᠲᠠ ᠶᠢᠨ ᠥᠷᠲᠡᠭᠡ ᠶᠢᠨ ᠵᠢᠭᠠᠨ | ᠵᠢᠯᠣᠭᠤᠳᠤᠭᠴᠢ ᠨᠠᠷᠠᠨᠴᠣᠭᠲᠤ ᠲᠠᠨᠢᠯᠴᠠᠭᠤᠯᠤᠨ᠎ᠠ᠃ | ᠭᠤᠷᠪᠠᠨ ᠰᠠᠯᠠᠭ᠎ᠠ ᠬᠢᠯᠢ ᠶᠢᠨ ᠪᠠᠶᠢᠴᠠᠭᠠᠬᠤ ᠥᠷᠲᠡᠭᠡ ᠨᠢ ᠤᠯᠤᠰ ᠤᠨ ᠵᠠᠮ ᠤᠨ G302 ᠪᠠ G331 ᠱᠤᠭᠤᠮ ᠤᠨ ᠠᠭᠤᠯᠵᠠᠷ ᠲᠤ ᠪᠠᠶᠢᠷᠢᠯᠠᠵᠤ᠂ ᠬᠢᠯᠢ ᠶᠢᠨ | ᠱᠤᠭᠤᠮ ᠤᠨ ᠰᠢᠯᠤᠭᠤᠨ ᠵᠠᠶ ᠠᠴᠠ ᠪᠠᠷᠤᠭ 17 ᠺᠢᠯᠤᠮᠧᠲᠷ ᠵᠠᠶᠢᠲᠠᠶ ᠪᠠᠶᠢᠵᠤ᠂ ᠡᠬᠡ ᠤᠯᠤᠰ ᠤᠨ ᠤᠮᠠᠷᠠᠲᠤ ᠬᠢᠯᠢ᠂ ᠬᠢᠯᠢ ᠶᠢᠨ ᠨᠢᠭᠡᠳᠦᠭᠡᠷ ᠱᠤᠭᠤᠮ ᠢ ᠰᠠᠬᠢᠨ ᠬᠠᠮᠠᠭᠠᠯᠠᠬᠤ | ᠵᠠᠮ ᠬᠠᠷᠢᠯᠴᠠᠭᠠᠨ ᠤ ᠴᠢᠬᠤᠯᠠ ᠵᠠᠮ ᠪᠣᠯᠤᠨ᠎ᠠ᠃ ᠣᠨᠴᠠᠭᠠᠢ ᠭᠠᠵᠠᠷ ᠵᠦᠢ ᠶᠢᠨ ᠪᠠᠶᠢᠷᠢᠯᠠᠯ ᠨᠢ ᠡᠨᠡ ᠬᠦ ᠡᠩᠨᠡᠭᠡ ᠶᠢ ᠢᠮᠠᠭᠲᠠ ᠬᠢᠯᠢ ᠶᠢᠨ ᠬᠠᠮᠢᠶᠠᠷᠤᠯᠲᠠ ᠶᠢᠨ ᠡᠮᠦᠨ᠎ᠡ ᠵᠠᠬ᠎ᠠ ᠶᠢᠨ | ᠲᠠᠶᠢᠨ ᠤ ᠲᠠᠯᠠᠪᠤᠷ ᠲᠤ ᠪᠠᠶᠢᠷᠢᠯᠠᠭᠤᠯᠤᠨ᠎ᠠ᠃ | ︽ᠪᠠᠶᠢᠴᠠᠭᠠᠬᠤ ᠥᠷᠲᠡᠭᠡ ᠡᠳᠦᠷ ᠪᠦᠷᠢ ᠳᠤᠮᠳᠠᠴᠢ ᠪᠠᠷ 700 ᠭᠠᠷᠤᠢ ᠲᠡᠷᠭᠡ᠂ 2000 ᠭᠠᠷᠤᠢ ᠬᠥᠮᠥᠨ ᠤᠳᠠᠭ᠎ᠠ ᠪᠠᠶᠢᠴᠠᠭᠠᠵᠤ᠂ ᠵᠢᠵᠢᠭᠦᠷᠯᠡᠵᠦ ᠪᠠᠶᠢᠭ᠎ᠠ ᠠᠷᠠᠳ ᠤᠨ | ᠴᠠᠭᠳᠠᠭ᠎ᠠ ᠬᠥᠮᠥᠨ ᠲᠣᠬᠢᠶᠠᠯᠳᠤᠪᠠᠯ ᠵᠠᠪᠠᠯ ᠪᠠᠶᠢᠴᠠᠭᠠᠵᠤ᠂ ᠲᠡᠷᠭᠡ ᠳᠠᠭᠠᠷᠠᠪᠠᠯ ᠵᠠᠪᠠᠯ ᠪᠠᠶᠢᠴᠠᠭᠠᠨ᠎ᠠ︾ ᠭᠡᠵᠦ ᠭᠤᠷᠪᠠᠨ ᠰᠠᠯᠠᠭ᠎ᠠ ᠬᠢᠯᠢ ᠶᠢᠨ ᠪᠠᠶᠢᠴᠠᠭᠠᠬᠤ ᠥᠷᠲᠡᠭᠡᠨ ᠤ ᠳᠠᠷᠤᠭ᠎ᠠ | ᠺᠠᠩ ᠶᠦᠩ ᠯᠢ᠂ ᠬᠥᠮᠦᠨ᠂ ᠲᠡᠷᠭᠡ ᠬᠥᠰᠬᠡ ᠶᠢᠨ ᠤᠷᠢᠳᠠᠴᠢ ᠰᠠᠨᠠᠭᠤᠯᠭ᠎ᠠ᠂ ᠣᠶᠤᠨᠴᠢ ᠤᠷᠤᠰᠬᠠᠯ ᠤᠨ ᠵᠢᠯᠤᠭᠤᠳᠤᠯᠭ᠎ᠠ᠂ ᠬᠥᠮᠦᠨ ᠪᠠ ᠪᠠᠷᠠᠭ᠎ᠠ ᠶᠢ ᠲᠦᠷᠭᠡᠨ ᠪᠠᠶᠢᠴᠠᠭᠠᠬᠤ᠂ | ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠣᠶᠤᠨᠴᠢ ᠬᠢᠯᠢ ᠶᠢᠨ ᠪᠠᠶᠢᠴᠠᠭᠠᠯᠲᠠ ᠶᠢᠨ ᠵᠠᠭᠪᠤᠷ ᠲᠤ ᠬᠦᠷᠬᠦ ᠶᠢᠨ ᠲᠥᠯᠥᠭᠡ᠂ ᠬᠢᠩᠭᠠᠨ ᠤ ᠬᠢᠯᠢ ᠶᠢᠨ ᠬᠠᠮᠢᠶᠠᠷᠤᠯᠲᠠ ᠶᠢᠨ | ᠰᠠᠯᠪᠤᠷᠢ ᠠᠩᠭᠢ ᠤᠶᠤᠨᠴᠢᠯᠠᠭᠰᠠᠨ ᠪᠠᠶᠢᠴᠠᠭᠠᠨ ᠰᠢᠯᠭᠠᠬᠤ ᠰᠢᠰᠲ᠋ᠧᠮ ᠢ ᠰᠢᠨᠡᠳᠬᠡᠵᠦ᠂ ᠲᠡᠷᠢᠭᠦᠨ ᠤ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠣᠬᠢᠷᠠᠭᠤᠯᠵᠤ᠂ ᠬᠥᠮᠦᠨ᠂ | ᠲᠡᠷᠭᠡ᠂ ᠪᠣᠳᠠᠰ ᠢ ᠣᠨᠤᠪᠴᠢᠲᠠᠢ ᠪᠠᠶᠢᠴᠠᠭᠠᠨ ᠨᠡᠬᠡᠮᠵᠢᠯᠡᠬᠦ ᠶᠢ ᠲᠦᠷᠭᠡᠨ ᠥᠨᠳᠥᠷ ᠪᠦᠲᠦᠮᠵᠢᠲᠡᠶ ᠪᠠᠷ ᠪᠡᠶᠡᠯᠡᠭᠦᠯᠦᠭᠰᠡᠨ ᠪᠥᠭᠡᠳ ᠨᠠᠭᠠᠰᠢ ᠴᠠᠭᠠᠰᠢ ᠥᠩᠭᠡᠷᠡᠬᠦ ᠲᠡᠷᠭᠡ | ᠬᠥᠰᠬᠡ ᠳᠤ ᠲᠥᠬᠦᠮ ᠦᠵᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ ᠭᠡᠵᠦ ᠬᠡᠯᠡᠨ᠎ᠡ᠃ | ᠰᠢᠨ᠎ᠡ ᠴᠠᠭ ᠦᠶ᠎ᠡ ᠳᠤ ᠬᠢᠯᠢ ᠬᠢᠵᠠᠭᠠᠷ ᠢ ᠬᠠᠮᠠᠭᠠᠯᠠᠨ ᠰᠡᠷᠭᠡᠶᠢᠯᠡᠯᠲᠡ ᠶᠢ ᠴᠢᠩᠭᠠᠳᠬᠠᠬᠤ ᠳᠤ ᠵᠥᠪᠬᠡᠨ ᠬᠥᠮᠦᠨ ᠤ ᠬᠦᠴᠦᠨ ᠳᠤ ᠲᠦᠰᠢᠭᠯᠡᠬᠦ ᠨᠢ ᠬᠦᠷᠦᠯᠴᠡᠬᠦ ᠦᠭᠡᠢ ᠶᠤᠮ | ᠂ ᠪᠠᠰᠠ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠦᠷ ᠬᠦᠴᠦᠨ ᠢ ᠪᠠᠳᠠᠷᠠᠭᠤᠯᠬᠤ ᠬᠡᠷᠡᠭᠲᠡᠶ ᠶᠤᠮ︾ ᠭᠡᠵᠦ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠵᠤ᠂ ᠬᠢᠯᠢ ᠶᠢᠨ ᠬᠠᠮᠢᠶᠠᠷᠤᠯᠲᠠ ᠡᠵᠡᠮᠳᠡᠯ ᠢ ᠪᠣᠰᠤᠭ᠎ᠠ | ᠴᠣᠭᠴᠠᠲᠤ ᠪᠦᠲᠦᠭᠡᠨ ᠪᠠᠶᠢᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠬᠢᠯᠢ ᠪᠠᠷ ᠣᠷᠣᠵᠤ | ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠶ ᠥᠷᠲᠡᠭᠡ ᠨᠢ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ᠂ ᠰᠢᠨ᠎ᠡ ᠬᠤᠷᠴᠠ ᠰᠢᠷᠦᠭᠦᠨ ᠲᠣᠨᠤᠭ | ᠲᠥᠬᠦᠭᠡᠷᠦᠮᠵᠢ᠂ ᠰᠢᠨ᠎ᠡ ᠲᠣᠭᠲᠠᠴᠠ ᠰᠢᠨ᠎ᠡ ᠵᠠᠭᠪᠤᠷ ᠢᠶᠠᠷ ᠭᠤᠤᠯ ᠠᠭᠤᠯᠭ᠎ᠠ ᠪᠣᠯᠭᠠᠭᠰᠠᠨ ︽ᠭᠤᠷᠪᠠᠨ ᠰᠢᠨ᠎ᠡ ᠪᠦᠲᠦᠭᠡᠨ ᠪᠠᠶᠢᠭᠤᠯᠤᠯᠲᠠ︾ ᠶᠢ ᠶᠡᠬᠡᠪᠡᠷ ᠠᠬᠢᠭᠤᠯᠵᠤ᠂ ᠰᠢᠨ᠎ᠡ | ᠬᠤᠷᠴᠠ ᠰᠢᠷᠦᠭᠦᠨ ᠲᠣᠨᠤᠭ ᠲᠥᠬᠦᠭᠡᠷᠦᠮᠵᠢ᠂ ᠮᠡᠷᠭᠡᠵᠢᠯ ᠤᠨ ᠠᠷᠭ᠎ᠠ ᠪᠠᠷᠢᠯ ᠤᠨ ᠪᠠᠶᠢᠭᠤᠯᠤᠯᠲᠠ ᠶᠢ ᠤᠯᠠᠮᠵᠢᠯᠠᠯᠲᠤ ᠨᠡᠭᠦᠳᠡᠯ ᠠᠷᠠᠳ ᠤᠨ ᠬᠠᠮᠢᠶᠠᠷᠤᠯᠲᠠ ᠶᠢᠨ ᠠᠷᠭ᠎ᠠ | ᠪᠠᠷᠢᠯ ᠲᠠᠢ ᠨᠢᠭᠲᠠ ᠤᠶᠠᠯᠳᠤᠭᠤᠯᠵᠤ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ︽ᠵᠡᠪᠰᠡᠭ ᠤᠨ ᠬᠥᠮᠥᠷᠭᠡ︾ ᠪᠠ ᠳᠠᠶᠢᠰᠤᠨ ᠢ ᠳᠠᠷᠤᠵᠤ ᠢᠯᠠᠯᠲᠠ ᠣᠯᠬᠤ ︽ | ᠣᠨᠴᠠ ᠡᠷᠳᠡᠮ︾ ᠢ ᠲᠠᠰᠤᠷᠠᠯᠲᠠ ᠥᠬᠡᠶ ᠪᠠᠶᠠᠯᠢᠭᠵᠢᠭᠤᠯᠪᠠ᠃ | ᠡᠭᠦᠷᠭᠡ ᠬᠠᠷᠢᠭᠤᠴᠠᠯᠭ᠎ᠠ ᠮᠣᠷᠳᠠᠬᠤ ᠶᠢ ᠱᠠᠭᠠᠷᠳᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠨ᠎ᠠ᠃ ᠥᠪᠥᠷ ᠮᠣᠩᠭᠤᠯ ᠨᠡᠩ ᠪᠣᠳᠠᠲᠠᠢ ᠰᠤᠷᠲᠠᠯ᠂ ᠨᠡᠩ ᠬᠦᠴᠦᠲᠡᠢ | ᠠᠷᠭ᠎ᠠ ᠬᠡᠮᠵᠢᠶ᠎ᠡ ᠪᠠᠷ ᠬᠢᠯᠢ ᠬᠢᠵᠠᠭᠠᠷ ᠣᠷᠣᠨ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠨᠠᠢᠮᠠᠨ ᠮᠢᠩᠭᠠᠨ ᠭᠠᠵᠠᠷ ᠤᠨ ᠬᠢᠯᠢ ᠶᠢᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠵᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ᠃ | |